ᠭᠣᠣᠯ ᠨᠡᠷ᠎ᠡ ᠢᠢᠨ ᠬᠦᠨᠡᠰᠦᠨ ᠦ ᠪᠦᠲᠦᠭᠡᠭ᠍ᠳᠡᠬᠦᠨ ᠢᠶᠡᠷ ᠳᠣᠲᠤᠭᠠᠳᠤ ᠢᠢᠨ ᠬᠡᠷᠡᠭᠴᠡᠭᠡ ᠪᠡᠨ ᠬᠠᠩ᠋ᠭᠠᠬᠤ᠂ ᠤᠯᠠᠮ ᠢᠶᠠᠷ ᠬᠦᠨᠡᠰᠦ ᠡᠻᠰᠫᠣᠷᠲ᠋ᠯᠠᠭᠴᠢ ᠣᠷᠤᠨ ᠪᠣᠯᠬᠤ ᠵᠣᠷᠢᠯᠭ᠎ᠠ ᠲᠠᠢ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠥᠷᠨᠢᠭᠰᠡᠨ ᠡᠴᠡ ᠬᠣᠢᠢᠰᠢ ᠭᠤᠷᠪᠠᠨ ᠵᠢᠯ ᠥᠩ᠋ᠭᠡᠷᠡᠵᠦ ᠪᠠᠢᠢᠨ᠎ᠠ᠃
ᠬᠥᠳᠡᠯᠭᠡᠭᠡᠨ ᠳᠥ ᠨᠢᠭᠡᠳᠦᠨ᠂ ᠢᠷᠭᠡᠳ ᠢᠶᠡᠨ ᠡᠷᠡᠭᠦᠯ᠂ ᠠᠶᠤᠯ ᠦᠭᠡᠢ ᠬᠦᠨᠡᠰᠦ ᠪᠡᠷ ᠬᠠᠩ᠋ᠭᠠᠬᠤ ᠦᠢᠯᠡᠰ ᠲᠥ ᠬᠤᠪᠢ ᠨᠡᠮᠡᠷᠢ ᠪᠡᠨ ᠣᠷᠤᠭᠤᠯᠵᠤ ᠪᠠᠢᠢᠭ᠎ᠠ ᠕᠔ ᠠᠵᠤ ᠠᠬᠤᠶ ᠢᠢᠨ ᠨᠢᠭᠡᠴᠡ ᠪᠤᠰᠤᠳ ᠢ ᠪᠠᠨ ᠲᠥᠯᠦᠭᠡᠯᠡᠨ ᠕᠓᠐ ᠭᠠᠷᠤᠶ ᠰᠢᠨ᠎ᠡ ᠪᠦᠲᠦᠭᠡᠭ᠍ᠳᠡᠬᠦᠨ ᠢᠶᠡᠨ ᠲᠠᠨᠢᠯᠴᠠᠭᠤᠯᠤᠯ᠎ᠠ᠃
᠒᠐᠒᠒-᠒᠐᠒᠕ ᠣᠨ ᠳᠤ «ᠬᠦᠨᠡᠰᠦᠨ ᠦ ᠬᠤᠪᠢᠰᠬᠠᠯ» ᠊ᠤᠨ ᠬᠦᠷᠢᠶᠡᠨ ᠳᠥ ᠒᠂᠕᠐᠐ ᠭᠠᠷᠤᠶ ᠠᠵᠤ ᠠᠬᠤᠶ ᠢᠢᠨ ᠨᠢᠭᠡᠴᠡ ᠑.᠓ ᠶᠡᠬᠡ ᠨᠠᠶᠤᠳ ᠲᠥᠭᠦᠷᠢᠭ᠌ ᠦᠨ ᠤᠷᠲᠤ ᠬᠤᠭᠤᠴᠠᠭ᠎ᠠ ᠲᠠᠢ᠂ ᠪᠠᠭ᠎ᠠ ᠬᠦ᠋ᠥ ᠲᠡᠢ᠂ ᠬᠥᠩ᠋ᠭᠡᠯᠡᠯᠲᠡᠲᠡᠢ ᠵᠢᠭᠡᠯᠡ ᠠᠪᠤᠭᠰᠠᠨ ᠪᠠᠢᠢᠨ᠎ᠠ᠃
