ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠭᠡᠨ ᠰᠢᠷᠡᠭᠡᠲᠦ ᠤᠯᠤᠰ ᠤᠨ ᠲᠥᠷᠦ ᠢᠢᠨ ᠲᠡᠷᠢᠭᠦᠨ ᠫᠠᠫ ᠠᠷᠪᠠᠨ ᠳᠥᠷᠪᠡ᠊ᠳ᠋ᠦᠭᠡᠷ ᠯᠸᠣ᠋ ᠢᠢᠨ ᠤᠷᠢᠯᠭ᠎ᠠ ᠪᠠᠷ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠠᠢᠢᠯᠴᠢᠯᠠᠯ ᠤᠨ ᠢᠶᠠᠨ ᠬᠦᠷᠢᠶᠡᠨ ᠳᠥ ᠷᠣᠮᠡ ᠬᠣᠲᠠ ᠢᠢᠨ ᠭᠡᠭᠡᠨ ᠮᠠᠷᠢᠶ᠎ᠠ ᠢᠢᠨ ᠶᠡᠬᠡ ᠰᠦᠮ᠎ᠡ ᠳᠥ ᠫᠠᠫ ᠫᠷᠠᠨ᠋ᠼᠢᠰ ᠠᠭᠰᠠᠨ ᠤ ᠳᠤᠷᠠᠰᠬᠠᠯ ᠢ ᠬᠦᠨᠳᠦᠳᠬᠡᠨ ᠪᠤᠩᠬᠤᠨ ᠳᠤ ᠨᠢ ᠴᠡᠴᠡᠭ ᠡᠷᠭᠦᠯ᠎ᠡ᠃

ᠫᠠᠫ ᠫᠷᠠᠨ᠋ᠼᠢᠰ ᠒᠐᠒᠓ ᠣᠨ ᠳᠤ ᠶᠡᠷᠦᠩᠬᠡᠢᠢᠯᠡᠭᠴᠢ ᠢᠢᠨ ᠤᠷᠢᠯᠭ᠎ᠠ ᠪᠠᠷ ᠮᠠᠨ ᠤ ᠤᠯᠤᠰ ᠲᠤ ᠲᠥᠷᠦ ᠢᠢᠨ ᠠᠢᠢᠯᠴᠢᠯᠠᠯ ᠬᠢᠭ᠍ᠰᠡᠨ᠃ ᠲᠡᠷᠡ ᠪᠡᠷ ᠬᠣᠶᠠᠷ ᠤᠯᠤᠰ XIII ᠵᠠᠭᠤᠨ ᠳᠤ ᠡᠯᠴᠢ ᠢᠯᠡᠭᠡᠵᠦ᠂ ᠠᠯᠪᠠᠨ ᠶᠣᠰᠤᠭᠠᠷ ᠬᠠᠷᠢᠯᠴᠠᠵᠤ ᠡᠬᠢᠯᠡᠭᠰᠡᠨ ᠡᠴᠡ ᠬᠣᠢᠢᠰᠢ ᠗᠗᠗ ᠵᠢᠯ ᠦᠨ ᠳᠠᠷᠠᠭ᠎ᠠ ᠮᠣᠩ᠋ᠭᠤᠯ ᠳᠤ ᠢᠷᠡᠭᠰᠡᠨ ᠠᠩᠬᠠᠨ ᠤ ᠫᠠᠫ᠂ ᠭᠡᠭᠡᠨ ᠰᠢᠷᠡᠭᠡᠲᠦ ᠤᠯᠤᠰ ᠤᠨ ᠲᠥᠷᠦ ᠢᠢᠨ ᠲᠡᠷᠢᠭᠦᠨ ᠶᠤᠮ᠃
