Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠡᠯᠴᠢᠨ ᠰᠠᠶᠢᠳ ᠢᠶᠠᠷ ᠲᠣᠮᠢᠯᠠᠭᠳᠠᠭᠰᠠᠨ ᠸᠴ᠊ ∙ ᠡᠩᠬᠡᠴᠡᠴᠡᠭ᠂ ᠢ‍ ∙ ᠠᠷᠢᠭᠤᠨᠪᠣᠯᠤᠳ᠂ ᠨ ∙ ᠲᠤᠯᠭ᠎ᠠ ᠨᠠᠷᠠᠲᠤ ᠢᠲᠡᠭᠡᠮᠵᠢᠯᠡᠬᠦ ᠵᠢᠭᠤᠬᠤ ᠪᠢᠴᠢᠭ ᠢ ᠨᠢ ᠭᠠᠷᠳᠠᠭᠤᠯᠤᠯ᠎ᠠ

ᠱᠸᠧᠳ᠋ ᠤᠨ ᠸᠠᠩᠲᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠲᠣᠮᠢᠯᠠᠭᠳᠠᠭᠰᠠᠨ ᠸᠴᠢᠷ ᠤᠨ ᠡᠩᠬᠡᠴᠡᠴᠡᠭ᠂ ᠺᠠᠨᠠᠳ᠋ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠲᠣᠮᠢᠯᠠᠭᠳᠠᠭᠰᠠᠨ ᠢᠳᠠᠮ ᠠ᠋ ᠢᠢᠨ ᠠᠷᠢᠭᠤᠨᠪᠣᠯᠤᠳ᠂ ᠶᠡᠬᠡ ᠪᠷᠢᠲ᠋ᠠᠨᠢ᠂ ᠤᠮᠠᠷᠠᠳᠤ ᠢᠷᠯᠠᠨ᠋ᠳ᠋ ᠍ ᠤᠨ ᠨᠢᠭᠡᠳᠦᠭᠰᠡᠨ ᠸᠠᠩᠲᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠤ ᠡᠯᠴᠢᠨ ᠰᠠᠢᠢᠳ ᠢᠶᠠᠷ ᠲᠣᠮᠢᠯᠠᠭᠳᠠᠭᠰᠠᠨ ᠨᠠᠷᠠᠬᠦᠦ ᠢᠢᠨ ᠲᠤᠯᠭ᠎ᠠ ᠨᠠᠷ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠵᠤ᠂ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠭᠠᠷᠳᠠᠨ ᠠᠪᠤᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠯᠴᠢᠨ ᠰᠠᠢᠢᠳ ᠢᠶᠠᠷ ᠲᠣᠮᠢᠯᠠᠭᠳᠠᠨ ᠶᠠᠪᠤᠵᠤ ᠪᠠᠢᠢᠭ᠎ᠠ ᠡᠷᠬᠢᠮ ᠦᠳ ᠲ᠋ᠡᠢ ᠨᠢᠭᠡ ᠪᠥᠷᠢᠴᠢᠯᠡᠨ ᠵᠠᠬᠢᠶᠠᠰᠤ ᠳᠠᠭᠠᠭᠠᠯᠭᠠᠪᠤᠷᠢ ᠥᠭᠴᠦ᠂ ᠣᠴᠢᠭᠠᠳ ᠤᠯᠤᠰ ᠣᠷᠣᠨ ᠳᠤ ᠪᠠᠨ ᠬᠡᠷᠡᠭᠲᠡᠢ ᠶᠠᠮᠠᠷ ᠠᠵᠢᠯ ᠤᠳ ᠬᠢᠬᠦ ᠭᠡᠵᠦ ᠪᠠᠢᠢᠭ᠎ᠠ ᠲᠠᠯ᠎ᠠ ᠪᠠᠷ ᠠᠰᠠᠭᠤᠵᠤ᠂ ᠶᠠᠷᠢᠯᠴᠠᠪᠠ᠃

 

ᠲᠤᠬᠠᠢᠢᠯᠠᠪᠠᠯ᠂ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠡᠯᠴᠢᠨ ᠰᠠᠢᠢᠳ》 ᠭᠡᠳᠡᠭ ᠴᠣᠯᠠ ᠬᠡᠷᠭᠡᠮ ᠨᠢ ᠬᠡᠨ ᠨᠢᠭᠡ ᠤᠯᠤᠰ ᠲᠥᠷᠦᠴᠢ ᠢᠢᠨ ᠭᠠᠪᠢᠶᠠᠨ ᠤ ᠠᠮᠠᠷᠠᠯᠲᠠ ᠪᠠᠨ ᠠᠪᠬᠤ ᠳᠤ ᠪᠠᠨ ᠬᠢᠳᠡᠭ ᠠᠵᠢᠯ ᠪᠢᠰᠢ ᠪᠣᠯᠬᠤ ᠢᠢ ᠣᠨᠴᠠᠯᠠᠨ ᠰᠢᠭᠦᠮᠵᠢᠯᠡᠵᠦ᠂ ᠴᠢᠨᠠᠭᠰᠢᠳᠠ ᠡᠨᠡ ᠲᠥᠷᠦᠯ ᠦᠨ ᠡᠯᠴᠢᠨ ᠰᠠᠢᠢᠳ ᠤᠨ ᠲᠣᠮᠢᠯᠠᠭ᠎ᠠ ᠢᠢ ᠲᠠᠰᠤᠯᠤᠨ ᠵᠣᠭᠰᠣᠭᠠᠬᠤ ᠲᠠᠯ᠎ᠠ ᠳᠡᠭᠡᠷ᠎ᠡ ᠬᠠᠲᠠᠭᠤ ᠵᠣᠭᠰᠣᠨ᠎ᠠ ᠭᠡᠳᠡᠭ ᠢᠶᠡᠨ ᠢᠯᠡᠷᠬᠡᠢᠢᠯᠡᠯ᠎ᠡ᠃

 

ᠮᠥᠨ ᠲᠣᠮᠢᠯᠠᠭᠳᠠᠨ ᠶᠠᠪᠤᠵᠤ ᠪᠤᠢ ᠡᠯᠴᠢᠨ ᠰᠠᠢᠢᠳ ᠨᠠᠷ ᠢ ᠭᠠᠳᠠᠭᠠᠳᠤ ᠬᠠᠷᠢᠯᠴᠠᠭᠠᠨ ᠤ ᠶᠠᠮᠤ ᠥᠨᠳᠥᠷ ᠴᠢᠳᠠᠪᠤᠷᠢ ᠲᠠᠢ ᠮᠡᠷᠭᠡᠵᠢᠯ ᠦᠨ ᠳ᠋ᠢᠫᠯᠣᠮᠠᠲ᠋ᠴᠢ ᠭᠡᠵᠦ ᠦᠨᠡᠯᠡᠭᠰᠡᠨ ᠤᠴᠢᠷ ᠠᠴᠠ ᠡᠩ ᠲᠡᠷᠢᠭᠦᠨ ᠳᠥ ᠢᠷᠭᠡᠳ ᠦᠨ ᠪᠣᠯᠤᠨ ᠤᠯᠤᠰ ᠤᠨ ᠡᠷᠬᠡ ᠠᠰᠢᠭ ᠢ ᠬᠠᠮᠠᠭᠠᠯᠠᠬᠤ ᠴᠢᠭᠯᠡᠯ ᠢᠶᠡᠷ ᠰᠠᠨᠠᠭᠠᠴᠢᠯᠠᠭ᠎ᠠ ᠲᠠᠢ ᠠᠵᠢᠯᠯᠠᠵᠤ᠂ ᠪᠣᠭᠣᠨᠢ ᠬᠤᠭᠤᠴᠠᠭᠠᠨ ᠳᠤ ᠦᠷ᠎ᠡ ᠳ᠋ᠦᠩᠲᠡᠢ ᠠᠵᠢᠯᠯᠠᠬᠤ ᠢᠢ ᠡᠭᠦᠷᠭᠡ ᠪᠣᠯᠭᠠᠪᠠ᠃ ᠡᠭᠦᠨ ᠳᠥ᠂ ᠪᠣᠯᠪᠠᠰᠤᠷᠠᠯ᠂ ᠡᠷᠡᠭᠦᠯ ᠮᠡᠨᠳᠦ᠂ ᠥᠨᠳᠥᠷ ᠲᠧᠭᠨᠣᠯᠣᠭᠢ᠂ ᠨᠠᠷᠢᠨ ᠮᠡᠷᠭᠡᠵᠢᠯ ᠦᠨ ᠪᠣᠯᠪᠠᠰᠤᠨ ᠬᠦᠴᠦᠨ ᠪᠡᠯᠡᠳᠬᠡᠬᠦ ᠠᠰᠠᠭᠤᠳᠠᠯ ᠢ ᠪᠠᠭᠲᠠᠭᠠᠵᠤ᠂ ᠡᠯᠴᠢᠨ ᠰᠠᠭᠤᠭ᠎ᠠ ᠤᠯᠤᠰ ᠲᠤ ᠪᠠᠨ 1᠂ 5᠂ 10 ᠭᠡᠯᠲᠡ ᠦᠭᠡᠢ ᠨᠠᠷᠢᠨ ᠮᠡᠷᠭᠡᠵᠢᠯ ᠦᠨ ᠪᠣᠯᠪᠠᠰᠤᠨ ᠬᠦᠴᠦᠨ ᠪᠡᠯᠡᠳᠬᠡᠬᠦ᠂ ᠣᠶᠤᠲᠠᠨ ᠨᠤᠭᠤᠳ ᠲᠤ ᠲᠡᠳᠬᠦᠯᠭᠡ ᠣᠯᠵᠤ ᠥᠭ᠍ᠬᠦ᠂ ᠥᠨᠳᠥᠷ ᠥᠷᠲᠡᠭᠲᠥ ᠡᠷᠡᠭᠦᠯ ᠮᠡᠨᠳᠦ ᠢᠢᠨ ᠲᠤᠰᠠᠯᠠᠮᠵᠢ ᠦᠢᠯᠡᠴᠢᠯᠡᠭᠡ ᠢᠢ ᠮᠣᠩᠭ᠋ᠣᠯ ᠢᠷᠭᠡᠳ ᠲᠥ ᠦᠨ᠎ᠡ ᠦᠭᠡᠢ ᠬᠦᠷᠭᠡᠬᠦ ᠪᠣᠯᠤᠮᠵᠢ ᠨᠤᠭᠤᠳ ᠢ ᠰᠤᠳᠤᠯᠬᠤ ᠵᠡᠷᠭᠡ ᠨᠠᠭᠠᠳᠤ ᠵᠠᠬ᠎ᠠ ᠢᠢᠨ ᠠᠰᠠᠭᠤᠳᠠᠯ ᠢ ᠰᠢᠢᠳᠴᠦ᠂ ᠬᠠᠭᠠᠰ ᠵᠢᠯ ᠦᠨ ᠳᠣᠲᠣᠷ᠎ᠠ ᠦᠷ᠎ᠡ ᠳ᠋ᠦᠩ ᠭᠠᠷᠭᠠᠬᠤ ᠢᠢ ᠡᠭᠦᠷᠭᠡ ᠪᠣᠯᠭᠠᠪᠠ᠃

 

ᠮᠥᠨ ᠡᠯᠴᠢᠨ ᠰᠠᠢᠢᠳ ᠤᠨ ᠶᠠᠮᠤᠳ ᠤᠨ ᠡᠭᠦᠳᠡ ᠬᠠᠭᠠᠯᠭ᠎ᠠ ᠢᠢ ᠥᠪᠡᠷ ᠦᠨ ᠤᠯᠤᠰ ᠤᠨ ᠢᠷᠭᠡᠳ ᠲᠥ ᠪᠡᠨ ᠦᠷᠭᠦᠯᠵᠢ ᠨᠡᠭᠡᠭᠡᠯᠲᠡᠲᠡᠢ ᠪᠠᠢᠢᠯᠭᠠᠵᠤ᠂ ᠤᠯᠤᠰ ᠬᠣᠭᠣᠷᠣᠨᠳᠣ ᠢᠢᠨ ᠣᠯᠠᠨ ᠲᠠᠯᠠᠲᠤ ᠠᠵᠢᠯᠯᠠᠭᠠᠨ ᠳᠤ ᠰᠠᠨᠠᠭᠠᠴᠢᠯᠭ᠎ᠠ ᠭᠠᠷᠭᠠᠬᠤ ᠵᠠᠮ ᠢᠶᠠᠷ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠠᠰᠠᠭᠤᠳᠠᠯ ᠳᠤ ᠠᠩᠬᠠᠷᠬᠤ ᠢᠢ ᠬᠦᠰᠡᠯ᠎ᠡ᠃