Та "Internet explorer"-ийн сүүлийн хувилбар болох "Microsoft edge"-г ашиглана уу

Хэрэв "Microsoft edge"-г татах бол энд дарж татаж авна уу

᠒᠐᠒᠕ ᠣᠨ: ᠭᠠᠳᠠᠭᠠᠳᠤ ᠬᠠᠷᠢᠯᠴᠠᠭᠠᠨ ᠤ ᠰᠡᠷᠭᠦᠯᠲᠡ ᠢᠢ ᠪᠠᠲᠤᠳᠬᠠᠯ᠎ᠠ

ᠮᠠᠨ ᠤ ᠤᠯᠤᠰ ᠒᠐᠒᠔ ᠣᠨ ᠳᠤ ᠪᠤᠶᠤ ᠨᠢᠭᠡ ᠵᠢᠯ ᠦᠨ ᠳᠣᠲᠤᠷ᠎ᠠ ᠙ ᠤᠳᠠᠭ᠎ᠠ ᠲᠥᠷᠦ ᠢᠢᠨ ᠪᠣᠯᠤᠨ ᠠᠯᠪᠠᠨ ᠶᠣᠰᠤᠨ ᠤ ᠠᠢᠢᠯᠴᠢᠯᠠᠯ ᠬᠦᠯᠢᠶᠡᠨ ᠠᠪᠤᠭᠰᠠᠨ ᠨᠢ ᠤᠷᠢᠳᠤ ᠡᠮᠦᠨ᠎ᠡ ᠨᠢ ᠪᠠᠢᠢᠭ᠎ᠠ ᠦᠭᠡᠢ ᠲᠣᠬᠢᠶᠠᠯᠳᠤᠯ ᠪᠠᠢᠢᠯ᠎ᠠ᠃ ᠒᠐᠒᠔ ᠣᠨ ᠪᠣᠯ ᠲᠡᠦᠬᠡᠨ ᠳᠥ ᠪᠡᠨ ᠬᠠᠮᠤᠭ ᠤᠨ ᠣᠯᠠᠨ ᠠᠢᠢᠯᠴᠢᠯᠠᠯ ᠬᠦᠯᠢᠶᠡᠨ ᠠᠪᠤᠭᠰᠠᠨ᠂ ᠬᠠᠷᠢᠯᠴᠠᠨ ᠠᠰᠢᠭ ᠲᠠᠶ ᠬᠠᠮᠲᠤ ᠢᠢᠨ ᠠᠵᠢᠯᠯᠠᠭ᠎ᠠ ᠢᠢ ᠳᠡᠮᠵᠢᠭᠰᠡᠨ᠂ ᠪᠦᠬᠦᠢ ᠯᠠ ᠰᠠᠯᠪᠤᠷᠢ ᠳᠤ ᠪᠣᠳᠠᠲᠤ ᠦᠷ᠎ᠡ ᠳ᠋ᠦᠩ ᠭᠠᠷᠤᠭᠰᠠᠨ᠂ «ᠳᠡᠯᠡᠬᠡᠢ ᠢᠢ ᠮᠣᠩ᠋ᠭᠤᠯ ᠳᠤ» ᠭᠡᠰᠡᠨ ᠪᠣᠳᠤᠯᠭ᠎ᠠ ᠢᠢ ᠪᠠᠲᠤᠳᠬᠠᠭᠰᠠᠨ ᠵᠢᠯ ᠪᠠᠢᠢᠯ᠎ᠠ᠃

ᠲᠡᠭᠡᠪᠡᠯ ᠒᠐᠒᠕ ᠣᠨ ᠡᠮᠦᠨᠡᠬᠢ ᠣᠨ ᠵᠢᠯ ᠦᠳ ᠲᠥ ᠣᠯᠤᠭᠰᠠᠨ ᠣᠯᠤᠯᠲᠠ᠂ ᠠᠮᠵᠢᠯᠲᠠ ᠪᠠᠨ ᠪᠠᠲᠤᠳᠬᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠴᠠᠷ ᠬᠦᠷᠢᠶ᠎ᠡ ᠢᠢ ᠲᠡᠯᠡᠵᠦ᠂ ᠤᠯᠠᠮ ᠥᠷᠭᠡᠵᠢᠭᠦᠯᠦᠨ ᠬᠥᠭ᠍ᠵᠢᠭᠦᠯᠦᠭᠰᠡᠨ᠂ ᠭᠠᠳᠠᠭᠠᠳᠤ ᠬᠠᠷᠢᠯᠴᠠᠭᠠᠨ ᠤ ᠲᠡᠩᠴᠡᠪᠦᠷᠢᠲᠡᠢ ᠪᠣᠳᠤᠯᠭ᠎ᠠ ᠢᠢ ᠬᠠᠩ᠋ᠭᠠᠭᠰᠠᠨ ᠵᠢᠯ ᠪᠣᠯᠤᠯ᠎ᠠ᠃

ᠡᠨᠡ ᠵᠢᠯ ᠮᠣᠩ᠋ᠭᠤᠯ ᠤᠯᠤᠰ ᠤᠨ ᠶᠡᠷᠦᠩᠬᠡᠢᠢᠯᠡᠭᠴᠢ ᠲᠦᠷᠻ᠂ ᠴᠧᠬᠣ᠋᠂ ᠫᠣᠯᠠᠨ᠋ᠳ᠋᠂ ᠻᠢᠷᠭᠢᠽ᠂ ᠲ᠋ᠠᠵᠢᠻᠢᠰᠲ᠋ᠠᠨ᠂ ᠡᠨᠡᠳᠬᠡᠭ᠌᠂ ᠢᠲ᠋ᠠᠯᠢ᠂ ᠭᠡᠭᠡᠨ ᠰᠢᠷᠡᠭᠡᠲᠦ ᠤᠯᠤᠰ ᠲᠤ ᠲᠥᠷᠦ ᠢᠢᠨ ᠠᠢᠢᠯᠴᠢᠯᠠᠯ ᠬᠢᠭ᠍ᠰᠡᠨ ᠪᠣᠯ ᠦᠽᠪᠧᠻᠢᠰᠲ᠋ᠠᠨ᠂ ᠲᠦᠷᠻᠮᠧᠨᠢᠰᠲ᠋ᠠᠨ᠂ ᠠᠦ᠋ᠰᠲ᠋ᠷᠢᠶ᠎ᠠ᠂ ᠠᠦ᠋ᠰᠲ᠋ᠷᠠᠯᠢᠶ᠎ᠠ ᠢᠢᠨ ᠲᠥᠷᠦ ᠢᠢᠨ ᠲᠡᠷᠢᠭᠦᠨ᠂ ᠶᠠᠫᠣᠨ ᠤ ᠴᠣᠭ ᠵᠢᠪᠬᠤᠯᠠᠩᠲᠤ ᠡᠵᠡᠨ ᠬᠠᠭᠠᠨ ᠮᠠᠨ ᠤ ᠤᠯᠤᠰ ᠲᠤ ᠲᠥᠷᠦ ᠢᠢᠨ ᠠᠢᠢᠯᠴᠢᠯᠠᠯ ᠬᠢᠯ᠎ᠡ᠃

ᠮᠥᠨ ᠶᠡᠷᠦᠩᠬᠡᠢᠢᠯᠡᠭᠴᠢ ᠤ᠂ ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ ᠴᠢᠭᠤᠯᠭᠠᠨ ᠳᠤ ᠣᠷᠤᠯᠴᠠᠨ ᠣᠯᠠᠨ ᠤᠯᠤᠰ ᠤᠨ ᠬᠠᠷᠢᠯᠴᠠᠭᠠᠨ ᠤ ᠲᠤᠯᠭᠠᠮᠳᠠᠭᠰᠠᠨ ᠠᠰᠠᠭᠤᠳᠠᠯ ᠢᠶᠠᠷ ᠤᠯᠤᠰ ᠤᠨ ᠢᠶᠠᠨ ᠪᠠᠢᠢᠷᠢ ᠰᠠᠭᠤᠷᠢ ᠢᠢ ᠢᠯᠡᠷᠬᠡᠢᠢᠯᠡᠵᠦ᠂ ᠣᠷᠤᠰ ᠤᠨ ᠬᠣᠯᠪᠤᠭᠠᠨ ᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠥᠷᠦ ᠢᠢᠨ ᠲᠡᠷᠢᠭᠦᠨ ᠲᠡᠶ ᠠᠭᠤᠯᠵᠠᠵᠤ᠂ ᠢᠯᠠᠯᠲᠠ ᠢᠢᠨ ᠘᠐ ᠵᠢᠯ ᠦᠨ ᠣᠢ ᠢᠢᠨ ᠬᠦᠨᠳᠦᠳᠬᠡᠯ ᠦᠨ ᠶᠣᠰᠤᠯᠠᠯ ᠳᠤ ᠣᠷᠤᠯᠴᠠᠯ᠎ᠠ᠃

