ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠂ ᠬᠦᠷᠡᠯᠰᠦ᠋ᠬᠡ ᠢᠢᠨ ᠭᠡᠭᠡᠨ ᠰᠢᠷᠡᠭᠡᠲᠦ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠳᠥ ᠭᠡᠭᠡᠨ ᠰᠢᠷᠡᠭᠡᠲᠦ ᠤᠯᠤᠰ ᠤᠨ ᠲᠥᠷᠦ ᠢᠢᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠻᠠᠷᠳᠢᠨᠠᠯ ᠫᠢᠧᠲ᠋ᠷᠣ᠋ ᠫᠠᠷᠣᠯᠢᠨ ᠪᠠᠷᠠᠭᠠᠯᠬᠠᠯ᠎ᠠ᠃
ᠶᠡᠷᠦᠩᠬᠡᠢᠢᠯᠡᠭᠴᠢ ᠬᠣᠶᠠᠷ ᠤᠯᠤᠰ ᠤᠨ ᠳᠡᠭᠡᠳᠦ ᠲᠥᠪᠰᠢᠨ ᠦ ᠬᠠᠷᠢᠯᠴᠠᠨ ᠠᠢᠢᠯᠴᠢᠯᠠᠯ ᠤᠨ ᠳᠠᠪᠲᠠᠮᠵᠢ ᠨᠡᠮᠡᠭᠳᠡᠵᠦ ᠪᠠᠢᠢᠭ᠎ᠠ ᠨᠢ ᠬᠠᠮᠲᠤ ᠢᠢᠨ ᠠᠵᠢᠯᠯᠠᠭ᠎ᠠ ᠢᠢ ᠣᠯᠠᠨ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠲᠠᠭ᠎ᠠ ᠲᠠᠢ ᠨᠥᠬᠦᠴᠡᠯ ᠪᠦᠷᠢᠳᠦᠭᠦᠯᠵᠦ ᠪᠠᠢᠢᠭ᠎ᠠ ᠢᠢ ᠣᠨᠴᠠᠯᠠᠪᠠ᠃
ᠲᠠᠯ᠎ᠠ ᠨᠤᠭᠤᠳ ᠰᠣᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠢᠯᠠᠩ᠋ᠭᠤᠶ᠎ᠠ ᠸᠠᠲ᠋ᠢᠻᠠᠨ ᠤ ᠠᠫᠣᠰᠲ᠋ᠣᠯᠢᠻ ᠠᠷᠬᠢᠸ ᠳᠤ ᠬᠠᠳᠠᠭᠠᠯᠠᠭᠳᠠᠵᠤ ᠪᠤᠢ ᠮᠣᠩ᠋ᠭᠤᠯ ᠤᠨ ᠲᠡᠦᠬᠡ ᠲᠡᠢ ᠬᠣᠯᠪᠤᠭ᠎ᠠ ᠲᠠᠢ ᠲᠡᠦᠬᠡᠨ ᠪᠠᠷᠢᠮᠲᠠ᠂ ᠮᠠᠲ᠋ᠧᠷᠢᠶᠠᠯ ᠢ ᠰᠤᠳᠤᠯᠭᠠᠨ ᠤ ᠡᠷᠭᠢᠯᠲᠡ ᠳᠥ ᠣᠷᠤᠭᠤᠯᠬᠤ ᠵᠠᠮ ᠢᠶᠠᠷ ᠥᠨᠢ ᠡᠷᠲᠡᠨ ᠦ ᠬᠠᠷᠢᠯᠴᠠᠭ᠎ᠠ ᠪᠠᠨ ᠨᠡᠢᠢᠲᠡ ᠳᠥ ᠲᠣᠯᠢᠯᠠᠭᠤᠯᠬᠤ ᠴᠢᠭᠯᠡᠯ ᠢᠶᠡᠷ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠪᠠᠨ ᠨᠤᠲᠠᠯᠠᠯ᠎ᠠ᠃

ᠭᠡᠭᠡᠨ ᠰᠢᠷᠡᠭᠡᠲᠦ ᠤᠯᠤᠰ ᠤᠨ ᠲᠥᠷᠦ ᠢᠢᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠻᠠᠷᠳᠢᠨᠠᠯ ᠫᠢᠧᠲ᠋ᠷᠣ᠋ ᠫᠠᠷᠣᠯᠢᠨ ᠫᠠᠫ ᠹᠷᠠᠨ᠋ᠼᠢᠰ ᠤᠨ ᠒᠐᠒᠓ ᠣᠨ ᠳᠤ ᠮᠣᠩ᠋ᠭᠤᠯ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠪᠦᠷᠢᠯᠳᠦᠬᠦᠨ ᠳᠥ ᠠᠵᠢᠯᠯᠠᠭᠰᠠᠨ ᠢᠶᠠᠨ ᠳᠤᠷᠠᠰᠴᠤ᠂ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠢᠢᠨ ᠲᠥᠯᠦᠭᠡ ᠪᠠᠢᠢᠭ᠎ᠠ ᠪᠠᠨ ᠢᠯᠡᠷᠬᠡᠢᠢᠯᠡᠯ᠎ᠡ᠃
ᠲᠥᠷᠦ ᠢᠢᠨ ᠬᠡᠷᠡᠭ ᠡᠷᠬᠢᠯᠡᠬᠦ ᠭᠠᠵᠠᠷ ᠨᠢ ᠵᠠᠰᠠᠭ ᠤᠨ ᠭᠠᠵᠠᠷ ᠤᠨ ᠡᠭᠦᠷᠭᠡ ᠭᠦᠢᠴᠡᠳᠬᠡᠳᠡᠭ ᠪᠥᠭᠡᠳ ᠤᠯᠤᠰ ᠲᠥᠷᠦ᠂ ᠳ᠋ᠢᠫᠯᠣᠮᠠᠲ ᠬᠠᠷᠢᠯᠴᠠᠭ᠎ᠠ ᠲᠠᠢ ᠪᠦᠬᠦᠢ ᠯᠠ ᠠᠰᠠᠭᠤᠳᠠᠯ ᠢ ᠬᠠᠷᠢᠭᠤᠴᠠᠳᠠᠭ᠃ ᠬᠡᠷᠡᠭ ᠡᠷᠬᠢᠯᠡᠬᠦ ᠭᠠᠵᠠᠷ ᠤᠨ ᠲᠡᠷᠢᠭᠦᠨ ᠨᠢ ᠲᠥᠷᠦ ᠢᠢᠨ ᠨᠠᠷᠢᠨ ᠪᠢᠴᠢᠭ᠌ ᠦᠨ ᠳᠠᠷᠤᠭ᠎ᠠ (ᠶᠡᠷᠦᠩᠬᠡᠶ ᠰᠠᠢᠢᠳ) ᠪᠠᠢᠢᠳᠠᠭ᠃



