Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠢᠲ᠋ᠠᠯᠢ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠮᠣᠷᠳᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠰᠧᠷᠵᠢᠣ᠋ ᠮᠠᠲ᠋ᠲ᠋ᠠᠷᠧᠯᠯᠠ ᠢᠢᠨ ᠤᠷᠢᠯᠭ᠎ᠠ ᠪᠠᠷ ᠒᠐᠒᠕ ᠣᠨ ᠤ ᠑᠒ ᠳ᠋ᠤᠭᠠᠷ ᠰᠠᠷ᠎ᠠ ᠢᠢᠨ ᠐᠑-᠐᠓ ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠡᠬᠡ ᠣᠷᠤᠨ ᠠᠴᠠ ᠪᠠᠨ ᠮᠣᠷᠳᠠᠯ᠎ᠠ᠃

ᠡᠨᠡ ᠠᠢᠢᠯᠴᠢᠯᠠᠯ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠢᠲ᠋ᠠᠯᠢ ᠤᠯᠤᠰ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠕᠕ ᠵᠢᠯ ᠦᠨ ᠣᠢ ᠢᠢᠨ ᠬᠦᠷᠢᠶᠡᠨ ᠳᠥ ᠪᠣᠯᠵᠤ ᠪᠠᠢᠢᠨ᠎ᠠ᠃

ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠶᠡᠷᠦᠩᠬᠡᠢᠢᠯᠡᠭᠴᠢ ᠭᠠᠭᠴᠠᠭᠠᠷᠴᠢᠯᠠᠭᠰᠠᠨ ᠠᠭᠤᠯᠵᠠᠯᠲᠠ ᠪᠣᠯᠤᠨ ᠠᠯᠪᠠᠨ ᠶᠣᠰᠤᠨ ᠤ ᠬᠡᠯᠡᠯᠴᠡᠭᠡ ᠬᠢᠨ᠎ᠡ᠃ ᠶᠡᠷᠦᠩᠬᠡᠢᠢᠯᠡᠭᠴᠢ ᠤ·ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠲᠥᠯᠦᠭᠡᠯᠡᠭᠴᠢᠳ ᠦᠨ ᠲᠠᠩᠬᠢᠮ ᠤᠨ ᠶᠡᠷᠦᠩᠬᠡᠢᠢᠯᠡᠭᠴᠢ ᠯᠣᠷᠧᠨ᠋ᠽᠣ᠋ ᠹᠣᠨ᠋ᠲ᠋ᠠᠨᠠ ᠪᠠᠷᠠᠭᠠᠯᠬᠠᠨ᠎ᠠ᠃

ᠠᠢᠢᠯᠴᠢᠯᠠᠯ ᠤᠨ ᠬᠦᠷᠢᠶᠡᠨ ᠳᠥ ᠤᠯᠠᠮᠵᠢᠯᠠᠯᠲᠤ᠂ ᠨᠠᠢᠢᠷᠰᠠᠭ ᠬᠠᠷᠢᠯᠴᠠᠭᠠᠨ ᠤ ᠲᠥᠪᠰᠢᠨ ᠢ ᠠᠬᠢᠭᠤᠯᠬᠤ ᠢᠢᠨ ᠵᠡᠷᠭᠡᠴᠡᠭᠡ ᠰᠣᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠡᠷᠦᠳᠡᠰᠦ ᠪᠠᠶᠠᠯᠢᠭ᠂ ᠳᠡᠳ᠋ ᠪᠦᠲᠦᠴᠡ᠂ ᠢᠷᠭᠡᠨ ᠦ ᠬᠠᠮᠠᠭᠠᠯᠠᠯ᠂ ᠣᠷᠤᠨ ᠨᠤᠲᠤᠭ ᠤᠨ ᠬᠥᠭ᠍ᠵᠢᠯ᠂ ᠰᠫᠣᠷᠲ᠂ ᠠᠶᠠᠯᠠᠯ ᠵᠢᠭᠤᠯᠴᠢᠯᠠᠯ᠂ ᠣᠯᠠᠨ ᠨᠡᠢᠢᠲᠡ ᠢᠢᠨ ᠬᠡᠪᠯᠡᠯ ᠮᠡᠳᠡᠭᠡᠯᠡᠯ ᠵᠡᠷᠭᠡ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠑᠐ ᠭᠠᠷᠤᠶ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠬᠤ ᠪᠠᠷ ᠲᠥᠯᠦᠪᠯᠡᠵᠦ ᠪᠠᠢᠢᠨ᠎ᠠ᠃

ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠕᠕ ᠵᠢᠯ ᠦᠨ ᠣᠢ ᠢᠢ ᠲᠣᠬᠢᠶᠠᠯᠳᠤᠭᠤᠯᠤᠨ ᠷᠣᠮᠡ ᠬᠣᠲᠠᠨ᠎ᠠ ᠮᠣᠩ᠋ᠭᠤᠯ ᠤᠯᠤᠰ ᠤᠨ ᠹᠢᠯᠠᠷᠮᠣᠨᠢ ᠢᠢᠨ ᠮᠣᠷᠢᠨ ᠬᠤᠭᠤᠷ ᠨᠠᠢᠢᠷᠠᠯ ᠬᠥᠭ᠍ᠵᠢᠮ ᠤᠷᠠᠨ ᠪᠦᠲᠦᠭᠡᠯ ᠢᠶᠡᠨ ᠲᠣᠯᠢᠯᠠᠭᠤᠯᠵᠤ᠂ ᠠᠵᠤ ᠠᠬᠤᠶ ᠢᠢᠨ ᠨᠢᠭᠡᠴᠡ ᠨᠤᠭᠦᠳ ᠬᠠᠮᠲᠤᠷᠠᠨ ᠪᠢᠽᠢᠨᠧᠰ ᠹᠣᠷᠦᠢᠮ ᠵᠣᠬᠢᠶᠠᠨ᠎ᠠ᠃

ᠮᠣᠩ᠋ᠭᠤᠯ ᠤᠯᠤᠰ ᠠᠴᠠ ᠒᠐᠐᠐ ᠣᠨ ᠳᠤ ᠶᠡᠷᠦᠩᠬᠡᠢᠢᠯᠡᠭᠴᠢ ᠨᠠ᠊·ᠪᠠᠭᠠᠪᠠᠨᠳᠢ ᠠᠵᠢᠯ ᠤᠨ᠂ ᠒᠐᠑᠑ ᠣᠨ ᠳᠤ ᠶᠡᠷᠦᠩᠬᠡᠢᠢᠯᠡᠭᠴᠢ ᠴᠠ᠊·ᠡᠯᠪᠡᠭᠳᠣᠷᠵᠢ ᠠᠯᠪᠠᠨ ᠶᠣᠰᠤᠨ ᠤ ᠠᠢᠢᠯᠴᠢᠯᠠᠯ ᠬᠢᠵᠦ ᠪᠠᠢᠢᠭᠰᠠᠨ᠃