ᠲᠥᠷᠦ ᠢᠢᠨ ᠠᠢᠢᠯᠴᠢᠯᠠᠯ ᠢᠶᠠᠷ ᠲᠦᠷᠻ᠂ ᠴᠧᠬᠣ᠋᠂ ᠦᠽᠪᠧᠻᠢᠰᠲ᠋ᠠᠨ᠂ ᠻᠢᠷᠭᠢᠽ᠂ ᠢᠲ᠋ᠠᠯᠢ ᠤᠯᠤᠰ ᠲᠠᠶ ᠲᠣᠭᠲᠠᠭᠠᠭᠰᠠᠨ ᠬᠠᠷᠢᠯᠴᠠᠭᠠᠨ ᠤ ᠲᠥᠪᠰᠢᠨ ᠢ ᠱᠠᠲᠤ ᠠᠬᠢᠭᠤᠯᠵᠤ «ᠰᠲ᠋ᠷᠠᠲ᠋ᠧᠭᠢ ᠢᠢᠨ ᠲᠦᠩᠰᠢᠯᠡᠯ»᠂ «ᠢᠵᠢ ᠪᠦᠷᠢᠨ ᠲᠦᠩᠰᠢᠯᠡᠯ» ᠤᠨ ᠲᠥᠪᠰᠢᠨ ᠳᠥ ᠬᠦᠷᠭᠡᠯ᠎ᠡ᠃

ᠢᠯᠠᠩ᠋ᠭᠤᠶ᠎ᠠ ᠪᠦᠭᠦᠳᠡ ᠨᠠᠢᠢᠷᠠᠮᠳᠠᠬᠤ ᠢᠲ᠋ᠠᠯᠢ ᠤᠯᠤᠰ ᠲᠠᠶ ᠬᠠᠷᠢᠯᠴᠠᠭᠠᠨ ᠤ ᠲᠥᠪᠰᠢᠨ ᠢ ᠬᠣᠶᠠᠷ ᠱᠠᠲᠤ ᠠᠯᠭᠠᠰᠠᠨ ᠠᠬᠢᠭᠤᠯᠵᠤ᠂ «ᠰᠲ᠋ᠷᠠᠲ᠋ᠧᠭᠢ ᠢᠢᠨ ᠲᠦᠩᠰᠢᠯᠡᠯ» ᠲᠣᠭᠲᠠᠭᠠᠯ᠎ᠠ᠃

ᠠᠦ᠋ᠰᠲ᠋ᠷᠠᠯᠢᠶ᠎ᠠ ᠤᠯᠤᠰ ᠲᠠᠶ ᠬᠠᠮᠲᠤ ᠢᠢᠨ ᠠᠵᠢᠯᠯᠠᠭ᠎ᠠ ᠢᠢ «ᠢᠵᠢ ᠪᠦᠷᠢᠨ ᠲᠦᠩᠰᠢᠯᠡᠯ» ᠳ᠋ᠥ ᠬᠦᠷᠭᠡᠬᠦ ᠲᠣᠬᠢᠷᠠᠯᠴᠠᠭ᠎ᠠ ᠢᠢ ᠪᠠᠲᠤᠯᠠᠭᠠᠵᠢᠭᠤᠯᠵᠤ᠂ ᠫᠣᠯᠠᠨ᠋ᠳ᠋ ᠲᠠᠢ «ᠢᠵᠢ ᠪᠦᠷᠢᠨ ᠲᠦᠩᠰᠢᠯᠡᠯ ᠦᠨ ᠦᠢᠯᠡ ᠠᠵᠢᠯᠯᠠᠭᠠᠨ ᠤ ᠒᠐᠒᠕-᠒᠐᠓᠐ ᠣᠨ ᠤ ᠲᠥᠯᠦᠪᠯᠡᠭᠡ» ᠊ᠢᠢ ᠪᠠᠲᠤᠯᠠᠯ᠎ᠠ᠃

ᠶᠡᠷᠦᠩᠬᠡᠢᠢᠯᠡᠭᠴᠢ ᠤ᠂ ᠬᠦᠷᠡᠯᠰᠦ᠋ᠬᠡ ᠪᠡᠭᠡᠵᠢᠩ ᠬᠣᠲᠠᠨ᠎ᠠ ᠬᠥᠷᠰᠢ ᠬᠣᠶᠠᠷ ᠤᠯᠤᠰ ᠤᠨ ᠲᠥᠷᠦ ᠢᠢᠨ ᠲᠡᠷᠢᠭᠦᠨ ᠲᠡᠶ ᠠᠭᠤᠯᠵᠠᠵᠤ᠂ ᠮᠣᠩ᠋ᠭᠤᠯ᠂ ᠬᠢᠲᠠᠳ᠂ ᠣᠷᠤᠰ ᠤᠨ «ᠡᠳ᠋ ᠦᠨ ᠵᠠᠰᠠᠭ ᠤᠨ ᠻᠣᠷᠢᠳᠣᠷ ᠪᠠᠢᠢᠭᠤᠯᠬᠤ ᠬᠥᠲᠦᠯᠪᠦᠷᠢ» ᠊ᠢᠢ ᠳᠠᠬᠢᠨ ᠲᠠᠪᠤᠨ ᠵᠢᠯ ᠢᠶᠡᠷ ᠪᠤᠶᠤ ᠒᠐᠓᠑ ᠣᠨ ᠬᠦᠷᠲᠡᠯ᠎ᠡ ᠰᠤᠩ᠋ᠭᠠᠵᠤ᠂ ᠣᠷᠤᠰ ᠤᠨ ᠬᠣᠯᠪᠤᠭᠠᠨ ᠤ ᠤᠯᠤᠰ ᠠᠴᠠ ᠮᠠᠨ ᠤ ᠤᠯᠤᠰ ᠤᠨ ᠨᠤᠲᠤᠭ ᠢᠶᠠᠷ ᠳᠠᠮᠵᠢᠭᠤᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠪᠠᠢᠢᠭᠠᠯᠢ ᠢᠢᠨ ᠬᠡᠢ ᠨᠡᠢᠢᠯᠡᠭᠦᠯᠬᠦ ᠬᠣᠭᠤᠯᠠᠢ ᠪᠠᠷᠢᠬᠤ ᠲᠥᠰᠦᠯ ᠢ ᠬᠡᠷᠡᠭᠵᠢᠭᠦᠯᠬᠦ ᠪᠡᠷ ᠡᠴᠦᠰᠯᠡᠨ ᠲᠣᠬᠢᠷᠠᠯᠴᠠᠯ᠎ᠠ᠃

ᠣᠳᠤ ᠪᠠᠷ ᠣᠷᠤᠰ ᠤᠨ ᠬᠣᠯᠪᠤᠭᠠᠨ ᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠠᠢ «ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ» ᠤᠨ ᠬᠠᠷᠢᠯᠴᠠᠭ᠎ᠠ ᠲᠠᠢ᠃ ᠠᠮᠧᠷᠢᠻᠠ ᠢᠢᠨ ᠨᠢᠭᠡᠳᠦᠭᠰᠡᠨ ᠤᠯᠤᠰ ᠲᠠᠢ «ᠰᠲ᠋ᠷᠠᠲ᠋ᠧᠭᠢ ᠢᠢᠨ ᠭᠤᠷᠪᠠᠳᠠᠭᠴᠢ ᠬᠥᠷᠰᠢ ᠢᠢᠨ ᠲᠦᠩᠰᠢᠯᠡᠯ»᠂ ᠶᠠᠫᠣᠨ ᠲᠠᠶ «ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ»᠂ ᠭᠧᠷᠮᠠᠨ᠂ ᠰᠣᠯᠤᠩ᠋ᠭᠤᠰ᠂ ᠻᠠᠽᠠᠻᠰᠲ᠋ᠠᠨ᠂ ᠲᠦᠷᠻ᠂ ᠡᠨᠡᠳᠬᠡᠭ᠌᠂ ᠢᠲ᠋ᠠᠯᠢ ᠲᠠᠶ «ᠰᠲ᠋ᠷᠠᠲ᠋ᠧᠭᠢ ᠢᠢᠨ ᠲᠦᠩᠰᠢᠯᠡᠯ»᠂ ᠴᠧᠬᠣ᠋᠂ ᠦᠽᠪᠧᠻᠢᠰᠲ᠋ᠠᠨ᠂ ᠻᠢᠷᠭᠢᠽ ᠲᠡᠶ «ᠢᠵᠢ ᠪᠦᠷᠢᠨ ᠲᠦᠩᠰᠢᠯᠡᠯ» ᠤᠨ ᠬᠠᠷᠢᠯᠴᠠᠭ᠎ᠠ ᠲᠣᠭᠲᠠᠭᠠᠭᠠᠳ ᠪᠠᠢᠢᠨ᠎ᠠ᠃

ᠮᠠᠨ ᠤ ᠤᠯᠤᠰ ᠒᠐᠒᠑ ᠣᠨ ᠠᠴᠠ ᠬᠣᠢᠢᠰᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠭᠡᠰᠢᠭᠦᠨ ᠑᠙᠒ ᠣᠷᠤᠨ ᠲᠠᠶ ᠪᠦᠭᠦᠳᠡ ᠲᠡᠶ ᠨᠢ ᠳ᠋ᠢᠫᠯᠣᠮᠠᠲ ᠬᠠᠷᠢᠯᠴᠠᠭ᠎ᠠ ᠲᠣᠭᠲᠠᠭᠠᠯ᠎ᠠ᠃

• «ᠢᠵᠢ ᠪᠦᠷᠢᠨ ᠲᠦᠩᠰᠢᠯᠡᠯ» ᠤᠨ ᠬᠠᠷᠢᠯᠴᠠᠭ᠎ᠠ ᠢᠢ ᠱᠠᠲᠤ ᠠᠬᠢᠭᠤᠯᠵᠤ «ᠰᠲ᠋ᠷᠠᠲ᠋ᠧᠭᠢ ᠢᠢᠨ ᠲᠦᠩᠰᠢᠯᠡᠯ» ᠳ᠋ᠥ ᠬᠦᠷᠭᠡᠯ᠎ᠡ᠃