ᠡᠭᠦᠨ ᠦ ᠳ᠋ᠦᠩ ᠳᠥ ᠠᠵᠤ ᠠᠬᠤᠶ ᠢᠢᠨ ᠨᠢᠭᠡᠴᠡ ᠨᠤᠭᠦᠳ ᠦᠨ ᠬᠦᠴᠦᠨ ᠴᠢᠳᠠᠯ ᠳᠣᠣᠷᠠᠳᠤ ᠲᠠᠯ᠎ᠠ ᠨᠢ ᠬᠣᠶᠠᠷ ᠳᠠᠬᠢᠨ ᠨᠡᠮᠡᠭᠳᠡᠯ᠎ᠡ᠃ ᠕᠓ ᠦᠢᠯᠡᠳᠪᠦᠷᠢ ᠠᠰᠢᠭᠯᠠᠯᠲᠠ ᠳᠤ ᠣᠷᠤᠵᠤ᠂ ᠬᠦᠨᠡᠰᠦᠨ ᠦ ᠑᠂᠐᠐᠐ ᠭᠠᠷᠤᠶ ᠨᠡᠷ᠎ᠡ ᠲᠥᠷᠦᠯ ᠦᠨ ᠪᠦᠲᠦᠭᠡᠭ᠍ᠳᠡᠬᠦᠨ ᠰᠢᠨ᠎ᠡ ᠪᠡᠷ ᠦᠢᠯᠡᠳᠪᠦᠷᠢᠯᠡᠵᠦ ᠪᠠᠢᠢᠨ᠎ᠠ᠃
«ᠬᠦᠨᠡᠰᠦᠨ ᠦ ᠬᠤᠪᠢᠰᠬᠠᠯ» ᠬᠥᠳᠡᠯᠭᠡᠭᠡᠨ᠂ «ᠠᠲᠠᠷ ᠤᠨ IV ᠠᠶᠠᠨ»᠂ «ᠰᠢᠨ᠎ᠡ ᠬᠣᠷᠰᠢᠶ᠎ᠠ»᠂ «ᠴᠠᠭᠠᠨ ᠠᠯᠲᠠ» ᠬᠥᠲᠦᠯᠪᠦᠷᠢ ᠢᠢᠨ ᠳ᠋ᠦᠩ ᠳᠥ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠰᠠᠯᠪᠤᠷᠢ ᠳᠤ ᠔᠔ ᠮᠢᠩ᠋ᠭᠠᠨ ᠠᠵᠢᠯ ᠤᠨ ᠪᠠᠢᠢᠷᠢ ᠰᠢᠨ᠎ᠡ ᠪᠡᠷ ᠪᠤᠢ ᠪᠣᠯᠤᠯ᠎ᠠ᠃ ᠳᠣᠲᠤᠭᠠᠳᠤ ᠢᠢᠨ ᠨᠡᠢᠢᠲᠡ ᠪᠦᠲᠦᠭᠡᠭ᠍ᠳᠡᠬᠦᠨ ᠦ ᠖᠐ ᠭᠠᠷᠤᠶ ᠬᠤᠪᠢ ᠢᠢ ᠬᠥᠩ᠋ᠭᠡᠨ᠂ ᠬᠦᠨᠡᠰᠦᠨ ᠦ ᠰᠠᠯᠪᠤᠷᠢ ᠪᠦᠷᠢᠳᠦᠭᠦᠯᠵᠦ ᠪᠠᠢᠢᠨ᠎ᠠ᠃ ᠡᠳᠡᠭᠡᠷ ᠨᠢ ᠳᠡᠭᠡᠷᠡᠬᠢ ᠰᠠᠯᠪᠤᠷᠢ ᠨᠤᠭᠤᠳ ᠲᠤ ᠲᠣᠭᠲᠠᠪᠤᠷᠢᠲᠠᠢ᠂ ᠻᠯᠠᠰᠲ᠋ᠧᠷ ᠰᠢᠰᠲ᠋ᠧᠮ ᠦᠨ ᠰᠠᠭᠤᠷᠢ ᠪᠡᠬᠢᠵᠢᠵᠦ ᠪᠠᠢᠢᠭ᠎ᠠ ᠢᠢᠨ ᠢᠯᠡᠷᠡᠯ ᠭᠡᠵᠦ ᠪᠣᠯᠤᠨ᠎ᠠ᠃