ᠬᠣᠶᠠᠷ ᠤᠯᠤᠰ ᠑᠙᠗᠐ ᠣᠨ ᠤ ᠐᠖ ᠳ᠋ᠤᠭᠠᠷ ᠰᠠᠷ᠎ᠠ ᠢᠢᠨ ᠒᠙ ᠤ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠲᠡᠦᠬᠡ ᠲᠡᠢ᠃ ᠮᠠᠨ ᠤ ᠤᠯᠤᠰ ᠒᠐᠑᠑ ᠣᠨ ᠤ ᠑᠐ ᠳ᠋ᠤᠭᠠᠷ ᠰᠠᠷ᠎ᠠ ᠳᠤ ᠷᠣᠮᠡ ᠬᠣᠲᠠᠨ᠎ᠠ᠂ ᠢᠲ᠋ᠠᠯᠢ ᠤᠯᠤᠰ ᠒᠐᠑᠖ ᠣᠨ ᠤ ᠐᠗ ᠳ᠋ᠤᠭᠠᠷ ᠰᠠᠷ᠎ᠠ ᠳᠤ ᠤᠯᠠᠭᠠᠨᠪᠠᠭᠠᠲᠤᠷ ᠬᠣᠲᠠᠨ᠎ᠠ ᠡᠯᠴᠢᠨ ᠰᠠᠢᠢᠳ ᠤᠨ ᠶᠠᠮᠤᠨ ᠢᠶᠠᠨ ᠨᠡᠭᠡᠭᠡᠭ᠍ᠰᠡᠨ ᠶᠤᠮ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠭᠡᠭᠡᠨ ᠰᠢᠷᠡᠭᠡᠲᠦ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠮᠣᠷᠳᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠭᠡᠨ ᠰᠢᠷᠡᠭᠡᠲᠦ ᠤᠯᠤᠰ ᠤᠨ ᠲᠥᠷᠦ ᠢᠢᠨ ᠲᠡᠷᠢᠭᠦᠨ᠂ ᠫᠠᠫ XIV ᠯᠧᠣ᠋ ᠢᠢᠨ ᠤᠷᠢᠯᠭ᠎ᠠ ᠪᠠᠷ ᠒᠐᠒᠕ ᠣᠨ ᠤ ᠑᠒ ᠳ᠋ᠤᠭᠠᠷ ᠰᠠᠷ᠎ᠠ ᠢᠢᠨ ᠐᠔ ᠤ ᠡᠳᠦᠷ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃

ᠲᠥᠷᠦ ᠢᠢᠨ ᠠᠢᠢᠯᠴᠢᠯᠠᠯ ᠨᠢ ᠮᠣᠩ᠋ᠭᠤᠯ ᠤᠯᠤᠰ ᠤᠨ ᠲᠥᠷᠦ ᠢᠢᠨ ᠲᠡᠷᠢᠭᠦᠨ ᠦ ᠲᠥᠪᠰᠢᠨ ᠳᠥ ᠲᠤᠰ ᠤᠯᠤᠰ ᠲᠤ ᠑᠔ ᠵᠢᠯ ᠦᠨ ᠳᠠᠷᠠᠭ᠎ᠠ ᠬᠢᠵᠦ ᠪᠤᠢ ᠠᠢᠢᠯᠴᠢᠯᠠᠯ ᠶᠤᠮ᠃

ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠲᠥᠷᠦ ᠢᠢᠨ ᠲᠡᠷᠢᠭᠦᠨ ᠠᠯᠪᠠᠨ ᠶᠣᠰᠤᠨ ᠤ ᠠᠭᠤᠯᠵᠠᠯᠲᠠ ᠬᠢᠬᠦ ᠪᠥᠭᠡᠳ ᠶᠡᠷᠦᠩᠬᠡᠢᠢᠯᠡᠭᠴᠢ ᠤ·ᠬᠦᠷᠡᠯᠰᠦ᠋ᠬᠡ ᠳᠥ ᠭᠡᠭᠡᠨ ᠰᠢᠷᠡᠭᠡᠲᠦ ᠤᠯᠤᠰ ᠤᠨ ᠲᠥᠷᠦ ᠢᠢᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠻᠠᠷᠳᠢᠨᠠᠯ ᠫᠢᠧᠲ᠋ᠷᠣ᠋ ᠫᠠᠷᠣᠯᠢᠨ ᠪᠠᠷᠠᠭᠠᠯᠬᠠᠨ᠎ᠠ᠃