• ᠡᠮ᠂ ᠡᠮᠨᠡᠯᠭᠡ ᠢᠢᠨ ᠬᠡᠷᠡᠭᠰᠡᠯ ᠦᠨ ᠬᠠᠩ᠋ᠭᠠᠮᠵᠢ ᠢᠢ ᠨᠡᠮᠡᠭᠳᠡᠭᠦᠯᠬᠦ᠂ ᠡᠪᠡᠳᠴᠢᠨ ᠡᠮᠭᠡᠭ ᠦᠨ ᠬᠠᠮᠲᠤᠷᠠᠭᠰᠠᠨ ᠣᠨᠤᠰᠢᠯᠠᠭ᠎ᠠ ᠬᠢᠵᠦ᠂ ᠠᠨᠠᠭᠠᠬᠤ ᠤᠬᠠᠭᠠᠨ ᠤ ᠳᠡᠪᠰᠢᠯᠲᠡᠲᠦ ᠲᠧᠭᠨᠣᠯᠤᠭᠢ ᠳᠤ ᠰᠠᠭᠤᠷᠢᠯᠠᠨ ᠠᠨᠠᠭᠠᠬᠤ ᠴᠢᠭᠯᠡᠯ ᠢᠶᠡᠷ ᠲᠤᠷᠰᠢᠯᠭ᠎ᠠ ᠰᠣᠯᠢᠯᠴᠠᠬᠤ᠂ ᠬᠠᠮᠲᠤᠷᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠴᠢᠭᠯᠡᠯ ᠢᠶᠡᠷ ᠬᠠᠮᠲᠤᠷᠠᠨ᠎ᠠ᠃

• ᠪᠠᠭᠰᠢ᠂ ᠣᠶᠤᠲᠠᠨ ᠰᠣᠯᠢᠯᠴᠠᠬᠤ᠂ ᠮᠡᠳᠡᠭᠡᠯᠡᠯ᠂ ᠲᠤᠷᠰᠢᠯᠭ᠎ᠠ ᠬᠤᠪᠢᠶᠠᠯᠴᠠᠬᠤ᠂ ᠬᠠᠮᠲᠤᠷᠠᠭᠰᠠᠨ ᠲᠥᠰᠦᠯ ᠬᠡᠷᠡᠭᠵᠢᠭᠦᠯᠬᠦ᠂ ᠰᠤᠳᠤᠯᠭ᠎ᠠ ᠬᠢᠬᠦ᠂ ᠪᠠᠭᠰᠢ ᠨᠠᠷ ᠤᠨ ᠮᠡᠷᠭᠡᠵᠢᠯ ᠢ ᠳᠡᠭᠡᠭ᠍ᠰᠢᠯᠠᠭᠦᠯᠬᠦ ᠵᠡᠷᠭᠡ ᠪᠡᠷ ᠬᠠᠮᠲᠤᠷᠠᠨ ᠠᠵᠢᠯᠯᠠᠨ᠎ᠠ᠃

• ᠵᠠᠯᠠᠭᠤᠴᠤᠳ᠂ ᠪᠡᠶ᠎ᠡ ᠢᠢᠨ ᠲᠠᠮᠢᠷ᠂ ᠰᠫᠣᠷᠲ ᠤᠨ ᠪᠠᠢᠢᠭᠤᠯᠤᠯᠭ᠎ᠠ ᠢᠢᠨ ᠬᠠᠷᠢᠯᠴᠠᠭ᠎ᠠ ᠬᠣᠯᠪᠤᠭ᠎ᠠ ᠢᠢ ᠥᠷᠭᠡᠵᠢᠭᠦᠯᠦᠨ᠎ᠡ᠃ ᠬᠥᠳᠡᠯᠮᠦᠷᠢ ᠡᠷᠬᠢᠯᠡᠯᠲᠡ᠂ ᠮᠡᠷᠭᠡᠵᠢᠯ᠂ ᠰᠤᠷᠭᠠᠯᠲᠠ ᠦᠢᠯᠡᠳᠪᠦᠷᠢᠯᠡᠯ ᠦᠨ ᠬᠥᠲᠦᠯᠪᠦᠷᠢ ᠬᠡᠷᠡᠭᠵᠢᠭᠦᠯᠦᠨ᠎ᠡ᠃

• ᠪᠠᠢᠢᠭᠠᠯᠢ ᠣᠷᠴᠢᠨ ᠤ ᠮᠧᠨᠧᠵᠮᠧᠨ᠋ᠲ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠡᠪᠡᠷ ᠦᠢᠯᠡᠳᠪᠦᠷᠢᠯᠡᠯ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠪᠣᠯᠤᠨ ᠲᠤᠰᠬᠠᠢ ᠬᠠᠮᠠᠭᠠᠯᠠᠯᠲᠠ ᠲᠠᠶ ᠭᠠᠵᠠᠷ ᠨᠤᠲᠤᠭ᠂ ᠪᠠᠢᠢᠭᠠᠯᠢ ᠣᠷᠴᠢᠨ ᠤ ᠮᠡᠳᠡᠭᠡᠯᠡᠯ ᠦᠨ ᠰᠢᠰᠲ᠋ᠧᠮ᠂ ᠬᠦᠮᠦᠨ ᠦ ᠨᠥᠭᠡᠴᠡ ᠢᠢᠨ ᠴᠢᠳᠠᠪᠬᠢ ᠢᠢ ᠪᠡᠬᠢᠵᠢᠭᠦᠯᠦᠨ᠎ᠡ᠃

• ᠴᠥᠯᠵᠢᠯᠲᠡ᠂ ᠭᠠᠵᠠᠷ ᠤᠨ ᠳᠣᠷᠤᠢᠢᠲᠠᠯ ᠲᠠᠶ ᠲᠡᠮᠡᠴᠡᠬᠦ᠂ ᠣᠢᠢᠵᠢᠭᠤᠯᠤᠯᠲᠠ᠂ ᠣᠢ ᠢᠢᠨ ᠨᠥᠬᠦᠨ ᠰᠡᠷᠭᠦᠭᠡᠯᠲᠡ᠂ ᠮᠣᠳᠤ ᠲᠠᠷᠢᠬᠤ᠂ ᠮᠣᠳᠤᠨ ᠤ ᠲᠠᠷᠢᠴᠠ᠂ ᠰᠠᠭᠤᠯᠭᠠᠴᠠ ᠦᠷᠡᠵᠢᠭᠦᠯᠬᠦ ᠴᠢᠭᠯᠡᠯ ᠢᠶᠡᠷ ᠬᠠᠮᠲᠤᠷᠠᠨ᠎ᠠ᠃ ᠬᠥᠨᠦᠭᠡᠯᠲᠦ ᠰᠢᠪᠠᠵᠢ᠂ ᠣᠢ᠂ ᠬᠡᠭᠡᠷ᠎ᠡ ᠢᠢᠨ ᠲᠦᠢᠮᠡᠷ ᠲᠡᠶ ᠲᠡᠮᠡᠴᠡᠵᠦ᠂ ᠱᠠᠭᠠᠷᠳᠠᠯᠭ᠎ᠠ ᠲᠠᠶ ᠮᠠᠲ᠋ᠧᠷᠢᠶᠠᠯ᠂ ᠲᠧᠭᠨᠢᠭ ᠬᠡᠷᠡᠭᠰᠡᠯ ᠢᠶᠡᠷ ᠬᠠᠩ᠋ᠭᠠᠵᠤ᠂ ᠬᠦᠮᠦᠨ ᠦ ᠨᠥᠭᠡᠴᠡ ᠢᠢᠨ ᠴᠢᠳᠠᠪᠬᠢ ᠢᠢ ᠳᠡᠭᠡᠭ᠍ᠰᠢᠯᠠᠭᠦᠯᠦᠨ᠎ᠡ᠃

• ᠲᠤᠰᠬᠠᠢ ᠬᠠᠮᠠᠭᠠᠯᠠᠯᠲᠠ ᠲᠠᠶ ᠭᠠᠵᠠᠷ ᠨᠤᠲᠤᠭ ᠤᠨ ᠮᠧᠨᠧᠵᠮᠧᠨ᠋ᠲ᠂ ᠪᠠᠢᠢᠭᠠᠯᠢ ᠢᠢᠨ ᠨᠥᠭᠡᠴᠡ ᠢᠢ ᠬᠠᠮᠠᠭᠠᠯᠠᠬᠤ᠂ ᠨᠥᠬᠦᠨ ᠰᠡᠷᠭᠦᠭᠡᠯᠲᠡ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠤᠷᠲᠤ ᠬᠤᠭᠤᠴᠠᠭᠠᠨ ᠤ ᠬᠠᠮᠲᠤᠷᠠᠭᠰᠠᠨ ᠰᠤᠳᠤᠯᠭ᠎ᠠ᠂ ᠮᠣᠨᠢᠲ᠋ᠤᠷᠢᠩ᠂ ᠡᠻᠣ ᠠᠶᠠᠯᠠᠯ ᠵᠢᠭᠤᠯᠴᠢᠯᠠᠯ ᠵᠡᠷᠭᠡ ᠬᠦᠷᠢᠶᠡᠨ ᠳᠥ ᠬᠠᠮᠲᠤᠷᠠᠨ ᠠᠵᠢᠯᠯᠠᠨ᠎ᠠ᠃