ᠶᠡᠷᠦᠩᠬᠡᠢᠢᠯᠡᠭᠴᠢ ᠤ᠂ ᠬᠦᠷᠡᠯᠰᠦ᠋ᠬᠡ «ᠬᠦᠨᠡᠰᠦᠨ ᠦ ᠬᠤᠪᠢᠰᠬᠠᠯ» ᠳ᠋ᠤ ᠨᠢᠭᠡᠳᠦᠨ᠂ ᠦᠢᠯᠡᠳᠪᠦᠷᠢᠯᠡᠯ ᠢᠶᠡᠨ ᠥᠷᠭᠡᠵᠢᠭᠦᠯᠵᠦ᠂ ᠣᠯᠠᠨ ᠮᠢᠩ᠋ᠭᠠᠨ ᠠᠵᠢᠯ ᠤᠨ ᠪᠠᠢᠢᠷᠢ ᠪᠤᠢ ᠪᠣᠯᠭᠠᠨ᠂ ᠲᠠᠲᠠᠪᠤᠷᠢ ᠪᠠᠨ ᠲᠥᠯᠦᠵᠢ ᠪᠠᠢᠢᠭ᠎ᠠ ᠠᠵᠤ ᠠᠬᠤᠶ ᠢᠢᠨ ᠨᠢᠭᠡᠴᠡ᠂ ᠪᠠᠶᠠᠯᠢᠭ ᠪᠦᠲᠦᠭᠡᠭ᠍ᠴᠢᠳ ᠲᠥ ᠪᠣᠯᠤᠨ ᠬᠠᠮᠲᠤᠷᠠᠨ ᠠᠵᠢᠯᠯᠠᠵᠤ ᠪᠠᠢᠢᠭ᠎ᠠ ᠲᠥᠷᠦ᠂ ᠲᠥᠷᠦ ᠢᠢᠨ ᠪᠤᠰᠤ ᠪᠠᠢᠢᠭᠤᠯᠤᠯᠭ᠎ᠠ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠲᠤ ᠲᠠᠯᠠᠷᠬᠠᠯ ᠢᠯᠡᠷᠬᠡᠢᠢᠯᠡᠯ᠎ᠡ᠃

ᠲᠥᠷᠦ᠂ ᠵᠠᠰᠠᠭ ᠤᠨ ᠲᠣᠭᠲᠠᠪᠤᠷᠢᠲᠠᠢ ᠪᠣᠳᠤᠯᠭ᠎ᠠ᠂ ᠳᠡᠮᠵᠢᠯᠭᠡ᠂ ᠲᠥᠷᠦ-ᠬᠤᠪᠢ ᠢᠢᠨ ᠬᠡᠪᠰᠢᠯ ᠦᠨ ᠬᠠᠮᠲᠤ ᠢᠢᠨ ᠠᠵᠢᠯᠯᠠᠭ᠎ᠠ ᠦᠷ᠎ᠡ ᠳ᠋ᠦᠩ ᠳᠥ ᠬᠦᠷᠳᠡᠭ᠂ ᠮᠣᠩ᠋ᠭᠤᠯᠴᠤᠳ ᠨᠢᠭᠡᠳᠴᠦ᠂ ᠬᠠᠮᠲᠤᠷᠠᠨ ᠵᠢᠳᠬᠦᠪᠡᠯ ᠶᠠᠭᠤ ᠢᠢ ᠴᠦ ᠪᠦᠲᠦᠭᠡᠵᠦ ᠴᠢᠳᠠᠳᠠᠭ ᠢ «ᠬᠦᠨᠡᠰᠦᠨ ᠦ ᠬᠤᠪᠢᠰᠬᠠᠯ» ᠬᠠᠷᠠᠭᠤᠯᠵᠤ ᠪᠠᠢᠢᠭ᠎ᠠ ᠢᠢ ᠬᠡᠯᠡᠯ᠎ᠡ᠃
