ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠰᠧᠷᠵᠢᠣ᠋ ᠮᠠᠲ᠋ᠲ᠋ᠠᠷᠧᠯᠯᠠᠠ ᠢᠢᠨ ᠤᠷᠢᠯᠭ᠎ᠠ ᠪᠠᠷ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠭᠡᠷᠭᠡᠶ ᠯᠤ᠊·ᠪᠣᠯᠤᠷᠴᠡᠴᠡᠭ᠌ ᠨᠠᠷ ᠢ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠰᠧᠷᠵᠢᠣ᠋ ᠮᠠᠲ᠋ᠲ᠋ᠠᠷᠧᠯᠯᠠᠠ᠂ ᠲᠡᠷᠢᠭᠦᠨ ᠬᠠᠲᠤᠭᠲᠠᠶ ᠯᠠ᠊ᠦ᠋ᠷᠠ ᠮᠠᠲ᠋ᠲ᠋ᠠᠷᠧᠯᠯᠠᠠ ᠨᠠᠷ ᠠᠯᠪᠠᠨ ᠶᠣᠰᠤᠭᠠᠷ ᠤᠭᠲᠤᠵᠤ ᠠᠪᠤᠯ᠎ᠠ᠃


ᠶᠡᠷᠦᠩᠬᠡᠢᠢᠯᠡᠭᠴᠢ ᠤ·ᠬᠦᠷᠡᠯᠰᠦ᠋ᠬᠡ᠂ ᠭᠡᠷᠭᠡᠶ ᠯᠤ᠊·ᠪᠣᠯᠤᠷᠴᠡᠴᠡᠭ᠌ ᠨᠠᠷ ᠢ ᠶᠡᠷᠦᠩᠬᠡᠢᠢᠯᠡᠭᠴᠢ ᠢᠢᠨ «ᠻᠦᠢᠷᠢᠨᠠᠯᠧ» ᠣᠷᠳᠤᠨ ᠳᠤ ᠬᠦᠷᠦᠯᠴᠡᠨ ᠢᠷᠡᠬᠦ ᠳᠥ ᠦᠯᠢᠶᠡᠪᠦᠷᠢ ᠬᠥᠭ᠍ᠵᠢᠮ᠂ ᠲᠥᠷᠦ ᠢᠢᠨ ᠬᠦᠨᠳᠦᠲᠦ ᠬᠠᠷᠠᠭᠤᠯ᠂ ᠮᠣᠷᠢᠲᠤ ᠴᠡᠷᠢᠭ ᠦᠳ ᠵᠢᠭ᠌ᠰᠠᠭᠰᠠᠨ ᠪᠠᠢᠢᠯ᠎ᠠ᠃
ᠶᠡᠷᠦᠩᠬᠡᠢᠢᠯᠡᠭᠴᠢ ᠰᠧᠷᠵᠢᠣ᠋ ᠮᠠᠲ᠋ᠲ᠋ᠠᠷᠧᠯᠯᠠᠠ᠂ ᠲᠡᠷᠢᠭᠦᠨ ᠬᠠᠲᠤᠭᠲᠠᠶ ᠯᠠ᠊ᠦ᠋ᠷᠠ ᠮᠠᠲ᠋ᠲ᠋ᠠᠷᠧᠯᠯᠠᠠ ᠨᠠᠷ ᠤᠭᠲᠤᠨ ᠮᠡᠨᠳᠦᠴᠢᠯᠡᠭᠰᠡᠨ ᠦ ᠳᠠᠷᠠᠭ᠎ᠠ ᠬᠥᠭ᠍ᠵᠢᠮ ᠳᠥ ᠬᠣᠶᠠᠷ ᠣᠷᠤᠨ ᠤ ᠲᠥᠷᠦ ᠢᠢᠨ ᠳᠠᠭᠤᠯᠠᠯ ᠡᠭᠡᠰᠢᠭᠯᠡᠪᠡ᠃ ᠡᠨᠡ ᠦᠶ᠎ᠡ ᠪᠡᠷ ᠶᠡᠷᠦᠩᠬᠡᠢᠢᠯᠡᠭᠴᠢ ᠢᠢᠨ ᠣᠷᠳᠤᠨ ᠤ ᠳᠡᠭᠡᠷ᠎ᠡ ᠮᠣᠩ᠋ᠭᠤᠯ ᠤᠯᠤᠰ ᠤᠨ ᠲᠥᠷᠦ ᠢᠢᠨ ᠳᠠᠯᠪᠠᠭ᠎ᠠ ᠢᠢ ᠮᠠᠨᠳᠤᠭᠤᠯᠤᠯ᠎ᠠ᠃

ᠬᠦᠨᠳᠦᠲᠦ ᠬᠠᠷᠠᠭᠤᠯ ᠤᠨ ᠳᠠᠷᠤᠭ᠎ᠠ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠣᠶᠠᠷ ᠤᠯᠤᠰ ᠤᠨ ᠲᠥᠷᠦ ᠢᠢᠨ ᠲᠡᠷᠢᠭᠦᠨ ᠬᠦᠨᠳᠦᠲᠦ ᠬᠠᠷᠠᠭᠤᠯ ᠤᠨ ᠲᠤᠭ ᠲᠤ ᠬᠦᠨᠳᠦᠳᠬᠡᠯ ᠦᠵᠡᠭᠦᠯᠦᠯ᠎ᠡ᠃
ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠰᠧᠷᠵᠢᠣ᠋ ᠮᠠᠲ᠋ᠲ᠋ᠠᠷᠧᠯᠯᠠᠠ ᠡᠷᠬᠡ ᠵᠦᠢᠴᠢ ᠮᠡᠷᠭᠡᠵᠢᠯ ᠲᠡᠢ᠃ ᠫᠠᠯᠧᠷᠮᠣ᠋ ᠬᠣᠲᠠ ᠢᠢᠨ ᠶᠡᠬᠡ ᠰᠤᠷᠭᠠᠭᠤᠯᠢ ᠳᠤ ᠪᠠᠭᠰᠢ᠂ ᠫᠠᠷᠯᠠᠮᠧᠨ᠋ᠲ ᠤᠨ ᠬᠡᠳᠦ ᠬᠡᠳᠦᠨ ᠻᠣᠮᠢᠰᠰ ᠤᠨ ᠭᠡᠰᠢᠭᠦᠨ᠂ ᠳᠠᠷᠤᠭ᠎ᠠ᠂ ᠫᠠᠷᠯᠠᠮᠧᠨ᠋ᠲ ᠤᠨ ᠲᠥᠯᠦᠭᠡᠯᠡᠭᠴᠢᠳ ᠦᠨ ᠲᠡᠷᠢᠭᠦᠨ᠂ ᠪᠣᠯᠪᠠᠰᠤᠷᠠᠯ ᠤᠨ ᠰᠠᠢᠢᠳ᠂ ᠰᠢᠳᠠᠷ ᠰᠠᠢᠢᠳ᠂ ᠪᠠᠲᠤᠯᠠᠨ ᠬᠠᠮᠠᠭᠠᠯᠠᠬᠤ ᠢᠢᠨ ᠰᠠᠢᠢᠳ᠂ ᠫᠠᠷᠯᠠᠮᠧᠨ᠋ᠲ ᠤᠨ ᠬᠠᠤᠯᠢ ᠢᠢᠨ ᠵᠠᠬᠢᠷᠭᠠᠨ ᠤ ᠵᠥᠪᠯᠡᠯ ᠦᠨ ᠳᠡᠳ᠋ ᠶᠡᠷᠦᠩᠬᠡᠢᠢᠯᠡᠭᠴᠢ᠂ ᠦᠨᠳᠦᠰᠦᠨ ᠬᠠᠤᠯᠢ ᠢᠢᠨ ᠰᠢᠭᠦᠬᠦ ᠢᠢᠨ ᠭᠡᠰᠢᠭᠦᠨ ᠵᠡᠷᠭᠡ ᠠᠯᠪᠠ ᠬᠠᠰᠢᠵᠤ ᠪᠠᠢᠢᠭᠰᠠᠨ᠃
᠒᠐᠑᠕-᠒᠐᠒᠒ ᠣᠨ ᠳᠤ ᠶᠡᠷᠦᠩᠬᠡᠢᠢᠯᠡᠭᠴᠢ ᠪᠡᠷ ᠠᠵᠢᠯᠯᠠᠵᠤ ᠪᠠᠢᠢᠭᠠᠳ ᠒᠐᠒᠒ ᠣᠨ ᠳᠤ ᠳᠠᠬᠢᠨ ᠳᠣᠯᠤᠭᠠᠨ ᠵᠢᠯ ᠢᠶᠡᠷ ᠰᠣᠩ᠋ᠭᠤᠭᠳᠠᠭᠰᠠᠨ᠃ ᠤᠯᠤᠰ ᠤᠨ ᠢᠶᠠᠨ ᠑᠒ ᠳ᠋ᠠᠬᠢ ᠲᠥᠷᠦ ᠢᠢᠨ ᠲᠡᠷᠢᠭᠦᠨ᠂ ᠳᠠᠬᠢᠨ ᠰᠣᠩ᠋ᠭᠤᠭᠳᠠᠭᠰᠠᠨ ᠬᠣᠶᠠᠷ ᠳ᠋ᠠᠬᠢ ᠶᠡᠷᠦᠩᠬᠡᠢᠢᠯᠡᠭᠴᠢ ᠶᠤᠮ ᠪᠠᠢᠢᠨ᠎ᠠ᠃

ᠶᠡᠷᠦᠩᠬᠡᠢᠢᠯᠡᠭᠴᠢ ᠢᠢᠨ «ᠻᠦᠢᠷᠢᠨᠠᠯᠧ» ᠣᠷᠳᠤᠨ ᠢ ᠮᠠᠨ ᠤ ᠡᠷᠢᠨ ᠦ ᠡᠮᠦᠨᠡᠬᠢ IV ᠵᠠᠭᠤᠨ ᠳᠤ ᠡᠷᠡᠭᠦᠯ ᠮᠡᠨᠳᠦ ᠢᠢ ᠬᠠᠮᠠᠭᠠᠯᠠᠭᠴᠢ ᠻᠦᠢᠷᠢᠨ ᠬᠡᠮᠡᠬᠦ ᠪᠤᠷᠬᠠᠨ ᠳᠤ ᠵᠣᠷᠢᠭᠤᠯᠤᠨ ᠪᠣᠰᠬᠠᠭᠰᠠᠨ ᠰᠦᠮ᠎ᠡ ᠢᠢᠨ ᠨᠡᠷ᠎ᠡ ᠪᠡᠷ ᠨᠡᠷᠡᠯᠡᠭᠰᠡᠨ ᠪᠠᠢᠢᠨ᠎ᠠ᠃
ᠣᠷᠳᠤᠨ ᠤ ᠰᠠᠭᠤᠷᠢ ᠢᠢ XV ᠵᠠᠭᠤᠨ ᠤ ᠦᠶ᠎ᠡ ᠳᠥ ᠲᠠᠯᠪᠢᠭᠰᠠᠨ ᠪᠥᠭᠡᠳ ᠫᠠᠫ XIII ᠭᠷᠧᠭᠣᠷᠢ ᠑᠕᠘᠓-᠑᠕᠘᠕ ᠣᠨ ᠤ ᠬᠣᠭᠤᠷᠤᠨᠳᠤ᠂ ᠫᠠᠫ V ᠰᠢᠻᠲ᠋ᠧ ᠑᠕᠘᠗ ᠣᠨ ᠳᠤ ᠦᠷᠭᠡᠳᠬᠡᠨ ᠵᠠᠰᠠᠪᠤᠷᠢᠯᠠᠵᠤ ᠪᠠᠢᠢᠵᠠᠶ᠃
ᠢᠲ᠋ᠠᠯᠢ ᠢᠢᠨ ᠬᠠᠭᠠᠨᠲᠤ ᠤᠯᠤᠰ ᠑᠘᠗᠐ ᠣᠨ ᠳᠤ ᠷᠣᠮᠡ ᠢᠢ ᠨᠢᠭᠡᠳᠬᠡᠬᠦ ᠦᠶ᠎ᠡ ᠳᠥ ᠡᠨᠡ ᠣᠷᠳᠤᠨ ᠬᠠᠭᠠᠨ ᠤ ᠥᠷᠭᠦᠭᠡ ᠪᠣᠯᠤᠭᠰᠠᠨ ᠲᠡᠦᠬᠡ ᠲᠡᠢ᠃