• ᠨᠡᠭᠦᠷᠡᠰᠦ ᠣᠯᠪᠤᠷᠢᠯᠠᠯᠲᠠ᠂ ᠴᠡᠪᠡᠷ ᠨᠡᠭᠦᠷᠡᠰᠦᠨ ᠦ ᠲᠧᠭᠨᠣᠯᠤᠭᠢ᠂ ᠠᠭᠤᠷᠬᠠᠢ ᠢᠢᠨ ᠠᠶᠤᠯ ᠦᠭᠡᠢ ᠠᠵᠢᠯᠯᠠᠭᠠᠨ ᠤ ᠴᠢᠭᠯᠡᠯ ᠢᠶᠡᠷ ᠬᠠᠮᠲᠤᠷᠠᠭᠰᠠᠨ ᠲᠥᠰᠦᠯ ᠬᠡᠷᠡᠭᠵᠢᠭᠦᠯᠦᠨ᠎ᠡ᠃

• ᠧᠦ᠋ᠷᠣᠫᠠ ᠢᠢᠨ ᠣᠷᠤᠨ ᠨᠤᠭᠤᠳ ᠠᠴᠠ ᠲᠦᠷᠻ ᠢᠢᠡᠷ ᠳᠠᠮᠵᠢᠨ ᠮᠣᠩ᠋ᠭᠤᠯ ᠤᠯᠤᠰ ᠤᠷᠤᠭᠤ ᠪᠣᠯᠤᠨ ᠡᠰᠡᠷᠭᠦ ᠴᠢᠭᠯᠡᠯ ᠳᠥ ᠲᠡᠮᠦᠷ ᠵᠠᠮ ᠤᠨ ᠠᠴᠢᠶ᠎ᠠ ᠲᠡᠭᠡᠭᠡᠪᠦᠷᠢ ᠢᠢᠨ ᠰᠢᠨ᠎ᠡ ᠤᠷᠤᠰᠬᠠᠯ ᠨᠡᠭᠡᠭᠡᠬᠦ ᠪᠣᠯᠤᠮᠵᠢ ᠢᠢ ᠰᠤᠳᠤᠯᠤᠨ᠎ᠠ᠃

• ᠲᠡᠮᠦᠷ ᠵᠠᠮ ᠤᠨ ᠲᠡᠭᠡᠭᠡᠪᠦᠷᠢ ᠢᠢᠨ ᠰᠠᠯᠪᠤᠷᠢ ᠢᠢᠨ ᠲᠥᠰᠦᠯ ᠳᠥ ᠬᠠᠮᠲᠤᠷᠠᠬᠤ᠂ ᠲᠡᠮᠦᠷ ᠵᠠᠮ ᠤᠨ ᠣᠯᠠᠨ ᠤᠯᠤᠰ ᠤᠨ ᠻᠣᠷᠢᠳᠣᠷ ᠤᠳ ᠢ ᠬᠥᠭ᠍ᠵᠢᠭᠦᠯᠦᠨ᠎ᠡ᠃

• ᠤᠯᠠᠮᠵᠢᠯᠠᠯᠲᠤ᠂ ᠨᠠᠢᠢᠷᠰᠠᠭ ᠬᠠᠷᠢᠯᠴᠠᠭ᠎ᠠ ᠢᠢ «ᠢᠵᠢ ᠪᠦᠷᠢᠨ ᠲᠦᠩᠰᠢᠯᠡᠯ» ᠤᠨ ᠲᠥᠪᠰᠢᠨ ᠳᠥ ᠬᠦᠷᠭᠡᠯ᠎ᠡ᠃

• ᠭᠤᠷᠪᠠᠨ ᠠᠵᠤ ᠠᠬᠤᠢ ᠢᠢᠨ ᠨᠢᠭᠡᠴᠡ ᠒᠐ ᠭᠠᠷᠤᠢ ᠲᠡᠷᠪᠤᠮ ᠲᠥᠭᠦᠷᠢᠭ᠌ ᠦᠨ ᠦᠨ᠎ᠡ ᠪᠦᠬᠦᠢ ᠬᠠᠮᠲᠤ ᠢᠢᠨ ᠠᠵᠢᠯᠯᠠᠭᠠᠨ ᠤ ᠭᠡᠷ᠎ᠡ ᠪᠠᠢᠢᠭᠤᠯᠤᠯ᠎ᠠ᠃

• «ᠬᠠᠷᠠᠬᠣᠷᠤᠮ»᠂ «ᠰᠢᠨ᠎ᠡ ᠵᠠᠭᠤᠨᠮᠣᠳᠤ» ᠬᠣᠲᠠ ᠢᠢᠨ ᠪᠦᠲᠦᠭᠡᠨ ᠪᠠᠢᠢᠭᠤᠯᠤᠯᠲᠠ᠂ ᠳᠡᠳ᠋ ᠪᠦᠲᠦᠴᠡ᠂ ᠨᠡᠢᠢᠲᠡ ᠢᠢᠨ ᠲᠡᠭᠡᠭᠡᠪᠦᠷᠢ ᠳᠥ ᠬᠥᠷᠦᠩ᠋ᠭᠡ ᠣᠷᠤᠭᠤᠯᠤᠯᠲᠠ ᠲᠠᠲᠠᠨ᠎ᠠ᠃

• ᠤᠯᠠᠮᠵᠢᠯᠠᠯᠲᠤ ᠬᠠᠷᠢᠯᠴᠠᠭᠠᠲᠤ ᠰᠠᠯᠪᠤᠷᠢ ᠨᠤᠭᠤᠳ ᠠᠴᠠ ᠭᠠᠳᠠᠨ᠎ᠠ ᠳᠡᠪᠰᠢᠯᠲᠡᠲᠦ ᠲᠧᠭᠨᠢᠭ᠂ ᠲᠧᠭᠨᠣᠯᠤᠭᠢ᠂ ᠢᠨ᠋᠊᠊ᠨᠣᠸᠠᠼ᠂ ᠨᠣ᠊ᠦ᠋-ᠾᠠ᠊ᠦ᠋᠂ ᠲᠡᠭᠡᠭᠡᠪᠦᠷᠢ ᠯᠣᠵᠢᠰᠲ᠋ᠢᠭ ᠵᠡᠷᠭᠡ ᠴᠢᠭᠯᠡᠯ ᠢᠶᠡᠷ ᠬᠠᠮᠲᠤᠷᠠᠨ᠎ᠠ᠃

•ᠴᠧᠬᠣ᠋ ᠳᠤ ᠠᠮᠢᠳᠤᠷᠠᠵᠤ ᠪᠠᠢᠢᠭ᠎ᠠ ᠑᠕ ᠮᠢᠩ᠋ᠭ᠎ᠠ ᠣᠷᠴᠢᠮ ᠢᠷᠭᠡᠨ ᠦ ᠪᠡᠨ ᠡᠷᠬᠡ ᠠᠰᠢᠭ ᠢ ᠤᠯᠠᠮ ᠢᠯᠡᠭᠦᠦ ᠬᠠᠮᠠᠭᠠᠯᠠᠨ᠎ᠠ᠃

• «ᠢᠯᠡᠭᠡᠯᠲᠡ-᠒᠑᠐᠐» ᠬᠥᠲᠦᠯᠪᠦᠷᠢ ᠢᠢᠨ ᠬᠦᠷᠢᠶᠡᠨ ᠳᠥ ᠴᠧᠬᠣ᠋ ᠢᠢᠨ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠬᠤ ᠣᠶᠤᠲᠠᠨ ᠤ ᠲᠣᠭ᠎ᠠ ᠢᠢ ᠨᠡᠮᠨᠡ᠃

• «ᠠᠯᠤᠰ ᠤᠨ ᠬᠠᠷᠠᠭ᠎ᠠ-᠒᠐᠕᠐» ᠊ᠢᠢ ᠴᠧᠬᠣ᠋ ᠢᠢᠨ «ᠰᠲ᠋ᠷᠠᠲ᠋ᠧᠭᠢ ᠢᠢᠨ ᠲᠥᠯᠦᠪᠯᠡᠭᠡ-᠒᠐᠓᠐» ᠬᠥᠭ᠍ᠵᠢᠯ ᠦᠨ ᠪᠣᠳᠤᠯᠭ᠎ᠠ ᠲᠠᠶ ᠤᠶᠠᠯᠳᠤᠭᠤᠯᠤᠨ᠎ᠠ᠃

• «ᠲᠡᠷᠪᠤᠮ ᠮᠣᠳᠤ» ᠬᠥᠳᠡᠯᠭᠡᠭᠡᠨ ᠪᠣᠯᠤᠨ ᠧᠦ᠋ᠷᠣᠫᠠ ᠢᠢᠨ ᠬᠣᠯᠪᠤᠭᠠᠨ ᠤ «ᠣᠢ ᠢᠢᠨ ᠲᠦᠩᠰᠢᠯᠡᠯ»- ᠤᠨ ᠬᠦᠷᠢᠶᠡᠨ ᠳᠦ ᠬᠠᠮᠲᠤᠷᠠᠨ ᠠᠵᠢᠯᠯᠠᠨ᠎ᠠ᠃