ᠴᠢᠨᠠᠭᠰᠢᠳᠠ ᠣᠯᠤᠯᠲᠠ᠂ ᠠᠮᠵᠢᠯᠲᠠ ᠪᠠᠨ ᠤᠯᠠᠮ ᠪᠠᠲᠤᠳᠬᠠᠵᠤ᠂ ᠠᠵᠤ ᠠᠬᠤᠶ ᠢᠢᠨ ᠨᠢᠭᠡᠴᠡ ᠨᠤᠭᠦᠳ᠂ ᠪᠠᠶᠠᠯᠢᠭ ᠪᠦᠲᠦᠭᠡᠭ᠍ᠴᠢᠳ ᠢᠶᠡᠨ ᠳᠡᠮᠵᠢᠬᠦ ᠢᠢᠨ ᠵᠡᠷᠭᠡᠴᠡᠭᠡ ᠠᠷᠠᠳ ᠢᠷᠭᠡᠳ ᠢ ᠡᠬᠡ ᠣᠷᠤᠨᠴᠢ ᠬᠤᠳᠠᠯᠳᠤᠨ ᠠᠪᠤᠯᠲᠠ ᠬᠢᠵᠦ ᠪᠠᠢᠢᠬᠤ ᠢᠢ ᠤᠷᠢᠶᠠᠯᠠᠯ᠎ᠠ᠃
ᠭᠠᠳᠠᠭᠠᠳᠤ ᠢᠢᠨ ᠤᠯᠤᠰ ᠣᠷᠤᠨ ᠨᠤᠭᠤᠳ᠂ ᠲᠤᠬᠠᠢᠢᠯᠠᠪᠠᠯ ᠯᠠᠲ᠋ᠢᠨ ᠠᠮᠧᠷᠢᠻᠠ᠂ ᠧᠦ᠋ᠷᠣᠫᠠ᠂ ᠠᠽᠢ ᠢᠢᠨ ᠣᠯᠠᠨ ᠣᠷᠤᠨ ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠢᠶᠠᠨ ᠬᠠᠩ᠋ᠭᠠᠬᠤ ᠳᠤ ᠳᠤᠮᠳᠠᠵᠢ ᠪᠠᠷ ᠒᠐-᠓᠐ ᠵᠢᠯ ᠵᠠᠷᠤᠴᠠᠭᠤᠯᠤᠭᠰᠠᠨ ᠪᠠᠢᠢᠳᠠᠭ᠃
ᠡᠢᠢᠮᠦ ᠡᠴᠡ «ᠬᠦᠨᠡᠰᠦᠨ ᠦ ᠬᠤᠪᠢᠰᠬᠠᠯ» ᠊ᠤᠨ ᠬᠤᠭᠤᠴᠠᠭ᠎ᠠ ᠢᠢ ᠲᠠᠪᠤᠨ ᠵᠢᠯ ᠭᠡᠵᠦ ᠬᠢᠵᠠᠭᠠᠷᠯᠠᠯ ᠦᠭᠡᠢ᠂ ᠲᠤᠭᠤᠰᠢᠲᠠᠢ ᠦᠷᠭᠦᠯᠵᠢᠯᠡᠭᠦᠯᠬᠦ ᠨᠢ ᠵᠦᠢ ᠲᠡᠢ ᠭᠡᠵᠦ ᠦᠵᠡᠳᠡᠭ ᠢᠶᠡᠨ ᠦᠨᠳᠦᠰᠦᠨ ᠦ ᠦᠢᠯᠡᠳᠪᠦᠷᠢᠯᠡᠭᠴᠢᠳ᠂ ᠠᠵᠤ ᠠᠬᠤᠶ ᠢᠢᠨ ᠨᠢᠭᠡᠴᠡ᠂ ᠪᠠᠶᠠᠯᠢᠭ ᠪᠦᠲᠦᠭᠡᠭ᠍ᠴᠢᠳ᠂ ᠢᠷᠭᠡᠳ ᠢᠯᠡᠷᠬᠡᠢᠢᠯᠡᠵᠦ ᠪᠠᠢᠢᠯ᠎ᠠ᠃
ᠥᠩ᠋ᠭᠡᠷᠡᠭᠰᠡᠨ ᠬᠤᠭᠤᠴᠠᠭᠠᠨ ᠳᠤ «ᠬᠦᠨᠡᠰᠦᠨ ᠦ ᠬᠤᠪᠢᠰᠬᠠᠯ»᠂ «ᠴᠠᠭᠠᠨ ᠠᠯᠲᠠ» ᠊ᠢᠢᠨ ᠬᠦᠷᠢᠶᠡᠨ ᠳᠥ ᠠᠵᠤ ᠠᠬᠤᠶ ᠢᠢᠨ ᠨᠢᠭᠡᠴᠡ ᠨᠤᠭᠦᠳ ᠲᠥ ᠓᠐᠐ ᠭᠠᠷᠤᠶ ᠲᠡᠷᠪᠤᠮ ᠲᠥᠭᠦᠷᠢᠭ᠌ ᠦᠨ ᠲᠠᠲᠠᠪᠤᠷᠢ ᠢᠢᠨ ᠬᠥᠩ᠋ᠭᠡᠯᠡᠯᠲᠡ᠂ ᠵᠢᠭᠡᠯᠡ ᠢᠢᠨ ᠬᠦ᠋ᠦ ᠢᠢᠨ ᠳᠡᠮᠵᠢᠯᠭᠡ ᠦᠵᠡᠭᠦᠯᠵᠡᠶ᠃
