Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠤ·ᠬᠦᠷᠡᠯᠰᠦ᠋ᠬᠡ ᠳᠥ ᠢᠲ᠋ᠠᠯᠢ ᠢᠢᠨ ᠫᠠᠷᠯᠠᠮᠧᠨ᠌ᠲ ᠤᠨ ᠲᠥᠯᠦᠭᠡᠯᠡᠭᠴᠢᠳ ᠦᠨ ᠲᠠᠩᠬᠢᠮ ᠤᠨ ᠶᠡᠷᠦᠩᠬᠡᠢᠢᠯᠡᠭᠴᠢ ᠪᠠᠷᠠᠭᠠᠯᠬᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠢᠲ᠋ᠠᠯᠢ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠫᠠᠷᠯᠠᠮᠧᠨ᠋ᠲ ᠤᠨ ᠲᠥᠯᠦᠭᠡᠯᠡᠭᠴᠢᠳ ᠦᠨ ᠲᠠᠩᠬᠢᠮ ᠤᠨ ᠶᠡᠷᠦᠩᠬᠡᠢᠢᠯᠡᠭᠴᠢ ᠯᠣᠷᠧᠨ᠋ᠽᠣ᠋ ᠹᠣᠨ᠋ᠲ᠋᠋ᠠᠨᠠ ᠪᠠᠷᠠᠭᠠᠯᠬᠠᠯ᠎ᠠ᠃

ᠲᠠᠯ᠎ᠠ ᠨᠤᠭᠤᠳ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠬᠠᠤᠯᠢ ᠲᠣᠭᠲᠠᠭᠠᠭᠴᠢ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠴᠢᠬᠤᠯᠠ ᠭᠡᠳᠡᠭ ᠲᠥ ᠰᠠᠨᠠᠯ ᠨᠢᠭᠡᠳᠦᠯ᠎ᠡ᠃

ᠫᠠᠷᠯᠠᠮᠧᠨ᠋ᠲ ᠤᠨ ᠪᠦᠯᠦᠭ ᠦᠳ ᠦᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢᠯᠡᠯ᠂ ᠵᠠᠮ᠂ ᠲᠡᠭᠡᠭᠡᠪᠦᠷᠢ᠂ ᠰᠣᠶᠤᠯ᠂ ᠪᠣᠯᠪᠠᠰᠤᠷᠠᠯ ᠵᠡᠷᠭᠡ ᠰᠠᠯᠪᠤᠷᠢ ᠢᠢᠨ ᠬᠠᠷᠢᠯᠴᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃

ᠲᠥᠷᠦ ᠢᠢᠨ ᠠᠢᠢᠯᠴᠢᠯᠠᠯ ᠤᠨ ᠪᠦᠷᠢᠯᠳᠦᠬᠦᠨ ᠳᠥ ᠪᠠᠭᠲᠠᠭᠰᠠᠨ ᠤᠯᠤᠰ ᠤᠨ ᠶᠡᠬᠡ ᠬᠤᠷᠠᠯ ᠤᠨ ᠭᠡᠰᠢᠭᠦᠳ ᠢᠲ᠋ᠠᠯᠢ ᠢᠢᠨ ᠫᠠᠷᠯᠠᠮᠧᠨ᠋ᠲ ᠤᠨ ᠲᠥᠯᠦᠭᠡᠯᠡᠭᠴᠢᠳ ᠦᠨ ᠲᠠᠩᠬᠢᠮ ᠤᠨ ᠭᠡᠰᠢᠭᠦᠳ ᠲᠡᠢ ᠠᠭᠤᠯᠵᠠᠵᠤ᠂ ᠫᠠᠷᠯᠠᠮᠧᠨ᠋ᠲ ᠤᠨ ᠣᠷᠳᠤᠨ ᠳᠤ ᠵᠣᠴᠢᠯᠠᠯ᠎ᠠ᠃