• «ᠬᠦᠨᠡᠰᠦᠨ ᠦ ᠬᠤᠪᠢᠰᠬᠠᠯ»᠂ «ᠴᠠᠭᠠᠨ ᠠᠯᠲᠠ» ᠬᠥᠳᠡᠯᠭᠡᠭᠡᠨ ᠦ ᠬᠦᠷᠢᠶᠡᠨ ᠳᠦ ᠬᠦᠨᠡᠰᠦ᠂ ᠬᠥᠳᠡᠭᠡ ᠠᠵᠤ ᠠᠬᠤᠢ᠂ ᠭᠠᠵᠠᠷ ᠲᠠᠷᠢᠶᠠᠯᠠᠩ ᠤᠨ ᠰᠠᠯᠪᠤᠷᠢ ᠳᠤ ᠳᠡᠪᠰᠢᠯᠲᠡᠲᠦ ᠲᠧᠭᠨᠢᠭ᠂ ᠲᠣᠨᠤᠭ ᠲᠥᠬᠦᠭᠡᠷᠦᠮᠵᠢ ᠨᠡᠪᠲᠡᠷᠡᠭᠦᠯᠦᠨ᠎ᠡ᠃

• ᠮᠠᠯ ᠤᠨ ᠭᠠᠷᠤᠯᠲᠠᠢ ᠲᠡᠭᠦᠬᠡᠢ ᠡᠳ᠋ ᠢ ᠪᠦᠷᠢᠨ ᠪᠣᠯᠪᠠᠰᠤᠷᠠᠭᠤᠯᠵᠤ᠂ ᠪᠦᠲᠦᠭᠡᠭᠳᠡᠬᠦᠨ ᠢᠶᠡᠨ ᠧᠦ᠋ᠷᠣᠫᠠ ᠢᠢᠨ ᠵᠠᠬ᠎ᠠ ᠵᠡᠭᠡᠯᠢ ᠳᠦ ᠭᠠᠷᠭᠠᠨ᠎ᠠ᠃

• «ᠢᠵᠢ ᠪᠦᠷᠢᠨ ᠲᠦᠩᠰᠢᠯᠡᠯ ᠦᠨ ᠦᠢᠯᠡ ᠠᠵᠢᠯᠯᠠᠭᠠᠨ ᠤ ᠒᠐᠒᠕-᠒᠐᠓᠐ ᠣᠨ ᠤ ᠲᠥᠯᠦᠪᠯᠡᠭᠡ» ᠊ᠢᠢ ᠪᠠᠲᠤᠯᠠᠯ᠎ᠠ᠃

• ᠡᠮᠨᠡᠯᠭᠡ ᠢᠢᠨ ᠪᠦᠲᠦᠭᠡᠭ᠍ᠳᠡᠬᠦᠨ ᠦ ᠦᠢᠯᠡᠳᠪᠦᠷᠢᠯᠡᠯ᠂ ᠬᠠᠳᠠᠭᠠᠯᠠᠯᠲᠠ᠂ ᠲᠦᠭᠡᠭᠡᠯᠲᠡ ᠳᠥ ᠧᠦ᠋ᠷᠣᠫᠠ ᠰᠲ᠋ᠠᠨ᠋ᠳᠠᠷᠲ ᠨᠤᠲᠤᠭᠰᠢᠭᠤᠯᠵᠤ᠂ ᠪᠦᠷᠢᠳᠬᠡᠯ᠂ ᠠᠶᠤᠯ ᠦᠭᠡᠢ ᠪᠠᠢᠢᠳᠠᠯ᠂ ᠲᠠᠩᠳᠠᠯᠲᠠ ᠰᠤᠳᠤᠯᠭᠠᠨ ᠤ ᠮᠡᠳᠡᠭᠡᠯᠡᠯ ᠰᠣᠯᠢᠯᠴᠠᠨ᠎ᠠ᠃ ᠠᠶᠤᠯ ᠦᠭᠡᠢ᠂ ᠴᠢᠨᠠᠷ ᠲᠠᠢ ᠪᠠᠲᠤᠯᠠᠭ᠎ᠠ ᠲᠠᠢ ᠡᠮ᠂ ᠡᠮᠨᠡᠯᠭᠡ ᠢᠢᠨ ᠬᠡᠷᠡᠭᠰᠡᠯ᠂ ᠡᠷᠡᠭᠦᠯ ᠮᠡᠨᠳᠦ ᠢᠢᠨ ᠨᠡᠮᠡᠯᠲᠡ ᠪᠦᠲᠦᠭᠡᠭ᠍ᠳᠡᠬᠦᠨ ᠦ ᠬᠡᠷᠡᠭᠯᠡᠭᠡ ᠢᠢ ᠨᠡᠮᠡᠭᠳᠡᠭᠦᠯᠵᠦ᠂ ᠡᠷᠡᠭᠦᠯ ᠮᠡᠨᠳᠦ ᠢᠢᠨ ᠲᠤᠰᠠᠯᠠᠮᠵᠢ᠂ ᠦᠢᠯᠡᠴᠢᠯᠡᠭᠡᠨ ᠦ ᠴᠢᠨᠠᠷ᠂ ᠬᠦᠷᠲᠡᠭᠡᠮᠵᠢ ᠢᠢ ᠰᠠᠢᠢᠵᠢᠷᠠᠭᠤᠯᠤᠨ᠎ᠠ᠃

• ᠪᠠᠲᠤᠯᠠᠨ ᠬᠠᠮᠠᠭᠠᠯᠠᠬᠤ ᠰᠤᠷᠭᠠᠭᠤᠯᠢ ᠬᠠᠮᠲᠤᠷᠠᠭᠰᠠᠨ ᠰᠤᠳᠤᠯᠭ᠎ᠠ᠂ ᠰᠢᠨᠵᠢᠯᠡᠭᠡ᠂ ᠰᠤᠷᠭᠠᠯᠲᠠ᠂ ᠬᠤᠷᠠᠯ᠂ ᠰᠧᠮᠢᠨᠠᠷ ᠵᠣᠬᠢᠶᠠᠨ ᠪᠠᠢᠢᠭᠤᠯᠤᠨ᠎ᠠ᠃ ᠰᠣᠨᠤᠰᠤᠭᠴᠢ᠂ ᠪᠠᠭᠰᠢ᠂ ᠠᠵᠢᠯᠲᠠᠨ ᠨᠤᠭᠤᠳ ᠢᠶᠠᠨ ᠰᠣᠯᠢᠯᠴᠠᠨ᠎ᠠ᠃

• ᠰᠢᠨᠵᠢᠯᠡᠬᠦ ᠤᠬᠠᠭᠠᠨ ᠤ ᠠᠻᠠᠳᠧᠮᠢ ᠨᠤᠭᠤᠳ ᠲᠡᠦᠬᠡ᠂ ᠤᠭᠰᠠᠭᠠᠲᠠᠨ ᠵᠦᠢ᠂ ᠫᠠᠯᠧᠣᠨ᠋ᠲ᠋ᠤᠯᠤᠭᠢ᠂ ᠪᠢᠣᠯᠣᠭᠢ ᠢᠢᠨ ᠰᠠᠯᠪᠤᠷᠢ ᠢᠢᠨ ᠢᠳᠡᠪᠬᠢᠲᠡᠢ ᠬᠠᠷᠢᠯᠴᠠᠭ᠎ᠠ ᠪᠠᠨ ᠤᠯᠠᠮ ᠡᠷᠴᠢᠮᠵᠢᠭᠦᠯᠦᠨ᠎ᠡ᠃

• ᠑᠙᠖᠓-᠑᠙᠗᠑ ᠣᠨ ᠳᠤ ᠬᠢᠵᠦ ᠪᠠᠢᠢᠭᠰᠠᠨ ᠫᠠᠯᠧᠣᠨ᠋ᠲ᠋ᠤᠯᠤᠭᠢ ᠢᠢᠨ ᠴᠢᠭᠯᠡᠯ ᠦᠨ ᠲᠡᠦᠬᠡᠨ ᠰᠤᠳᠤᠯᠭ᠎ᠠ ᠪᠠᠨ ᠦᠷᠭᠦᠯᠵᠢᠯᠡᠭᠦᠯᠦᠨ᠎ᠡ᠃

• ᠬᠠᠮᠲᠤᠷᠠᠭᠰᠠᠨ ᠻᠢᠨᠣ᠋ ᠲᠥᠰᠦᠯ ᠬᠡᠷᠡᠭᠵᠢᠭᠦᠯᠬᠦ᠂ ᠻᠢᠨᠣ᠋ ᠵᠢᠷᠤᠭ ᠠᠪᠤᠯᠲᠠ ᠬᠢᠬᠦ᠂ ᠮᠡᠷᠭᠡᠵᠢᠯᠲᠡᠨ ᠨᠤᠭᠦᠳ ᠪᠡᠯᠡᠳᠬᠡᠬᠦ᠂ ᠻᠢᠨᠣ᠋ ᠢᠢᠨ ᠲᠣᠨᠤᠭ ᠲᠥᠬᠦᠭᠡᠷᠦᠮᠵᠢ ᠢᠢᠨ ᠬᠤᠳᠠᠯᠳᠤᠨ ᠠᠪᠤᠯᠲᠠ᠂ ᠲᠦᠷᠢᠶᠡᠰᠦ ᠵᠡᠷᠭᠡ ᠴᠢᠭᠯᠡᠯ ᠢᠶᠡᠷ ᠬᠠᠮᠲᠤᠷᠠᠨ᠎ᠠ᠃

