Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠳ ᠤᠨ ᠬᠣᠯᠪᠣᠭᠠᠨ ᠤ ᠶᠡᠷᠦᠩᠬᠡᠶᠢᠯᠡᠭᠴᠢ ᠵ ∙ ᠢᠨᠠᠢᠢᠱᠸᠢᠯᠢ ᠬᠦᠯᠢᠶᠡᠨ ᠠᠪᠴᠤ ᠠᠭᠤᠯᠵᠠᠯ᠎ᠠ

《ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠳ ᠤᠨ ᠬᠣᠯᠪᠣᠭ᠎ᠠ ᠪᠠᠷ ᠳᠠᠮᠵᠢᠭᠤᠯᠤᠨ ᠪᠢᠽᠢᠨ᠋᠋ᠧᠰ ᠦᠨ ᠬᠠᠮᠲᠤ ᠶᠢᠨ ᠠᠵᠢᠯᠯᠠᠭ᠎ᠠ ᠶᠢ ᠪᠠᠨ ᠥᠷᠭᠡᠵᠢᠭᠦᠯᠬᠦ》 ᠨᠢ ᠰᠡᠳᠦᠪᠲᠦ ᠣᠯᠠᠨ ᠤᠯᠤᠰ ᠤᠨ ᠴᠢᠭᠤᠯᠭ᠎ᠠ ᠠᠭᠤᠯᠵᠠᠯᠲᠠ ᠤᠯᠠᠭᠠᠨᠪᠠᠭᠠᠲᠤᠷ ᠬᠣᠲᠠ ᠳᠤ ᠵᠣᠬᠢᠶᠠᠨ ᠪᠠᠶᠢᠭᠤᠯᠤᠭᠳᠠᠵᠤ ᠪᠠᠶᠢᠨ᠎ᠠ᠃

 

ᠳᠡᠭᠡᠷᠡᠬᠢ ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠢᠷᠡᠭᠰᠡᠨ ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠳ ᠤᠨ ᠬᠣᠯᠪᠣᠭᠠᠨ ᠤ ᠶᠡᠷᠦᠩᠬᠡᠶᠢᠯᠡᠭᠴᠢ ᠵᠧᠮᠠᠯ ᠢᠨᠠᠶᠢᠱᠢᠸᠢᠯᠢ᠂ ᠲᠤᠰ ᠬᠣᠯᠪᠣᠭᠠᠨ ᠤ ᠤᠳᠤᠷᠢᠳᠤᠯᠭ᠎ᠠ ᠨᠤᠭᠤᠳ ᠪᠣᠯᠤᠨ ᠲᠣᠷᠭᠠᠨ ᠤ ᠵᠠᠮ ᠤᠨ ᠣᠯᠠᠨ ᠤᠯᠤᠰ ᠤᠨ ᠬᠤᠳᠠᠯᠳᠤᠭᠠᠨ ᠤ ᠲᠠᠩᠬᠢᠮ ᠤᠨ ᠲᠥᠯᠥᠭᠡᠯᠡᠭᠴᠢᠳ ᠥᠨᠥᠳᠥᠷ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠵᠤ᠂ ᠪᠥᠰᠡ ᠨᠤᠲᠤᠭ ᠤᠨ ᠡᠳ᠋ ᠍ ᠦᠨ ᠵᠠᠰᠠᠭ ᠤᠨ ᠠᠰᠠᠭᠤᠳᠠᠯ ᠢᠶᠠᠷ ᠶᠠᠷᠢᠯᠴᠠᠯ᠎ᠠ᠃

 