ᠵᠢᠭᠡᠯᠡ ᠢᠢᠨ ᠪᠠᠲᠤᠯᠠᠨ ᠳᠠᠭᠠᠭᠠᠯᠲᠠ ᠢᠢᠨ ᠰᠠᠩ ᠪᠠᠷᠢᠴᠠᠭ᠎ᠠ ᠬᠥᠷᠦᠩ᠋ᠭᠡ ᠢᠢᠨ ᠱᠠᠭᠠᠷᠳᠠᠯᠭ᠎ᠠ ᠬᠠᠩ᠋ᠭᠠᠬᠤ ᠦᠭᠡᠢ ᠠᠵᠤ ᠠᠬᠤᠶ ᠢᠢᠨ ᠨᠢᠭᠡᠴᠡ ᠨᠤᠭᠦᠳ ᠲᠥ ᠵᠢᠭᠡᠯᠡ ᠢᠢᠨ ᠬᠢ ᠨᠢ ᠖᠐ ᠬᠦᠷᠲᠡᠯ᠎ᠡ ᠬᠤᠪᠢ ᠳᠤ ᠪᠠᠲᠤᠯᠠᠭ᠎ᠠ ᠭᠠᠷᠭᠠᠵᠤ ᠪᠠᠢᠢᠨ᠎ᠠ᠃

«ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ:
• ᠵᠢᠯ ᠦᠨ ᠑.᠕ ᠲᠡᠷᠪᠤᠮ ᠲᠥᠭᠦᠷᠢᠭ᠌ ᠡᠴᠡ ᠳᠣᠭᠤᠭᠰᠢ ᠪᠣᠷᠤᠯᠠᠭᠤᠯᠤᠯᠲᠠ ᠢᠢᠨ ᠣᠷᠤᠯᠭ᠎ᠠ ᠲᠠᠢ ᠠᠵᠤ ᠠᠬᠤᠶ ᠢᠢᠨ ᠨᠢᠭᠡᠴᠡ ᠨᠤᠭᠦᠳ ᠦᠨ ᠣᠷᠤᠯᠭ᠎ᠠ ᠢᠢᠨ ᠠᠯᠪᠠᠨ ᠲᠠᠲᠠᠪᠤᠷᠢ ᠢᠢ ᠙᠐ ᠬᠤᠪᠢ ᠪᠠᠷ ᠬᠥᠩ᠋ᠭᠡᠯᠡᠭᠰᠡᠨ᠂
• ᠦᠷ᠎ᠡ ᠲᠠᠷᠢᠶ᠎ᠠ᠂ ᠲᠥᠮᠦᠰᠦ᠂ ᠬᠦᠨᠡᠰᠦᠨ ᠦ ᠨᠣᠭᠤᠭ᠎ᠠ᠂ ᠰᠦᠨ᠂ ᠵᠢᠮᠢᠰ᠂ ᠵᠢᠮᠢᠰᠬᠡᠨ᠎ᠡ᠂ ᠲᠡᠵᠢᠭᠡᠯ᠂ ᠲᠡᠵᠢᠭᠡᠯ ᠦᠨ ᠤᠷᠭᠤᠮᠠᠯ ᠲᠠᠷᠢᠶᠠᠯᠠᠭᠰᠠᠨ᠂ ᠮᠢᠬ᠎ᠠ᠂ ᠮᠢᠬᠠᠨ ᠪᠦᠲᠦᠭᠡᠭ᠍ᠳᠡᠬᠦᠨ ᠦᠢᠯᠡᠳᠪᠦᠷᠢᠯᠡᠭᠰᠡᠨ ᠡᠷᠴᠢᠮᠵᠢᠭᠰᠡᠨ ᠲᠠᠬᠢᠶᠠᠨ ᠤ ᠠᠵᠤ ᠠᠬᠤᠶ ᠢᠢᠨ ᠣᠷᠤᠯᠭ᠎ᠠ ᠢᠢᠨ ᠠᠯᠪᠠᠨ ᠲᠠᠲᠠᠪᠤᠷᠢ ᠢᠢ ᠕᠐ ᠬᠤᠪᠢ ᠪᠠᠷ ᠬᠥᠩ᠋ᠭᠡᠯᠡᠭᠰᠡᠨ᠂