ᠤᠯᠤᠰ ᠤᠨ ᠶᠡᠬᠡ ᠬᠤᠷᠠᠯ ᠳ᠋ᠠᠬᠢ ᠮᠣᠩ᠋ᠭᠤᠯ-ᠢᠲ᠋ᠠᠯᠢ ᠢᠢᠨ ᠫᠠᠷᠯᠠᠮᠧᠨ᠋ᠲ ᠤᠨ ᠪᠦᠯᠦᠭ ᠦᠨ ᠳᠠᠷᠤᠭ᠎ᠠ ᠪᠠᠷ ᠠ᠊·ᠤᠨᠳᠤᠷᠤᠭ᠎ᠠ᠂ ᠢᠲ᠋ᠠᠯᠢ-ᠮᠣᠩ᠋ᠭᠤᠯ ᠤᠨ ᠪᠦᠯᠦᠭ ᠦᠨ ᠳᠠᠷᠤᠭ᠎ᠠ ᠪᠠᠷ ᠲᠥᠯᠦᠭᠡᠯᠡᠭᠴᠢᠳ ᠦᠨ ᠲᠠᠩᠬᠢᠮ ᠤᠨ ᠭᠡᠰᠢᠭᠦᠨ ᠨᠢᠻᠣᠯᠠ ᠻᠠᠷᠧ ᠠᠵᠢᠯᠯᠠᠳᠠᠭ᠃

ᠢᠲ᠋ᠠᠯᠢ-ᠮᠣᠩ᠋ᠭᠤᠯ ᠤᠨ ᠫᠠᠷᠯᠠᠮᠧᠨ᠋ᠲ ᠤᠨ ᠪᠦᠯᠦᠭ ᠨᠢ ᠪᠠᠷᠠᠭᠤᠨ-ᠲᠥᠪ ᠦᠨ ᠦᠵᠡᠯ ᠪᠠᠷᠢᠮᠲᠠᠯᠠᠯ ᠲᠠᠢ ᠨᠠᠮ ᠤᠳ ᠤᠨ ᠡᠪᠰᠡᠯ ᠪᠣᠯᠬᠤ «ᠢᠲ᠋ᠠᠯᠢ ᠠᠬᠠᠨ ᠳᠡᠭᠦᠰ»᠂ «ᠹᠣᠷᠽᠠ ᠢᠲ᠋ᠠᠯᠢ»᠂ «ᠯᠧᠭ᠋ ᠠ» ᠪᠣᠯᠤᠨ ᠠᠷᠠᠳᠴᠢᠯᠠᠭᠰᠠᠨ ᠨᠠᠮ᠂ «ᠲᠠᠪᠤᠨ ᠣᠳᠤ ᠬᠥᠳᠡᠯᠭᠡᠭᠡᠨ»᠂ «ᠢᠲ᠋ᠠᠯᠢᠶ ᠠ ᠸᠢᠸᠠ» ᠨᠠᠮ᠂ ᠪᠤᠰᠤᠳ ᠬᠣᠯᠢᠮᠠᠭ ᠨᠠᠮ ᠤᠨ ᠪᠦᠯᠦᠭ ᠡᠴᠡ ᠪᠦᠷᠢᠳᠦᠭᠰᠡᠨ ᠒᠐ ᠭᠡᠰᠢᠭᠦᠨ ᠲᠡᠢ᠃ ᠲᠥᠯᠦᠭᠡᠯᠡᠭᠴᠢᠳ ᠦᠨ ᠲᠠᠩᠬᠢᠮ ᠤᠨ ᠑᠒᠂ ᠰᠧᠨᠠᠲ᠋ ᠤᠨ ᠲᠠᠩᠬᠢᠮ ᠤᠨ ᠨᠠᠢᠮᠠᠨ ᠭᠡᠰᠢᠭᠦᠨ ᠲᠡᠢ᠃

ᠫᠠᠷᠯᠠᠮᠧᠨ᠋ᠲ ᠤᠨ ᠲᠥᠯᠦᠭᠡᠯᠡᠭᠴᠢᠳ ᠦᠨ ᠲᠠᠩᠬᠢᠮ ᠤᠨ ᠶᠡᠷᠦᠩᠬᠡᠢᠢᠯᠡᠭᠴᠢ ᠯᠣᠷᠧᠨ᠋ᠽᠣ᠋ ᠹᠣᠨ᠋ᠲ᠋᠋ᠠᠨᠠ ᠤᠯᠤᠰ ᠲᠥᠷᠦ ᠢᠢᠨ ᠰᠢᠨᠵᠢᠯᠡᠬᠦ ᠤᠬᠠᠭᠠᠨ᠂ ᠹᠢᠯᠣᠰᠣᠹ᠂ ᠲᠡᠦᠬᠡᠴᠢ ᠮᠡᠷᠭᠡᠵᠢᠯ ᠢᠶᠡᠷ ᠭᠤᠷᠪᠠᠨ ᠶᠡᠬᠡ ᠰᠤᠷᠭᠠᠭᠤᠯᠢ ᠲᠡᠭᠦᠰᠦᠭᠰᠡᠨ᠃

