ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ ᠑᠑᠔ ᠵᠢᠯ ᠦᠨ ᠣᠢ ᠳᠤ ᠵᠣᠷᠢᠭᠤᠯᠤᠭᠰᠠᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠤ ᠢᠢᠨ ᠲᠥᠯᠦᠭᠡᠬᠢ ᠴᠢᠨᠰᠠᠭ᠎ᠠ ᠥᠨᠳᠦᠷ᠂ ᠬᠦᠴᠦᠲᠦ ᠑᠒᠘ ᠪᠥᠬᠡ ᠢᠢᠨ ᠪᠠᠷᠢᠯᠳᠤᠭᠠᠨ ᠥᠨᠦᠳᠦᠷ ᠮᠣᠩ᠋ᠭᠤᠯ ᠪᠥᠬᠡ ᠢᠢᠨ ᠥᠷᠭᠦᠭᠡᠨ ᠳᠥ ᠪᠣᠯᠤᠯ᠎ᠠ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠤ ᠢᠢᠨ ᠲᠥᠯᠦᠭᠡᠬᠢ ᠪᠠᠷᠢᠯᠳᠤᠭᠠᠨ ᠳᠤ ᠤᠪᠰᠤ ᠠᠢᠢᠮᠠᠭ ᠤᠨ ᠳᠠᠪᠤᠰᠤᠲᠤ ᠰᠤᠮᠤ ᠢᠢᠨ ᠬᠠᠷᠢᠶᠠᠲᠤ᠂ ᠤᠯᠤᠰ ᠤᠨ ᠠᠪᠤᠷᠭᠤ ᠫ᠊᠂ ᠪᠦᠷᠢᠨᠲᠡᠭᠦᠰ᠂ ᠬᠣᠪᠳᠤ ᠠᠢᠢᠮᠠᠭ ᠤᠨ ᠪᠤᠶᠠᠨᠲᠤ ᠰᠤᠮᠤ ᠢᠢᠨ ᠬᠠᠷᠢᠶᠠᠲᠤ᠂ ᠤᠯᠤᠰ ᠤᠨ ᠠᠪᠤᠷᠭᠤ ᠣ᠂ ᠬᠠᠩ᠋ᠭᠠᠢ᠂ ᠬᠥᠪᠰᠦᠭᠦᠯ ᠠᠢᠢᠮᠠᠭ ᠤᠨ ᠲᠣᠰᠤᠨᠴᠡᠩᠬᠡᠯ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠴ᠊᠂ ᠰᠣᠳᠨᠠᠮᠳᠣᠷᠵᠢ᠂ ᠰᠡᠯᠡᠩᠬᠡ ᠠᠢᠢᠮᠠᠭ ᠤᠨ ᠴᠠᠭᠠᠨᠨᠠᠭᠤᠷ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠪᠠ᠊᠂ ᠣᠷᠬᠤᠨᠪᠠᠶᠠᠷ᠂ ᠬᠡᠨᠲᠡᠶ ᠠᠢᠢᠮᠠᠭ ᠤᠨ ᠡᠮᠦᠨᠡᠳᠡᠯᠭᠡᠷ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠡ᠊᠂ ᠣᠶᠤᠨᠪᠣᠯᠤᠳ᠂ ᠥᠪᠦᠷᠬᠠᠩ᠋ᠭᠠᠶ ᠠᠢᠢᠮᠠᠭ ᠤᠨ ᠲᠥᠭᠦᠷᠢᠭ᠌ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠴ᠊᠂ ᠪᠢᠮᠪᠠ-ᠣᠳᠬᠠᠨ᠂ ᠠᠷᠤᠬᠠᠩ᠋ᠭᠠᠶ ᠠᠢᠢᠮᠠᠭ ᠤᠨ ᠪᠤᠯᠠᠭᠠᠨ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠷ᠊᠂ ᠫᠦᠷᠪᠦᠳᠠᠭᠪᠠ᠂ ᠪᠠᠶᠠᠩᠬᠣᠩ᠋ᠭᠤᠷ ᠠᠢᠢᠮᠠᠭ ᠤᠨ ᠵᠢᠩᠰᠡᠲᠦ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠡ᠊᠂ ᠪᠠᠲᠤᠮᠠᠩᠨᠠᠶ ᠲᠡᠷᠢᠭᠦᠲᠡᠢ ᠬᠦᠴᠦᠲᠦ ᠑᠒᠘ ᠪᠥᠬᠡ ᠪᠠᠷᠢᠯᠳᠤᠭᠰᠠᠨ ᠠᠴᠠ ᠰᠡᠯᠡᠩᠬᠡ ᠠᠢᠢᠮᠠᠭ ᠤᠨ ᠴᠠᠭᠠᠨᠨᠠᠭᠤᠷ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠪᠠᠶᠠᠷᠰᠠᠢᠢᠬᠠᠨ ᠤ ᠣᠷᠬᠤᠨᠪᠠᠶᠠᠷ ᠲᠦᠷᠦᠭᠦᠯᠡᠵᠦ᠂ ᠬᠣᠪᠳᠤ ᠠᠢᠢᠮᠠᠭ ᠤᠨ ᠮᠥᠰᠦᠲᠦ ᠰᠤᠮᠤ ᠢᠢᠨ ᠬᠠᠷᠢᠶᠠᠲᠤ᠂ ᠠᠢᠢᠮᠠᠭ ᠤᠨ ᠠᠷᠰᠯᠠᠨ ᠮᠢᠭ᠌ᠮᠠᠷᠳᠣᠷᠵᠢ ᠢᠢᠨ ᠪᠠᠶᠠᠷᠵᠢᠪᠬᠤᠯᠠᠩ ᠦᠵᠦᠭᠦᠷᠯᠡᠯ᠎ᠡ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠡᠷᠦᠩᠬᠡᠢᠢᠯᠡᠭᠴᠢ ᠢᠢᠨ ᠨᠡᠷᠡᠮᠵᠢᠲᠦ ᠰᠢᠯᠵᠢᠨ ᠶᠠᠪᠤᠬᠤ ᠴᠣᠮᠤ ᠢᠢ ᠤᠯᠤᠰ ᠤᠨ ᠠᠷᠰᠯᠠᠨ ᠪᠠ᠊᠂ ᠣᠷᠬᠤᠨᠪᠠᠶᠠᠷ ᠲᠤ ᠭᠠᠷᠳᠠᠭᠤᠯᠵᠤ᠂ ᠪᠠᠶᠠᠷ ᠬᠦᠷᠭᠡᠪᠡ᠃ ᠮᠥᠨ ᠦᠵᠦᠭᠦᠷᠯᠡᠭᠰᠡᠨ ᠪᠣᠯᠤᠨ ᠶᠡᠬᠡ ᠰᠢᠪᠦᠭᠡ ᠢᠢᠨ ᠪᠥᠬᠡᠴᠦᠳ ᠲᠥ ᠳᠤᠷᠠᠰᠬᠠᠯ ᠤᠨ ᠵᠦᠢᠯ ᠭᠠᠷᠳᠠᠭᠤᠯᠤᠯ᠎ᠠ᠃
ᠤᠯᠤᠰ ᠤᠨ ᠠᠷᠰᠯᠠᠨ ᠪᠠ᠊᠂ ᠣᠷᠬᠤᠨᠪᠠᠶᠠᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠤ ᠢᠢ ᠒᠐᠒᠒ ᠣᠨ ᠳᠤ ᠬᠦᠷᠲᠡᠵᠦ ᠪᠠᠢᠢᠭᠰᠠᠨ ᠶᠤᠮ᠃