• ᠬᠦᠨᠡᠰᠦ᠂ ᠬᠥᠳᠡᠭᠡ ᠠᠵᠤ ᠠᠬᠤᠶ ᠢᠢᠨ ᠭᠠᠷᠤᠯᠲᠠᠢ ᠲᠡᠭᠦᠬᠡᠶ ᠡᠳ᠋ ᠪᠣᠯᠪᠠᠰᠤᠷᠠᠭᠤᠯᠬᠤ ᠵᠣᠷᠢᠭᠤᠯᠤᠯᠲᠠ ᠲᠠᠢ᠂ ᠲᠤᠬᠠᠶ ᠢᠢᠨ ᠦᠢᠯᠡᠳᠪᠦᠷᠢ ᠢᠢᠨ ᠦᠨᠳᠦᠰᠦᠨ ᠬᠥᠷᠦᠩ᠋ᠭᠡ ᠪᠡᠷ ᠪᠦᠷᠢᠳᠬᠡᠭ᠍ᠳᠡᠬᠦ ᠰᠢᠨ᠎ᠡ ᠲᠣᠨᠤᠭ ᠲᠥᠬᠦᠭᠡᠷᠦᠮᠵᠢ ᠢᠢ ᠒᠐᠒᠗ ᠣᠨ ᠬᠦᠷᠲᠡᠯ᠎ᠡ ᠢᠮᠫᠣᠷᠲ ᠤᠨ ᠭᠠᠢᠢᠯᠢ ᠢᠢᠨ ᠠᠯᠪᠠᠨ ᠲᠠᠲᠠᠪᠤᠷᠢ ᠠᠴᠠ ᠪᠦᠷᠢᠨ ᠴᠢᠯᠦᠭᠡᠯᠡᠭᠰᠡᠨ᠂
• ᠳᠣᠲᠤᠭᠠᠳᠤ ᠳᠤ ᠪᠠᠨ ᠲᠠᠷᠢᠵᠤ ᠪᠣᠷᠤᠯᠠᠭᠤᠯᠤᠭᠰᠠᠨ ᠦᠷ᠎ᠡ ᠲᠠᠷᠢᠶ᠎ᠠ᠂ ᠲᠥᠮᠦᠰᠦ᠂ ᠬᠦᠨᠡᠰᠦᠨ ᠦ ᠨᠣᠭᠤᠭ᠎ᠠ᠂ ᠰᠠᠭᠤᠯᠭᠠᠴᠠ᠂ ᠵᠢᠮᠢᠰ ᠵᠢᠮᠢᠰᠬᠡᠨ᠎ᠡ᠂ ᠭᠤᠯᠢᠷ ᠢ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ᠂ ᠳᠣᠲᠤᠭᠠᠳᠤ ᠳᠤ ᠪᠠᠨ ᠦᠢᠯᠡᠳᠪᠦᠷᠢ ᠢᠢᠨ ᠠᠷᠭ᠎ᠠ ᠪᠠᠷ ᠲᠥᠬᠦᠭᠡᠷᠴᠦ ᠪᠡᠯᠡᠳᠬᠡᠨ ᠳᠣᠲᠤᠭᠠᠳᠤ ᠳᠤ ᠪᠠᠨ ᠪᠣᠷᠤᠯᠠᠭᠤᠯᠤᠭᠰᠠᠨ ᠲᠤᠷᠤᠭ ᠪᠣᠯᠤᠨ ᠱᠤᠯᠤᠵᠤ ᠠᠩ᠋ᠭᠢᠯᠠᠭᠰᠠᠨ ᠮᠢᠬ᠎ᠠ᠂ ᠪᠣᠯᠪᠠᠰᠤᠷᠠᠭᠤᠯᠤᠭ᠎ᠠ ᠦᠭᠡᠢ ᠳᠣᠲᠤᠷ᠎ᠠ ᠡᠷᠬᠡᠲᠡᠨ᠂ ᠳᠠᠢᠢᠪᠤᠷᠢ ᠪᠦᠲᠦᠭᠡᠭ᠍ᠳᠡᠬᠦᠨ ᠢ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ ᠴᠢᠯᠦᠭᠡᠯᠡᠭᠰᠡᠨ᠂