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠠᠭᠤᠨ ᠲᠦᠷᠦᠭᠦᠨ ᠳᠥ ᠮᠣᠩᠭᠣᠯ ᠤᠯᠤᠰ ᠲᠤ ᠠᠶᠢᠯᠴᠢᠯᠠᠨ ᠢᠷᠡᠭᠰᠡᠨ ᠵᠣᠴᠢᠳ ᠢ ᠲᠠᠪᠠᠲᠠᠢ ᠮᠣᠷᠢᠯᠠᠬᠤ ᠶᠢ ᠬᠦᠰᠡᠭᠡᠳ᠂ ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠳ ᠤᠨ ᠬᠣᠯᠪᠣᠭᠠᠨ ᠤ ᠶᠡᠷᠦᠩᠬᠡᠶᠢᠯᠡᠭᠴᠢ ᠶᠢᠨ ᠮᠣᠩᠭᠣᠯ ᠤᠯᠤᠰ ᠲᠤ ᠬᠢᠵᠦ ᠪᠤᠢ ᠠᠶᠢᠯᠴᠢᠯᠠᠯ ᠤᠨ ᠬᠦᠷᠢᠶᠡᠨ ᠳᠥ ᠵᠣᠬᠢᠶᠠᠨ ᠪᠠᠶᠢᠭᠤᠯᠤᠭᠳᠠᠬᠤ ᠪᠢᠽᠢᠨ᠋᠋ᠧᠰ ᠠᠭᠤᠯᠵᠠᠯᠲᠠ ᠨᠤᠭᠤᠳ ᠤᠨ ᠦᠶ᠎ᠡ ᠪᠡᠷ ᠬᠣᠶᠠᠷ ᠲᠠᠯ᠎ᠠ ᠶᠢᠨ ᠪᠢᠽᠢᠨ᠋᠋ᠧᠰ ᠡᠷᠬᠢᠯᠡᠭᠴᠢᠳ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭᠠᠨ ᠤ ᠭᠠᠷᠤᠭ᠎ᠠ ᠪᠠᠨ ᠡᠬᠢᠯᠡᠨ᠎ᠡ ᠭᠡᠳᠡᠭ ᠲᠥ ᠨᠠᠶᠢᠳᠠᠵᠤ ᠪᠤᠢ ᠶᠢ ᠪᠠᠨ ᠬᠡᠯᠡᠯ᠎ᠡ᠃

 

ᠮᠥᠨ ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠡᠳ᠋ ᠍ ᠦᠨ ᠵᠠᠰᠠᠭ ᠤᠨ ᠬᠥᠭ᠍ᠵᠢᠯ ᠦᠨ ᠠᠰᠠᠭᠤᠳᠠᠯ ᠢ ᠬᠥᠨᠳᠡᠨ ᠶᠠᠷᠢᠵᠤ᠂ ᠲᠥᠷᠥᠯᠵᠢᠵᠦ ᠴᠢᠳᠠᠬᠤ ᠦᠭᠡᠢ ᠪᠠᠶᠢᠭ᠎ᠠ ᠮᠣᠩᠭᠣᠯ ᠤᠯᠤᠰ ᠤᠨ ᠡᠳ᠋ ᠍ ᠦᠨ ᠵᠠᠰᠠᠭ ᠢ ᠲᠥᠷᠦᠯᠵᠢᠭᠦᠯᠬᠦ ᠪᠣᠯᠤᠮᠵᠢ ᠲᠠᠢ ᠰᠠᠯᠪᠤᠷᠢ ᠶᠢᠨ ᠠᠰᠠᠭᠤᠳᠠᠯ ᠢᠶᠠᠷ ᠶᠠᠷᠢᠯᠴᠠᠭᠰᠠᠨ ᠶᠤᠮ᠃ ᠲᠤᠬᠠᠶᠢᠯᠠᠪᠠᠯ᠂ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ᠂ ᠥᠨᠳᠥᠷ ᠲᠧᠭᠨᠣᠯᠣᠭᠢ ᠶᠢᠨ ᠰᠠᠯᠪᠤᠷᠢ ᠳᠤ ᠪᠢᠽᠢᠨ᠋᠋ᠧᠰ ᠡᠬᠢᠯᠡᠭᠦᠯᠬᠦ᠂ ᠥᠷᠭᠡᠵᠢᠭᠦᠯᠬᠦ ᠪᠣᠯᠤᠮᠵᠢ ᠥᠨᠳᠥᠷ ᠪᠤᠢ ᠶᠢ ᠳᠤᠷᠠᠳᠴᠤ᠂ ᠣᠷᠣᠰ ᠤᠨ ᠬᠣᠯᠪᠣᠭᠠᠨ ᠤ ᠤᠯᠤᠰ ᠠᠴᠠ ᠦᠵᠡᠭᠦᠯᠬᠦ ᠳᠠᠮᠵᠢᠨ ᠥᠩᠭᠡᠷᠡᠬᠦ ᠲᠡᠭᠡᠭᠡᠪᠦᠷᠢ ᠶᠢᠨ ᠲᠠᠷᠢᠹ ᠤᠨ ᠬᠥᠩᠭᠡᠯᠡᠯᠲᠡ᠂ ᠪᠤᠰᠤᠳ ᠤᠯᠤᠰ ᠤᠨ ᠮᠣᠩᠭᠣᠯ ᠤᠯᠤᠰ ᠲᠤ ᠦᠵᠡᠭᠦᠯᠵᠦ ᠪᠤᠢ ᠭᠠᠶᠢᠯᠢ ᠶᠢᠨ ᠲᠠᠲᠠᠪᠤᠷᠢ ᠶᠢᠨ ᠳᠡᠮᠵᠢᠯᠭᠡ ᠵᠡᠷᠭᠡ ᠶᠢᠨ ᠪᠢᠽᠢᠨ᠋᠋ᠧᠰ ᠲᠥ ᠨᠦᠯᠦᠭᠡᠯᠡᠬᠦ ᠦᠷ᠎ᠡ᠂ ᠥᠭ᠍ᠭᠦᠭᠡᠵᠢ ᠶᠢᠨ ᠠᠰᠠᠭᠤᠳᠠᠯ ᠢ ᠬᠥᠨᠳᠡᠨ ᠶᠠᠷᠢᠪᠠ᠃