ᠸᠧᠷᠣᠨᠠ ᠬᠣᠲᠠ ᠢᠢᠨ ᠵᠠᠬᠢᠷᠭᠠᠨ ᠳᠤ ᠵᠥᠪᠯᠡᠬᠦ᠂ ᠧᠦ᠋ᠷᠣᠫᠠ ᠢᠢᠨ ᠫᠠᠷᠯᠠᠮᠧᠨ᠋ᠲ ᠤᠨ ᠭᠡᠰᠢᠭᠦᠨ᠂ ᠰᠣᠶᠤᠯ᠂ ᠪᠣᠯᠪᠠᠰᠤᠷᠠᠯ ᠤᠨ ᠪᠠᠢᠢᠩ᠋ᠭᠤ ᠢᠢᠨ ᠬᠣᠷᠢᠶᠠᠨ ᠤ ᠳᠡᠳ᠋ ᠳᠠᠷᠤᠭ᠎ᠠ᠂ ᠬᠥᠳᠡᠭᠡ ᠠᠵᠤ ᠠᠬᠤᠶ᠂ ᠣᠷᠤᠨ ᠨᠤᠲᠤᠭ ᠤᠨ ᠬᠥᠭ᠍ᠵᠢᠯ᠂ ᠬᠠᠤᠯᠢ ᠵᠦᠢ᠂ ᠳᠣᠲᠤᠭᠠᠳᠤ ᠬᠡᠷᠡᠭ ᠦᠨ ᠪᠠᠢᠢᠩ᠋ᠭᠤ ᠢᠢᠨ ᠬᠣᠷᠢᠶᠠᠨ ᠤ ᠭᠡᠰᠢᠭᠦᠨ᠂ ᠸᠧᠷᠣᠨᠠ ᠬᠣᠲᠠ ᠢᠢᠨ ᠣᠷᠤᠯᠠᠭᠴᠢ ᠳᠠᠷᠤᠭ᠎ᠠ᠂ ᠲᠥᠯᠦᠭᠡᠯᠡᠭᠴᠢᠳ ᠦᠨ ᠲᠠᠩᠬᠢᠮ ᠤᠨ ᠭᠡᠰᠢᠭᠦᠨ᠂ ᠳᠡᠳ᠋ ᠶᠡᠷᠦᠩᠬᠡᠢᠢᠯᠡᠭᠴᠢ᠂ ᠭᠡᠷ ᠪᠦᠯᠦ᠂ ᠬᠥᠭ᠍ᠵᠢᠯ ᠦᠨ ᠪᠡᠷᠬᠡᠰᠢᠶᠡᠯᠲᠡᠶ ᠢᠷᠭᠡᠳ ᠦᠨ ᠠᠰᠠᠭᠤᠳᠠᠯ ᠡᠷᠬᠢᠯᠡᠭᠰᠡᠨ ᠰᠠᠢᠢᠳ᠂ ᠧᠦ᠋ᠷᠣᠫᠠ ᠢᠢᠨ ᠠᠰᠠᠭᠤᠳᠠᠯ ᠡᠷᠬᠢᠯᠡᠭᠰᠡᠨ ᠰᠠᠢᠢᠳ ᠤᠨ ᠠᠯᠪᠠ ᠬᠠᠰᠢᠵᠤ ᠪᠠᠢᠢᠭᠰᠠᠨ᠃

᠒᠐᠒᠒ ᠣᠨ ᠳᠤ ᠲᠠᠩᠬᠢᠮ ᠤᠨ ᠭᠡᠰᠢᠭᠦᠨ ᠢᠶᠡᠷ ᠳᠠᠬᠢᠨ ᠰᠣᠩ᠋ᠭᠤᠭᠳᠠᠵᠤ᠂ ᠤᠯᠠᠮ ᠢᠶᠠᠷ ᠲᠠᠩᠬᠢᠮ ᠤᠨ ᠶᠡᠷᠦᠩᠬᠡᠢᠢᠯᠡᠭᠴᠢ ᠪᠡᠷ ᠠᠵᠢᠯᠯᠠᠵᠤ ᠪᠠᠢᠢᠨ᠎ᠠ᠃