• ᠶᠡᠬᠡ ᠰᠤᠷᠭᠠᠭᠤᠯᠢ ᠢᠢᠨ ᠡᠷᠳᠡᠮᠲᠡᠨ᠂ ᠰᠤᠳᠤᠯᠤᠭᠠᠴᠢᠳ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠵᠦ᠂ ᠣᠯᠠᠨ ᠤᠯᠤᠰ ᠤᠨ ᠲᠥᠪᠰᠢᠨ ᠳᠥ ᠥᠷᠢᠰᠦᠯᠳᠦᠬᠦᠢᠢᠴᠡ ᠰᠤᠳᠤᠯᠭ᠎ᠠ ᠬᠢᠨ᠎ᠡ᠃

• ᠵᠠᠯᠠᠭᠤ ᠰᠤᠳᠤᠯᠤᠭᠠᠴᠢᠳ ᠧᠦ᠋ᠷᠣᠫᠠ ᠢᠢᠨ ᠰᠠᠩᠬᠦᠵᠢᠯᠲᠡ ᠲᠡᠶ ᠲᠡᠳᠬᠦᠯᠭᠡ᠂ ᠰᠤᠳᠤᠯᠭᠠᠨ ᠤ ᠬᠥᠲᠦᠯᠪᠦᠷᠢ ᠨᠤᠭᠦᠳ ᠲᠥ ᠬᠠᠮᠤᠷᠤᠭᠳᠠᠬᠤ᠂ ᠮᠣᠩ᠋ᠭᠤᠯ ᠣᠶᠤᠲᠠᠨ ᠨᠤᠭᠤᠳ ᠫᠣᠯᠠᠨ᠋ᠳ᠋ ᠳᠤ ᠰᠤᠷᠤᠯᠴᠠᠬᠤ᠂ ᠰᠤᠳᠤᠯᠭ᠎ᠠ ᠬᠢᠬᠦ᠂ ᠲᠡᠳᠬᠦᠯᠭᠡᠲᠦ ᠬᠠᠮᠤᠷᠤᠭᠳᠠᠬᠤ ᠪᠣᠯᠤᠮᠵᠢ ᠪᠦᠷᠢᠳᠦᠯ᠎ᠡ᠃

• ᠶᠡᠷᠦᠩᠬᠡᠢᠢᠯᠡᠭᠴᠢ ᠤ᠂ ᠬᠦᠷᠡᠯᠰᠦ᠋ᠬᠡ᠂ ᠸᠯᠠ᠊᠂ ᠸᠯᠠ᠊᠂ ᠫᠦᠲ᠋ᠢᠨ ᠨᠠᠷ ᠠᠯᠪᠠᠨ ᠶᠣᠰᠤᠨ ᠤ ᠠᠭᠤᠯᠵᠠᠯᠲᠠ ᠬᠢᠵᠦ᠂ ᠬᠤᠳᠠᠯᠳᠤᠭ᠎ᠠ᠂ ᠡᠳ᠋ ᠦᠨ ᠵᠠᠰᠠᠭ᠂ ᠬᠥᠷᠦᠩ᠋ᠭᠡ ᠣᠷᠤᠭᠤᠯᠤᠯᠲᠠ᠂ ᠬᠥᠳᠡᠭᠡ ᠠᠵᠤ ᠠᠬᠤᠢ᠂ ᠡᠷᠴᠢᠮ ᠬᠦᠴᠦ᠂ ᠲᠡᠭᠡᠭᠡᠪᠦᠷᠢ ᠯᠣᠭᠢᠰᠲ᠋ᠢᠭ᠂ ᠠᠶᠠᠯᠠᠯ ᠵᠢᠭᠤᠯᠴᠢᠯᠠᠯ᠂ ᠪᠠᠢᠢᠭᠠᠯᠢ ᠣᠷᠴᠢᠨ ᠪᠣᠯᠤᠨ ᠬᠦᠮᠦᠨᠯᠢᠭ ᠦᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃

• ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠴᠢᠨᠠᠭᠰᠢᠳᠠ ᠴᠦ «ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ» ᠤᠨ ᠵᠠᠷᠴᠢᠮ ᠢᠶᠠᠷ ᠲᠤᠭᠤᠰᠢᠲᠠᠢ ᠤᠷᠤᠭᠰᠢᠯᠠᠭᠤᠯᠤᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠲᠥᠷᠦ ᠢᠢᠨ ᠲᠡᠷᠢᠭᠦᠨ ᠨᠠᠷ ᠨᠤᠲᠠᠯᠠᠯ᠎ᠠ᠃

•ᠸᠯᠠ᠊᠂ ᠸᠯᠠ᠊᠂ ᠫᠦᠲ᠋ᠢᠨ᠂ ᠠᠤᠭ᠎ᠠ ᠶᠡᠬᠡ ᠡᠬᠡ ᠣᠷᠤᠨ ᠤ ᠳᠠᠢᠢᠨ ᠤ ᠬᠦᠨᠳᠦ ᠵᠢᠯ ᠦᠳ ᠲᠥ ᠮᠣᠩ᠋ᠭᠤᠯ ᠤᠯᠤᠰ᠂ ᠮᠣᠩ᠋ᠭᠤᠯ ᠤᠨ ᠠᠷᠠᠳ ᠲᠦᠮᠡᠨ ᠵᠥᠪᠯᠡᠯᠲᠦ ᠬᠣᠯᠪᠤᠭᠠᠲᠤ ᠤᠯᠤᠰ ᠲᠤ ᠲᠤᠰᠠᠯᠠᠮᠵᠢ ᠳᠡᠮᠵᠢᠯᠭᠡ ᠦᠵᠡᠭᠦᠯᠵᠦ ᠪᠠᠢᠢᠭᠰᠠᠨ ᠢ ᠣᠷᠤᠰ ᠤᠨ ᠬᠣᠯᠪᠤᠭᠠᠨ ᠤ ᠤᠯᠤᠰ ᠤᠨ ᠲᠥᠷᠦ᠂ ᠵᠠᠰᠠᠭ ᠪᠣᠯᠤᠨ ᠠᠷᠠᠳ ᠲᠦᠮᠡᠨ ᠦᠷᠭᠦᠯᠵᠢ ᠥᠨᠳᠦᠷ ᠢᠶᠡᠷ ᠦᠨᠡᠯᠡᠵᠦ᠂ ᠴᠢᠬᠤᠯᠠ ᠠᠴᠢ ᠬᠣᠯᠪᠤᠭᠳᠠᠯ ᠥᠭᠴᠦ ᠪᠠᠢᠢᠳᠠᠭ ᠢ ᠲᠡᠮᠳᠡᠭᠯᠡᠪᠡ᠃

• ᠶᠡᠷᠦᠩᠬᠡᠢᠢᠯᠡᠭᠴᠢ ᠤᠯᠠᠭᠠᠨ ᠲᠠᠯᠠᠪᠠᠢ ᠳᠤ ᠪᠣᠯᠤᠭᠰᠠᠨ ᠢᠯᠠᠯᠲᠠ ᠢᠢᠨ ᠪᠠᠶᠠᠷ ᠤᠨ ᠶᠣᠰᠤᠯᠠᠯ ᠳᠤ ᠪᠤᠰᠤᠳ ᠤᠯᠤᠰ ᠤᠨ ᠲᠥᠷᠦ ᠢᠢᠨ ᠲᠡᠷᠢᠭᠦᠨ᠂ ᠥᠨᠳᠦᠷ ᠳᠡᠭᠡᠳᠦ ᠠᠯᠪᠠᠨ ᠲᠤᠰᠢᠶᠠᠯᠲᠠᠨ ᠨᠤᠭᠤᠳ ᠤᠨ ᠬᠠᠮᠲᠤ ᠣᠷᠤᠯᠴᠠᠵᠤ᠂ ᠠᠯᠧᠻᠰᠠᠨ᠋ᠳ᠋ᠷᠣᠸ ᠤᠨ ᠴᠡᠴᠡᠷᠯᠢᠭ ᠳ᠋ᠡᠬᠢ «ᠨᠡᠷ᠎ᠡ ᠨᠢ ᠦᠯᠦ ᠮᠡᠳᠡᠭᠳᠡᠬᠦ ᠴᠡᠷᠢᠭ ᠦᠨ ᠬᠥᠰᠢᠶ᠎ᠡ» ᠊ᠳᠥ ᠴᠡᠴᠡᠭ ᠡᠷᠭᠦᠯ᠎ᠡ᠃