ᠮᠠᠨ ᠤ ᠤᠯᠤᠰ ᠭᠡᠭᠡᠨ ᠰᠢᠷᠡᠭᠡᠲᠦ ᠤᠯᠤᠰ ᠲᠠᠢ ᠑᠙᠙᠒ ᠣᠨ ᠤ ᠐᠔ ᠊ᠳ᠋ᠦᠭᠡᠷ ᠰᠠᠷ᠎ᠠ ᠢᠢᠨ ᠐᠔ ᠤ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃ ᠥᠩ᠋ᠭᠡᠷᠡᠭᠰᠡᠨ ᠓᠐ ᠭᠠᠷᠤᠶ ᠵᠢᠯ ᠦᠨ ᠬᠤᠭᠤᠴᠠᠭᠠᠨ ᠳᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠰᠣᠶᠤᠯ᠂ ᠪᠣᠯᠪᠠᠰᠤᠷᠠᠯ᠂ ᠡᠷᠡᠭᠦᠯ ᠮᠡᠨᠳᠦ᠂ ᠬᠦᠮᠦᠨᠯᠢᠭ ᠦᠨ ᠰᠠᠯᠪᠤᠷᠢ ᠳᠤ ᠢᠳᠡᠪᠬᠢᠲᠡᠢ ᠥᠷᠨᠢᠵᠦ ᠪᠠᠢᠢᠨ᠎ᠠ᠃

᠒᠐᠒᠓ ᠣᠨ ᠳᠤ ᠶᠡᠷᠦᠩᠬᠡᠢᠢᠯᠡᠭᠴᠢ ᠤ·ᠬᠦᠷᠡᠯᠰᠦ᠋ᠬᠡ ᠢᠢᠨ ᠤᠷᠢᠯᠭ᠎ᠠ ᠪᠠᠷ ᠭᠡᠭᠡᠨ ᠰᠢᠷᠡᠭᠡᠲᠦ ᠤᠯᠤᠰ ᠤᠨ ᠲᠥᠷᠦ ᠢᠢᠨ ᠲᠡᠷᠢᠭᠦᠨ ᠫᠠᠫ ᠹᠷᠠᠨ᠋ᠼᠢᠰ ᠤᠨ ᠬᠢᠭ᠍ᠰᠡᠨ ᠲᠥᠷᠦ ᠢᠢᠨ ᠠᠢᠢᠯᠴᠢᠯᠠᠯ ᠬᠣᠶᠠᠷ ᠤᠯᠤᠰ ᠤᠨ ᠘᠐᠐ ᠣᠷᠴᠢᠮ ᠵᠢᠯ ᠦᠨ ᠲᠡᠦᠬᠡ ᠲᠡᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠲᠡᠦᠬᠡᠨ ᠠᠢᠢᠯᠴᠢᠯᠠᠯ ᠪᠣᠯᠤᠭᠰᠠᠨ᠃

ᠫᠠᠫ IV ᠢᠨ᠋᠊ᠨᠣᠰᠧᠨ᠋ᠲ᠋ ᠡᠴᠡ ᠑᠒᠔᠕ ᠣᠨ ᠳᠤ ᠭᠦᠶᠦᠭ ᠬᠠᠭᠠᠨ ᠳᠤ ᠪᠢᠴᠢᠭᠰᠡᠨ ᠪᠣᠯᠤᠨ ᠑᠒᠔᠖ ᠣᠨ ᠳᠤ ᠶᠡᠬᠡ ᠬᠠᠭᠠᠨ ᠠᠴᠠ ᠬᠠᠷᠢᠭᠤ ᠪᠣᠯᠭᠠᠨ ᠢᠯᠡᠭᠡᠭ᠍ᠰᠡᠨ ᠵᠠᠬᠢᠳᠠᠯ ᠨᠢ ᠬᠣᠶᠠᠷ ᠤᠯᠤᠰ ᠣᠯᠠᠨ ᠵᠠᠭᠤᠨ ᠵᠢᠯ ᠦᠨ ᠡᠮᠦᠨ᠎ᠡ ᠬᠠᠷᠢᠯᠴᠠᠵᠤ ᠪᠠᠢᠢᠭᠰᠠᠨ ᠢ ᠨᠤᠲᠠᠯᠠᠬᠤ ᠦᠨᠡᠲᠦ ᠡᠬᠢ ᠰᠤᠷᠪᠤᠯᠵᠢ ᠳᠤ ᠲᠣᠭᠠᠴᠠᠭᠳᠠᠳᠠᠭ ᠶᠤᠮ᠃