• ᠳᠣᠲᠤᠭᠠᠳᠤ ᠢᠢᠨ ᠲᠡᠭᠦᠬᠡᠶ ᠡᠳ᠋ ᠢᠶᠡᠷ ᠪᠣᠯᠪᠠᠰᠤᠷᠠᠭᠤᠯᠵᠤ᠂ ᠳᠣᠲᠤᠭᠠᠳᠤ ᠳᠤ ᠪᠠᠨ ᠪᠣᠷᠤᠯᠠᠭᠤᠯᠤᠭᠰᠠᠨ ᠬᠦᠨᠡᠰᠦᠨ ᠦ ᠰᠦᠨ᠂ ᠰᠦᠨ ᠪᠦᠲᠦᠭᠡᠭ᠍ᠳᠡᠬᠦᠨ ᠢ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ ᠴᠢᠯᠦᠭᠡᠯᠡᠭᠰᠡᠨ᠂
• ᠢᠮᠫᠣᠷᠲ ᠤᠨ ᠪᠣᠯᠤᠨ ᠳᠣᠲᠤᠭᠠᠳᠤ ᠳᠤ ᠪᠣᠷᠤᠯᠠᠭᠤᠯᠤᠭᠰᠠᠨ ᠬᠥᠳᠡᠭᠡ ᠠᠵᠤ ᠠᠬᠤᠶ ᠢᠢᠨ ᠵᠣᠷᠢᠭᠤᠯᠤᠯᠲᠠ ᠲᠠᠢ ᠰᠢᠨ᠎ᠡ ᠲᠷᠠᠻᠲ᠋ᠣᠷ᠂ ᠻᠣᠮᠪᠠᠢᠢᠨ᠂ ᠮᠠᠱᠢᠨ ᠮᠧᠬᠠᠨᠢᠰᠮ᠂ ᠤᠰᠤᠯᠠᠭ᠎ᠠ᠂ ᠬᠦᠯᠡᠮᠵᠢ ᠢᠢᠨ ᠲᠣᠨᠤᠭ ᠲᠥᠬᠦᠭᠡᠷᠦᠮᠵᠢ᠂ ᠣᠢ ᠢᠢᠨ ᠪᠣᠯᠤᠨ ᠰᠢᠪᠠᠭᠤᠨ ᠤ ᠠᠵᠤ ᠠᠬᠤᠶ ᠢᠢᠨ ᠲᠧᠭᠨᠢᠭ᠂ ᠲᠣᠨᠤᠭ ᠲᠥᠬᠦᠭᠡᠷᠦᠮᠵᠢ᠂ ᠪᠣᠷᠳᠤᠭ᠎ᠠ᠂ ᠤᠷᠭᠤᠮᠠᠯ ᠬᠠᠮᠠᠭᠠᠯᠠᠯ ᠤᠨ ᠪᠣᠳᠠᠰ ᠢ ᠒᠐᠒᠕ ᠣᠨ ᠬᠦᠷᠲᠡᠯ᠎ᠡ ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ ᠪᠦᠷᠢᠨ ᠴᠢᠯᠦᠭᠡᠯᠡᠭᠰᠡᠨ ᠶᠤᠮ᠃




