• ᠮᠥᠨ ᠮᠣᠰᠻᠸᠠ ᠬᠣᠲᠠ ᠢᠢᠨ ᠬᠦᠨᠳᠦᠳᠬᠡᠯ ᠦᠨ ᠳᠡᠨᠵᠢ ᠳ᠋ᠡᠬᠢ ᠢᠯᠠᠯᠲᠠ ᠢᠢᠨ ᠴᠡᠴᠡᠷᠯᠢᠭᠲᠦ ᠬᠦᠷᠢᠶᠡᠯᠡᠩ ᠳᠥ ᠪᠠᠢᠢᠷᠢᠯᠠᠭᠤᠯᠤᠭᠰᠠᠨ «ᠢᠯᠠᠯᠲᠠ ᠳᠤ ᠲᠡᠮᠡᠦᠯᠦᠭᠰᠡᠨ ᠮᠣᠷᠢᠳ» ᠬᠥᠰᠢᠶᠡᠨ ᠳᠥ ᠴᠡᠴᠡᠭ ᠡᠷᠭᠦᠵᠦ᠂ ᠪᠦᠭᠦᠳᠡ ᠨᠠᠢᠢᠷᠠᠮᠳᠠᠬᠤ ᠮᠣᠩ᠋ᠭᠤᠯ ᠠᠷᠠᠳ ᠤᠯᠤᠰ ᠤᠨ ᠪᠠᠭᠠᠲᠤᠷ ᠪᠣᠯᠤᠨ ᠬᠥᠳᠡᠯᠮᠦᠷᠢ ᠢᠢᠨ ᠪᠠᠭᠠᠲᠤᠷ ᠴᠣᠯᠠ ᠬᠦᠷᠲᠡᠭᠰᠡᠨ ᠵᠥᠪᠯᠡᠯᠲᠦ ᠬᠣᠯᠪᠤᠭᠠᠲᠤ ᠤᠯᠤᠰ᠂ ᠣᠷᠤᠰ ᠤᠨ ᠬᠣᠯᠪᠤᠭᠠᠨ ᠤ ᠤᠯᠤᠰ ᠤᠨ ᠢᠷᠭᠡᠳ ᠦᠨ ᠲᠥᠯᠦᠭᠡᠯᠡᠯ ᠲᠡᠶ ᠠᠭᠤᠯᠵᠠᠯ᠎ᠠ᠃

• ᠮᠣᠩ᠋ᠭᠤᠯ ᠪᠣᠯᠤᠨ ᠠᠦ᠋ᠰᠲ᠋ᠷᠢᠶ᠎ᠠ ᠤᠯᠤᠰ ᠲᠤ ᠨᠡᠢᠢᠭᠡᠮ ᠦᠨ ᠳᠠᠭᠠᠳᠬᠠᠯ ᠤᠨ ᠰᠢᠮᠡᠳᠬᠡᠯ ᠲᠥᠯᠦᠭᠰᠡᠨ ᠬᠤᠭᠤᠴᠠᠭᠠᠨ ᠳᠤ ᠨᠣᠭᠳᠠᠬᠤ ᠲᠡᠳᠬᠦᠪᠦᠷᠢ ᠠᠪᠬᠤ ᠡᠷᠬᠡ ᠲᠡᠶ ᠪᠣᠯᠤᠯ᠎ᠠ᠃

• ᠳ᠋ᠢᠫᠯᠣᠮᠠᠲ ᠫᠠᠰᠫᠣᠷᠲ ᠡᠵᠡᠮᠰᠢᠭᠴᠢ ᠢᠷᠭᠡᠳ ᠑᠘᠐ ᠬᠣᠨᠤᠭ ᠤᠨ ᠬᠤᠭᠤᠴᠠᠭᠠᠨ ᠳᠤ ᠙᠐ ᠬᠦᠷᠲᠡᠯᠡᠬᠢ ᠬᠣᠨᠤᠭ ᠬᠠᠷᠢᠯᠴᠠᠨ ᠸᠢᠰᠠ ᠦᠭᠡᠢ ᠵᠣᠷᠴᠢᠨ᠎ᠠ᠃

• ᠬᠠᠤᠯᠢ ᠪᠤᠰᠤ ᠪᠠᠷ ᠣᠷᠤᠰᠢᠨ ᠰᠠᠭᠤᠭ᠎ᠠ ᠢᠷᠭᠡᠳ ᠢ ᠪᠤᠴᠠᠭᠠᠨ ᠰᠢᠯᠵᠢᠭᠦᠯᠬᠦ ᠬᠦᠰᠡᠯᠲᠡ ᠭᠠᠷᠭᠠᠬᠤ ᠡᠷᠬᠡ ᠵᠦᠢ ᠢᠢᠨ ᠣᠷᠴᠢᠨ ᠪᠦᠷᠢᠳᠦᠯ᠎ᠡ᠃

• «ᠬᠠᠷᠠᠬᠣᠷᠤᠮ»᠂ «ᠾᠦᠩᠨᠦ» ᠬᠣᠲᠠ ᠢᠢᠨ ᠪᠦᠲᠦᠭᠡᠨ ᠪᠠᠢᠢᠭᠤᠯᠤᠯᠲᠠ᠂ ᠪᠠᠷᠢᠯᠭ᠎ᠠ ᠤᠭᠰᠠᠷᠠᠯᠲᠠ᠂ ᠤᠰᠤ ᠰᠤᠪᠠᠭ᠂ ᠴᠡᠪᠡᠷᠰᠢᠭᠦᠯᠬᠦ ᠪᠠᠢᠢᠭᠤᠯᠤᠮᠵᠢ᠂ ᠡᠷᠴᠢᠮ ᠬᠦᠴᠦ᠂ ᠳᠡᠳ᠋ ᠪᠦᠲᠦᠴᠡ ᠢᠢᠨ ᠲᠥᠰᠦᠯ ᠳᠥ ᠠᠦ᠋ᠰᠲ᠋ᠷᠢᠶ᠎ᠠ ᠤᠯᠤᠰ ᠬᠥᠷᠦᠩ᠋ᠭᠡ ᠣᠷᠤᠭᠤᠯᠵᠤ᠂ ᠬᠠᠮᠲᠤᠷᠠᠨ ᠠᠵᠢᠯᠯᠠᠨ᠎ᠠ᠃

• ᠣᠯᠠᠨ ᠤᠯᠤᠰ ᠤᠨ ᠠᠦ᠋ᠲ᠋ᠣ᠋ ᠲᠡᠭᠡᠭᠡᠪᠦᠷᠢ ᠢᠢᠨ ᠬᠠᠷᠢᠯᠴᠠᠭᠠᠨ ᠤ ᠲᠤᠬᠠᠢ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ ᠪᠠᠢᠢᠭᠤᠯᠤᠨ᠎ᠠ᠃

• ᠰᠠᠩᠬᠦᠦ ᠢᠢᠨ ᠬᠠᠮᠲᠤ ᠢᠢᠨ ᠠᠵᠢᠯᠯᠠᠭᠠᠨ ᠤ ᠬᠡᠯᠡᠯᠴᠡᠭᠡᠷ ᠢ ᠰᠤᠩ᠋ᠭᠠᠵᠤ᠂ ᠬᠥᠷᠦᠩ᠋ᠭᠡ ᠢᠢ ᠨᠢ ᠡᠷᠡᠭᠦᠯ ᠮᠡᠨᠳᠦ᠂ ᠡᠮᠨᠡᠯᠭᠡ ᠢᠢᠨ ᠲᠣᠨᠤᠭ ᠲᠥᠬᠦᠭᠡᠷᠦᠮᠵᠢ᠂ ᠳᠡᠳ᠋ ᠪᠦᠲᠦᠴᠡ᠂ ᠬᠥᠳᠡᠭᠡ ᠠᠵᠤ ᠠᠬᠤᠢ᠂ ᠪᠣᠯᠪᠠᠰᠤᠷᠠᠯ ᠵᠡᠷᠭᠡ ᠰᠠᠯᠪᠤᠷᠢ ᠳᠤ ᠵᠠᠷᠤᠴᠠᠭᠤᠯᠤᠨ᠎ᠠ᠃

• ᠠᠭᠤᠯᠠ ᠠᠭᠤᠷᠬᠠᠢ᠂ ᠠᠰᠢᠭᠲᠤ ᠮᠠᠯᠲᠠᠮᠠᠯ ᠤᠨ ᠰᠠᠯᠪᠤᠷᠢ ᠳᠤ ᠰᠢᠨᠡᠯᠢᠭ ᠲᠧᠭᠨᠣᠯᠤᠭᠢ ᠨᠡᠪᠲᠡᠷᠡᠭᠦᠯᠬᠦ᠂ ᠬᠠᠮᠲᠤᠷᠠᠭᠰᠠᠨ ᠰᠤᠳᠤᠯᠭ᠎ᠠ᠂ ᠰᠢᠨᠵᠢᠯᠡᠭᠡ ᠬᠢᠬᠦ᠂ ᠮᠡᠷᠭᠡᠵᠢᠯᠲᠡᠨ ᠨᠤᠭᠦᠳ ᠢ ᠰᠤᠷᠭᠠᠬᠤ ᠴᠢᠭᠯᠡᠯ ᠢᠶᠡᠷ ᠬᠠᠮᠲᠤᠷᠠᠨ᠎ᠠ᠃

• «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ᠂ ᠧᠦ᠋ᠷᠣᠫᠠ ᠢᠢᠨ ᠬᠣᠯᠪᠤᠭᠠᠨ ᠤ «ᠣᠢ ᠢᠢᠨ ᠲᠦᠩᠰᠢᠯᠡᠯ» ᠤᠨ ᠬᠦᠷᠢᠶᠡᠨ ᠳᠥ ᠦᠷᠭᠦᠯᠵᠢᠯᠡᠭᠦᠯᠦᠨ ᠬᠠᠮᠲᠤᠷᠠᠨ᠎ᠠ᠃

• «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ»᠂ «ᠴᠠᠭᠠᠨ ᠠᠯᠲᠠ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠡᠷᠴᠢᠮᠵᠢᠭᠰᠡᠨ ᠮᠠᠯ ᠠᠵᠤ ᠠᠬᠤᠢ ᠢᠢ ᠳᠡᠮᠵᠢᠬᠦ᠂ ᠳᠡᠪᠰᠢᠯᠲᠡᠲᠦ ᠲᠧᠭᠨᠢᠭ᠂ ᠲᠧᠭᠨᠣᠯᠤᠭᠢ ᠨᠡᠪᠲᠡᠷᠡᠭᠦᠯᠬᠦ ᠴᠢᠭᠯᠡᠯ ᠢᠶᠡᠷ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠦᠨ᠎ᠡ᠃

• ᠤᠯᠠᠭᠠᠨᠪᠠᠭᠠᠲᠤᠷ ᠬᠣᠲᠠᠨ᠎ᠠ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠴᠥᠯᠵᠢᠯᠲᠡ ᠲᠡᠶ ᠲᠡᠮᠡᠴᠡᠬᠦ ᠻᠣᠨ᠋ᠸᠧᠨ᠋ᠼᠢ ᠢᠢᠨ ᠲᠠᠯ᠎ᠠ ᠨᠤᠭᠤᠳ ᠤᠨ ᠑᠗ ᠳ᠋ᠤᠭᠠᠷ ᠪᠠᠭ᠎ᠠ ᠬᠤᠷᠠᠯ (COP17) ᠊ᠢ ᠵᠣᠬᠢᠶᠠᠨ ᠪᠠᠢᠢᠭᠤᠯᠬᠤ ᠳᠤ ᠠᠦ᠋ᠰᠲ᠋ᠷᠢᠶ᠎ᠠ ᠤᠯᠤᠰ ᠳᠡᠮᠵᠢᠯᠭᠡ ᠦᠵᠡᠭᠦᠯᠦᠨ᠎ᠡ᠃

• «ᠢᠯᠡᠭᠡᠯᠲᠡ-᠒᠑᠐᠐» ᠬᠥᠲᠦᠯᠪᠦᠷᠢ ᠢᠢᠨ ᠬᠦᠷᠢᠶᠡᠨ ᠳᠥ ᠠᠦ᠋ᠰᠲ᠋ᠷᠢᠶ᠎ᠠ ᠳᠤ ᠰᠤᠷᠤᠯᠴᠠᠬᠤ ᠮᠣᠩ᠋ᠭᠤᠯ ᠣᠶᠤᠲᠠᠨ ᠤ ᠲᠣᠭ᠎ᠠ ᠢᠢ ᠨᠡᠮᠨᠡ᠃

• ᠬᠥᠭ᠍ᠵᠢᠮ ᠦᠨ ᠵᠣᠬᠢᠶᠠᠯᠴᠢᠳ ᠤᠨ ᠪᠦᠲᠦᠭᠡᠯ᠂ ᠰᠣᠩ᠋ᠭᠤᠳᠠᠭ ᠬᠥᠭ᠍ᠵᠢᠮ ᠦᠨ ᠪᠠᠭᠰᠢ᠂ ᠣᠶᠤᠲᠠᠨ ᠰᠣᠯᠢᠯᠴᠠᠬᠤ᠂ ᠬᠠᠮᠲᠤᠷᠠᠭᠰᠠᠨ ᠤᠷᠠᠨ ᠪᠦᠲᠦᠭᠡᠯ ᠲᠤᠭᠤᠷᠪᠢᠬᠤ᠂ ᠡᠷᠳᠡᠮᠲᠡᠨ ᠪᠠᠭᠰᠢ ᠨᠠᠷ ᠤᠨ ᠬᠠᠮᠲᠤᠷᠠᠭᠰᠠᠨ ᠲᠥᠰᠦᠯ᠂ ᠡᠷᠳᠡᠮ ᠰᠢᠨᠵᠢᠯᠡᠭᠡ᠂ ᠰᠤᠳᠤᠯᠭᠠᠨ ᠤ ᠪᠠᠭ᠎ᠠ ᠬᠤᠷᠠᠯ ᠵᠣᠬᠢᠶᠠᠨ ᠪᠠᠢᠢᠭᠤᠯᠬᠤ ᠪᠣᠯᠤᠮᠵᠢ ᠪᠦᠷᠢᠳᠦᠯ᠎ᠡ᠃

• ᠠᠦ᠋ᠰᠲ᠋ᠷᠢᠶ᠎ᠠ ᠤᠯᠤᠰ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ᠂ ᠳᠡᠳ᠋ ᠪᠦᠲᠦᠴᠡ᠂ ᠡᠷᠡᠭᠦᠯ ᠮᠡᠨᠳᠦ᠂ ᠡᠷᠴᠢᠮ ᠬᠦᠴᠦ ᠵᠡᠷᠭᠡ ᠰᠠᠯᠪᠤᠷᠢ ᠳᠤ ᠲᠤᠷᠰᠢᠯᠭ᠎ᠠ᠂ ᠨᠡ᠊ᠦ᠋-ᠾᠠ᠊ᠦ᠋᠂ ᠰᠢᠯᠭᠠᠷᠠᠭᠰᠠᠨ ᠰᠢᠢᠳᠦᠯ ᠦᠳ ᠢᠶᠡᠨ ᠬᠤᠪᠢᠶᠠᠯᠴᠠᠨ᠎ᠠ᠃

ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠰᠧᠷᠳᠠᠷ ᠪᠧᠷᠳᠢᠮᠦ᠋ᠾᠠᠮᠧᠳᠣᠸ ᠠᠢᠢᠯᠴᠢᠯᠠᠯ᠎ᠠ (᠒᠐᠒᠕᠂᠐᠖᠂᠐᠑-᠐᠒)

• ᠤᠯᠤᠰ ᠲᠥᠷᠦ ᠢᠢᠨ ᠶᠠᠷᠢᠶ᠎ᠠ ᠬᠡᠯᠡᠯᠴᠡᠭᠡ ᠢᠢ ᠲᠣᠭᠲᠠᠮᠠᠯᠵᠢᠭᠤᠯᠬᠤ᠂ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠲᠡᠭᠡᠭᠡᠪᠦᠷᠢ᠂ ᠯᠣᠭᠢᠰᠲ᠋ᠢᠭ᠂ ᠬᠥᠳᠡᠭᠡ ᠠᠵᠤ ᠠᠬᠤᠢ᠂ ᠬᠦᠷᠢᠶᠡᠯᠡᠩ ᠪᠤᠢ ᠣᠷᠴᠢᠨ ᠢ ᠬᠠᠮᠠᠭᠠᠯᠠᠬᠤ ᠵᠡᠷᠭᠡ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ᠎ᠡ᠃

• ᠡᠳ᠋ ᠦᠨ ᠵᠠᠰᠠᠭ᠂ ᠬᠤᠳᠠᠯᠳᠤᠭ᠎ᠠ᠂ ᠰᠢᠨᠵᠢᠯᠡᠬᠦ ᠤᠬᠠᠭᠠᠨ᠂ ᠲᠧᠭᠨᠢᠭ᠂ ᠲᠧᠭᠨᠣᠯᠤᠭᠢ᠂ ᠳᠡᠭᠡᠳᠦ ᠪᠣᠯᠪᠠᠰᠤᠷᠠᠯ᠂ ᠬᠦᠨᠡᠰᠦ᠂ ᠬᠥᠳᠡᠭᠡ ᠠᠵᠤ ᠠᠬᠤᠢ᠂ ᠰᠣᠶᠤᠯ ᠤᠨ ᠰᠠᠯᠪᠤᠷᠢ ᠢᠢᠨ ᠠᠰᠠᠭᠤᠳᠠᠯ ᠢᠶᠠᠷ ᠬᠠᠮᠲᠤ ᠢᠢᠨ ᠠᠵᠢᠯᠯᠠᠭᠠᠨ ᠤ ᠵᠥᠪᠯᠡᠯᠳᠦᠬᠦ ᠠᠭᠤᠯᠵᠠᠯᠲᠠ ᠨᠤᠭᠤᠳ ᠢ ᠬᠣᠶᠠᠷ ᠵᠢᠯ ᠳᠥ ᠨᠢᠭᠡ ᠤᠳᠠᠭ᠎ᠠ ᠵᠣᠬᠢᠶᠠᠨ ᠪᠠᠢᠢᠭᠤᠯᠤᠨ᠎ᠠ᠃

• ᠡᠷᠴᠢᠮ ᠬᠦᠴᠦ᠂ ᠲᠡᠭᠡᠭᠡᠪᠦᠷᠢ᠂ ᠬᠠᠷᠢᠯᠴᠠᠭ᠎ᠠ ᠬᠣᠯᠪᠤᠭ᠎ᠠ᠂ ᠳᠡᠳ᠋ ᠪᠦᠲᠦᠴᠡ᠂ ᠬᠥᠩ᠋ᠭᠡᠨ ᠦᠢᠯᠡᠳᠪᠦᠷᠢᠯᠡᠯ᠂ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠵᠦ᠂ ᠬᠠᠮᠲᠤᠷᠠᠭᠰᠠᠨ ᠬᠥᠲᠦᠯᠪᠦᠷᠢ ᠬᠡᠷᠡᠭᠵᠢᠭᠦᠯᠦᠨ᠎ᠡ᠃

• ᠨᠡᠬᠡᠮᠡᠯ᠂ ᠣᠶᠤᠳᠠᠯ ᠤᠨ ᠦᠢᠯᠡᠳᠪᠦᠷᠢᠯᠡᠯ ᠦᠨ ᠰᠠᠯᠪᠤᠷᠢ ᠳᠤ ᠬᠠᠷᠢᠯᠴᠠᠨ ᠠᠰᠢᠭ ᠲᠠᠶ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠦᠨ᠎ᠡ᠃

• ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠬᠤ ᠪᠣᠯᠤᠨ ᠰᠤᠳᠤᠯᠭ᠎ᠠ ᠬᠢᠬᠦ ