Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠤ·ᠬᠦᠷᠡᠯᠰᠦ᠋ᠬᠡ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠶ ᠢᠢᠨ ᠪᠠᠢᠢᠭᠤᠯᠤᠯᠭ᠎ᠠ ᠢᠢᠨ ᠶᠡᠷᠦᠩᠬᠡᠶ ᠵᠠᠬᠢᠷᠤᠯ ᠪᠠᠷᠠᠭᠠᠯᠬᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠢᠲ᠋ᠠᠯᠢ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠶᠡᠷᠦᠩᠬᠡᠢᠢᠯᠡᠭᠴᠢ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠶ ᠢᠢᠨ ᠪᠠᠢᠢᠭᠤᠯᠤᠯᠭ᠎ᠠ ᠢᠢᠨ ᠶᠡᠷᠦᠩᠬᠡᠶ ᠵᠠᠬᠢᠷᠤᠯ ᠳ᠋ᠷ᠂ ᠴᠦ᠋ ᠳ᠋ᠣᠩᠶᠦ᠋ ᠪᠠᠷᠠᠭᠠᠯᠬᠠᠯ᠎ᠠ᠃

ᠲᠠᠯ᠎ᠠ ᠨᠤᠭᠤᠳ ᠬᠠᠮᠲᠤ ᠢᠢᠨ ᠠᠵᠢᠯᠯᠠᠭ᠎ᠠ᠂ ᠬᠠᠮᠲᠤᠷᠠᠨ ᠬᠡᠷᠡᠭᠵᠢᠭᠦᠯᠵᠦ ᠪᠠᠢᠢᠭ᠎ᠠ ᠲᠥᠰᠦᠯ᠂ ᠬᠥᠲᠦᠯᠪᠦᠷᠢ ᠢᠢᠨ ᠶᠠᠪᠤᠴᠠ᠂ ᠦᠷ᠎ᠡ ᠳ᠋ᠦᠩ᠂ ᠴᠢᠨᠠᠭᠰᠢᠳᠠ ᠠᠩᠬᠠᠷᠬᠤ ᠵᠠᠷᠢᠮ ᠠᠰᠠᠭᠤᠳᠠᠯ ᠤᠨ ᠲᠠᠯ᠎ᠠ ᠪᠠᠷ ᠰᠠᠨᠠᠯ ᠰᠣᠯᠢᠯᠴᠠᠯ᠎ᠠ᠃

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠶ ᠢᠢᠨ ᠪᠠᠢᠢᠭᠤᠯᠤᠯᠭ᠎ᠠ ᠮᠠᠨ ᠤ ᠤᠯᠤᠰ ᠤᠨ ᠬᠦᠨᠡᠰᠦ᠂ ᠬᠥᠳᠡᠭᠡ ᠠᠵᠤ ᠠᠬᠤᠶ ᠢᠢᠨ ᠰᠠᠯᠪᠤᠷᠢ ᠢᠢᠨ ᠬᠥᠭ᠍ᠵᠢᠯ ᠳᠥ ᠦᠨ᠎ᠡ ᠲᠡᠢ ᠬᠤᠪᠢ ᠨᠡᠮᠡᠷᠢ ᠣᠷᠤᠭᠤᠯᠤᠭᠰᠠᠭᠠᠷ ᠪᠠᠢᠢᠭ᠎ᠠ ᠢᠢ ᠶᠡᠷᠦᠩᠬᠡᠢᠢᠯᠡᠭᠴᠢ ᠤ·ᠬᠦᠷᠡᠯᠰᠦ᠋ᠬᠡ ᠲᠡᠮᠳᠡᠭᠯᠡᠯ᠎ᠡ᠃