 

ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠳ ᠤᠨ ᠪᠣᠯᠤᠨ ᠲᠣᠷᠭᠠᠨ ᠤ ᠵᠠᠮ ᠤᠨ ᠣᠯᠠᠨ ᠤᠯᠤᠰ ᠤᠨ ᠬᠤᠳᠠᠯᠳᠤᠭᠠᠨ ᠤ ᠲᠠᠩᠬᠢᠮ ᠤᠨ ᠲᠥᠯᠥᠭᠡᠯᠡᠭᠴᠢᠳ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠢ ᠮᠣᠩᠭᠣᠯ ᠣᠷᠣᠨ᠂ ᠲᠡᠭᠦᠨ ᠦ ᠣᠨᠴᠠᠯᠢᠭ ᠲᠤ ᠲᠣᠬᠢᠷᠠᠭᠰᠠᠨ ᠪᠢᠽᠢᠨ᠋᠋ᠧᠰ ᠦᠨ ᠠᠰᠠᠭᠤᠳᠠᠯ ᠢᠶᠠᠷ ᠥᠷᠭᠡᠨ ᠰᠡᠳᠦᠪ ᠬᠥᠨᠳᠡᠨ ᠶᠠᠷᠢᠯᠴᠠᠭᠰᠠᠨ ᠳᠤ ᠲᠠᠯᠠᠷᠬᠠᠯ ᠢᠯᠡᠷᠬᠡᠶᠢᠯᠡᠵᠦ᠂ ᠵᠥᠪᠯᠡᠭᠡ᠂ ᠲᠤᠷᠰᠢᠯᠭ᠎ᠠ ᠨᠢ ᠬᠠᠮᠲᠤ ᠶᠢᠨ ᠠᠵᠢᠯᠯᠠᠭ᠎ᠠ᠂ ᠴᠠᠭᠠᠰᠢᠳᠠ ᠶᠢᠨ ᠠᠵᠢᠯ ᠳᠤ ᠨᠢ ᠡᠶᠡᠷᠭᠦ ᠪᠡᠷ ᠨᠥᠯᠥᠭᠡᠯᠡᠬᠦ ᠶᠢ ᠬᠡᠯᠡᠪᠡ᠃

 

ᠮᠥᠨ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠢᠨ ᠳᠤᠷᠠᠳᠤᠭᠰᠠᠨ ᠰᠠᠯᠪᠤᠷᠢ ᠳᠤ ᠪᠣᠭᠣᠨᠢ ᠬᠤᠭᠤᠴᠠᠭᠠᠨ ᠳᠤ ᠠᠮᠵᠢᠯᠲᠠ ᠭᠠᠷᠭᠠᠬᠤ ᠶᠢᠨ ᠲᠥᠯᠥᠭᠡ ᠬᠢᠴᠢᠶᠡᠨ ᠠᠵᠢᠯᠯᠠᠬᠤ ᠪᠠᠨ ᠬᠡᠯᠡᠭᠡᠳ ᠹᠣᠷᠣᠢᠮ ᠤᠨ ᠦᠶ᠎ᠡ ᠪᠡᠷ ᠮᠣᠩᠭᠣᠯ ᠤᠨ ᠣᠨᠴᠠᠯᠢᠭ ᠢ ᠲᠤᠰᠬᠠᠭᠰᠠᠨ ᠠᠰᠠᠭᠤᠳᠠᠯ ᠢ ᠶᠠᠷᠢᠯᠴᠠᠬᠤ ᠰᠠᠨᠠᠯ ᠢ ᠨᠤᠬᠤᠴᠠᠲᠠᠢ ᠠᠪᠴᠤ ᠦᠵᠡᠬᠦ ᠪᠡᠨ ᠢᠯᠡᠷᠬᠡᠶᠢᠯᠡᠯ᠎ᠡ᠃