ᠫᠠᠫ ᠫᠷᠠᠨ᠋ᠼᠢᠰ ᠲᠥᠷᠦ ᠢᠢᠨ ᠠᠢᠢᠯᠴᠢᠯᠠᠯ ᠤᠨ ᠢᠶᠠᠨ ᠦᠶ᠎ᠡ ᠪᠡᠷ ᠣᠯᠠᠨ ᠨᠡᠢᠢᠲᠡ ᠳᠥ ᠬᠠᠨᠳᠤᠵᠤ ᠬᠡᠯᠡᠭᠰᠡᠨ ᠦᠭᠡᠨ ᠳᠥ ᠪᠡᠨ᠂ ᠮᠠᠨ ᠤ ᠤᠯᠤᠰ ᠤᠨ ᠳᠡᠯᠡᠬᠡᠶ ᠳ᠋ᠠᠬᠢᠨ ᠤ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠤᠨ ᠲᠥᠯᠦᠭᠡᠬᠢ ᠬᠦᠴᠦ ᠴᠢᠷᠮᠠᠢᠢᠯᠲᠠ ᠳᠤ ᠣᠷᠤᠭᠤᠯᠵᠤ ᠪᠤᠢ ᠬᠤᠪᠢ ᠨᠡᠮᠡᠷᠢ ᠢᠢ ᠥᠨᠳᠦᠷ ᠢᠶᠡᠷ ᠦᠨᠡᠯᠡᠵᠦ᠂ «ᠮᠣᠩ᠋ᠭᠤᠯ ᠤᠯᠤᠰ ᠪᠣᠯ ᠣᠶᠤᠨ ᠰᠠᠨᠠᠭ᠎ᠠ᠂ ᠰᠦᠰᠦᠭ ᠪᠢᠰᠢᠷᠡᠯ ᠦᠨ ᠡᠷᠬᠡ ᠴᠢᠯᠦᠭᠡᠨ ᠦ ᠪᠡᠯᠭᠡ ᠲᠡᠮᠳᠡᠭ» ᠬᠡᠮᠡᠨ ᠲᠣᠳᠤᠷᠬᠠᠢᠢᠯᠠᠵᠤ ᠪᠠᠢᠢᠯ᠎ᠠ᠃

ᠫᠠᠫ ᠫᠷᠠᠨ᠋ᠼᠢᠰ ᠨᠢ ᠤᠯᠤᠰ ᠤᠨ ᠢᠶᠠᠨ ᠲᠥᠷᠦ ᠢᠢᠨ ᠲᠡᠷᠢᠭᠦᠨ᠂ ᠻᠠᠲ᠋ᠣᠯᠢᠭ ᠱᠠᠰᠢᠨ ᠤ ᠣᠶᠤᠨ ᠰᠠᠨᠠᠭᠠᠨ ᠤ ᠤᠳᠤᠷᠢᠳᠤᠭᠴᠢ ᠪᠠᠷ ᠑᠒ ᠵᠢᠯ ᠠᠵᠢᠯᠯᠠᠬᠤ ᠳᠤ ᠪᠠᠨ ᠳᠠᠶᠠᠩ ᠳᠡᠯᠡᠬᠡᠶ ᠳᠥ ᠡᠩᠬᠡ ᠲᠠᠢᠢᠪᠤᠩ ᠢ ᠴᠣᠭᠴᠠᠯᠠᠭᠠᠬᠤ᠂ ᠤᠯᠤᠰ ᠲᠦᠮᠡᠨ ᠦ ᠣᠢᠢᠯᠠᠭᠠᠯᠴᠠᠯ᠂ ᠬᠠᠷᠢᠯᠴᠠᠨ ᠬᠦᠨᠳᠦᠳᠬᠡᠯ᠂ ᠡᠨᠡᠷᠢᠯ ᠨᠢᠭᠦᠯᠡᠰᠦᠯ ᠢ ᠲᠦᠭᠡᠭᠡᠨ ᠳᠡᠯᠭᠡᠷᠡᠭᠦᠯᠬᠦ ᠳᠥ ᠴᠢᠬᠤᠯᠠ ᠬᠤᠪᠢ ᠨᠡᠮᠡᠷᠢ ᠣᠷᠤᠭᠤᠯᠤᠭᠰᠠᠨ ᠡᠷᠬᠢᠮ ᠬᠦᠮᠦᠨ ᠶᠤᠮ᠃