ᠮᠥᠨ ᠲᠤᠰ ᠪᠠᠢᠢᠭᠤᠯᠤᠯᠭ᠎ᠠ ᠢᠢᠨ ᠬᠦᠨᠳᠦᠲᠦ ᠵᠣᠴᠢᠨ ᠤ ᠳᠡᠪᠲᠡᠷ ᠲᠥ «ᠳᠡᠯᠡᠬᠡᠶ ᠳ᠋ᠠᠬᠢᠨ ᠢᠶᠠᠨ ᠥᠯᠦᠰᠬᠦᠯᠡᠩ᠂ ᠶᠠᠳᠠᠭᠤᠷᠠᠯ ᠢ ᠪᠠᠭᠤᠷᠠᠭᠤᠯᠬᠤ᠂ ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠢ ᠬᠠᠩ᠋ᠭᠠᠬᠤ ᠢᠢᠨ ᠲᠥᠯᠦᠭᠡᠬᠢ ᠤᠯᠤᠰ ᠣᠷᠤᠨ ᠨᠤᠭᠤᠳ ᠤᠨ ᠵᠣᠷᠢᠯᠭ᠎ᠠ᠂ ᠬᠦᠴᠦᠨ ᠴᠢᠷᠮᠠᠢᠢᠯᠲᠠ ᠢᠢ ᠵᠣᠬᠢᠴᠠᠭᠤᠯᠤᠭᠴᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠶ ᠢᠢᠨ ᠪᠠᠢᠢᠭᠤᠯᠤᠯᠭ᠎ᠠ ᠳᠤ ᠵᠣᠴᠢᠯᠠᠵᠤ ᠪᠠᠢᠢᠭ᠎ᠠ ᠳᠤ ᠪᠠᠨ ᠪᠠᠶᠠᠷ ᠲᠠᠢ ᠪᠠᠢᠢᠨ᠎ᠠ᠃

ᠪᠠᠢᠢᠭᠤᠯᠤᠯᠭ᠎ᠠ ᠢᠢᠨ ᠬᠠᠮᠲᠤ ᠣᠯᠠᠨ ᠳᠤ ᠲᠡᠦᠬᠡᠲᠦ ᠘᠐ ᠵᠢᠯ ᠦᠨ ᠬᠢ ᠨᠢ ᠣᠢ ᠢᠢᠨ ᠪᠠᠶᠠᠷ ᠤᠨ ᠮᠡᠨᠳᠦ ᠢᠢ ᠡᠷᠭᠦᠨ ᠳᠡᠪᠰᠢᠭᠦᠯᠵᠦ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠪᠣᠳᠠᠲᠤ ᠦᠢᠯᠡ ᠬᠡᠷᠡᠭ ᠪᠣᠯᠭᠠᠬᠤ ᠦᠢᠯᠡᠰ ᠲᠥ ᠨᠢ ᠠᠮᠵᠢᠯᠲᠠ ᠬᠦᠰᠡᠨ ᠢᠷᠦᠭᠡᠶ ᠡ᠃

ᠨᠡᠭᠦᠳᠡᠯ ᠦᠨ ᠰᠣᠶᠤᠯ᠂ ᠢᠷᠭᠡᠨᠰᠢᠯ᠂ ᠪᠡᠯᠴᠢᠭᠡᠷ ᠦᠨ ᠮᠠᠯ ᠠᠵᠤ ᠠᠬᠤᠶ ᠲᠠᠢ ᠮᠣᠩ᠋ᠭᠤᠯ ᠤᠯᠤᠰ ᠪᠡᠯᠴᠢᠭᠡᠷ ᠦᠨ ᠮᠧᠨᠧᠵᠮᠧᠨ᠋ᠲ᠂ ᠬᠥᠷᠦᠰᠦ᠂ ᠤᠰᠤᠨ ᠤ ᠨᠥᠭᠡᠴᠡ ᠢᠢ ᠬᠠᠮᠠᠭᠠᠯᠠᠬᠤ᠂ ᠬᠦᠨᠡᠰᠦᠨ ᠦ ᠲᠣᠭᠲᠠᠪᠤᠷᠢᠲᠠᠢ ᠪᠦᠲᠦᠭᠡᠮᠵᠢ ᠢᠢ ᠨᠡᠮᠡᠭᠳᠡᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠥᠷᠭᠦ ᠨᠥᠯᠦᠭᠡᠯᠡᠯ ᠢ ᠪᠠᠭᠤᠷᠠᠭᠤᠯᠬᠤ ᠴᠢᠭᠯᠡᠯ ᠢᠶᠡᠷ ᠤᠯᠠᠮ ᠡᠷᠭᠦᠨ ᠬᠦᠷᠢᠶᠡᠨ ᠳᠥ ᠬᠠᠮᠲᠤᠷᠠᠨ ᠠᠵᠢᠯᠯᠠᠬᠤ ᠢᠢᠨ ᠲᠥᠯᠦᠭᠡ ᠪᠠᠢᠢᠨ᠎ᠠ᠃

ᠮᠣᠩ᠋ᠭᠤᠯ ᠤᠯᠤᠰ ᠤᠨ ᠰᠠᠨᠠᠭᠠᠴᠢᠯᠠᠭᠰᠠᠨ «ᠪᠡᠯᠴᠢᠭᠡᠷ ᠪᠠ ᠨᠡᠭᠦᠳᠡᠯ ᠦᠨ ᠮᠠᠯ ᠠᠵᠤ ᠠᠬᠤᠶ ᠡᠷᠬᠢᠯᠡᠭᠴᠢᠳ ᠦᠨ ᠣᠯᠠᠨ ᠤᠯᠤᠰ ᠤᠨ ᠵᠢᠯ» ᠲᠣᠭᠲᠠᠭᠠᠯ ᠤᠨ ᠬᠦᠷᠢᠶᠡᠨ ᠳᠥ ᠳᠡᠯᠡᠬᠡᠶ ᠨᠡᠢᠢᠲᠡ ᠢᠢᠨ ᠡᠷᠬᠡ ᠠᠰᠢᠭ᠂ ᠬᠡᠷᠡᠭᠴᠡᠭᠡ᠂ ᠱᠠᠭᠠᠷᠳᠠᠯᠭ᠎ᠠ ᠳᠤ ᠨᠡᠢᠢᠴᠡᠭᠰᠡᠨ᠂ ᠪᠣᠳᠠᠲᠤ ᠦᠷ᠎ᠡ ᠳ᠋ᠦᠩ ᠳᠥ ᠬᠦᠷᠬᠦ ᠣᠯᠠᠨ ᠠᠵᠢᠯ ᠢ ᠬᠠᠮᠲᠤᠷᠠᠨ ᠬᠢᠬᠦ ᠳᠥ ᠪᠡᠨ ᠲᠠᠭ᠎ᠠ ᠲᠠᠢ ᠪᠠᠢᠢᠬᠤ ᠪᠣᠯᠤᠨ᠎ᠠ᠃

ᠲᠠ ᠪᠦᠬᠦᠨ ᠦ «ᠢᠯᠡᠭᠦᠦ ᠰᠠᠢᠢᠨ ᠦᠢᠯᠡᠳᠪᠦᠷᠢᠯᠡᠯ᠂ ᠢᠯᠡᠭᠦᠦ ᠰᠠᠢᠢᠨ ᠰᠢᠮ᠎ᠡ ᠲᠡᠵᠢᠭᠡᠯ᠂ ᠢᠯᠡᠭᠦᠦ ᠰᠠᠢᠢᠨ ᠣᠷᠴᠢᠨ᠂ ᠢᠯᠡᠭᠦᠦ ᠰᠠᠢᠢᠨ ᠠᠮᠢᠳᠤᠷᠠᠯ» ᠭᠡᠰᠡᠨ ᠵᠣᠷᠢᠯᠭ᠎ᠠ ᠪᠦᠷᠢᠨ ᠪᠡᠶᠡᠯᠡᠵᠦ᠂ ᠬᠦᠮᠦᠨ ᠲᠥᠷᠦᠯᠬᠢᠲᠡᠨ ᠡᠷᠡᠭᠦᠯ᠂ ᠠᠶᠤᠯ ᠦᠭᠡᠢ ᠣᠷᠴᠢᠨ ᠳᠤ ᠠᠵᠠ ᠵᠢᠷᠭᠠᠯ ᠲᠠᠢ᠂ ᠰᠡᠳᠬᠢᠯ ᠬᠠᠩ᠋ᠭᠠᠯᠤᠭᠤᠨ ᠠᠮᠢᠳᠤᠷᠠᠬᠤ ᠪᠣᠯᠲᠤᠭᠠᠶ» ᠬᠡᠮᠡᠨ ᠪᠢᠴᠢᠵᠦ ᠦᠯᠡᠳᠡᠭᠡᠯ᠎ᠡ᠃

ᠳᠡᠯᠡᠬᠡᠶ ᠢᠢᠨ ᠑᠓᠐ ᠭᠠᠷᠤᠶ ᠣᠷᠤᠨ ᠳᠤ ᠦᠢᠯᠡ ᠠᠵᠢᠯᠯᠠᠭ᠎ᠠ ᠶᠠᠪᠤᠭᠤᠯᠳᠠᠭ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠶ ᠢᠢᠨ ᠪᠠᠢᠢᠭᠤᠯᠤᠯᠭ᠎ᠠ ᠳᠤ ᠮᠠᠨ ᠤ ᠤᠯᠤᠰ ᠑᠙᠗᠓ ᠣᠨ ᠳᠤ ᠭᠡᠰᠢᠭᠦᠨ ᠢᠶᠡᠷ ᠡᠯᠰᠡᠭᠰᠡᠨ ᠲᠡᠦᠬᠡ ᠲᠡᠢ᠃ ᠲᠤᠰ ᠪᠠᠢᠢᠭᠤᠯᠤᠯᠭ᠎ᠠ ᠢᠢᠨ ᠪᠦᠷᠢᠨ ᠡᠷᠬᠡᠲᠦ ᠲᠥᠯᠦᠭᠡᠯᠡᠭᠴᠢ ᠢᠢᠨ ᠭᠠᠵᠠᠷ ᠒᠐᠐᠙ ᠣᠨ ᠳᠤ ᠤᠯᠠᠭᠠᠨᠪᠠᠭᠠᠲᠤᠷ ᠬᠣᠲᠠᠨ᠎ᠠ ᠠᠵᠢᠯᠯᠠᠵᠤ ᠡᠬᠢᠯᠡᠭᠰᠡᠨ᠃

ᠡᠨᠡ ᠪᠠᠢᠢᠭᠤᠯᠤᠯᠭ᠎ᠠ ᠮᠠᠨ ᠤ ᠤᠯᠤᠰ ᠤᠨ ᠒᠐᠓᠐ ᠣᠨ ᠬᠦᠷᠲᠡᠯᠡᠬᠢ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ ᠳᠥ ᠬᠤᠪᠢ ᠨᠡᠮᠡᠷᠢ ᠪᠡᠨ ᠣᠷᠤᠭᠤᠯᠵᠤ᠂ ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ᠂ ᠰᠢᠮ᠎ᠡ ᠲᠡᠵᠢᠭᠡᠯ ᠢ ᠰᠠᠢᠢᠵᠢᠷᠠᠭᠤᠯᠬᠤ᠂ ᠬᠥᠳᠡᠭᠡ ᠣᠷᠤᠨ ᠨᠤᠲᠤᠭ ᠤᠨ ᠢᠷᠭᠡᠳ ᠦᠨ ᠠᠮᠢᠵᠢᠷᠠᠭ᠎ᠠ ᠢᠢ ᠳᠡᠭᠡᠭ᠍ᠰᠢᠯᠠᠭᠦᠯᠬᠦ ᠴᠢᠭᠯᠡᠯ ᠢᠶᠡᠷ ᠭᠣᠣᠯᠯᠠᠨ ᠠᠵᠢᠯᠯᠠᠵᠤ ᠪᠠᠢᠢᠨ᠎ᠠ᠃

ᠮᠥᠨ ᠰᠠᠩᠬᠦᠵᠢᠭᠦᠯᠦᠭᠴᠢ ᠲᠦᠩᠰᠢ ᠨᠤᠭᠦᠳ᠂ ᠡᠷᠳᠡᠮ ᠰᠢᠨᠵᠢᠯᠡᠭᠡᠨ ᠦ ᠪᠠᠢᠢᠭᠤᠯᠤᠯᠭ᠎ᠠ ᠨᠤᠭᠤᠳ᠂ ᠢᠷᠭᠡᠨ ᠦ ᠨᠡᠢᠢᠭᠡᠮ᠂ ᠮᠠᠯᠴᠢᠳ ᠲᠠᠢ ᠬᠠᠮᠲᠤᠷᠠᠨ ᠠᠵᠢᠯᠯᠠᠵᠤ᠂ ᠬᠥᠳᠡᠭᠡ ᠠᠵᠤ ᠠᠬᠤᠶ ᠢᠢᠨ ᠲᠣᠭᠲᠠᠪᠤᠷᠢᠲᠠᠢ ᠪᠠᠢᠢᠳᠠᠯ ᠢ ᠨᠡᠮᠡᠭᠳᠡᠭᠦᠯᠬᠦ᠂ ᠪᠠᠢᠢᠭᠠᠯᠢ ᠣᠷᠴᠢᠨ ᠢ ᠬᠠᠮᠠᠭᠠᠯᠠᠬᠤ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠢ ᠬᠠᠳᠠᠭᠠᠯᠠᠬᠤ ᠳᠤ ᠴᠢᠬᠤᠯᠠ ᠡᠭᠦᠷᠭᠡ ᠭᠦᠢᠴᠡᠳᠬᠡᠳᠡᠭ ᠶᠤᠮ᠃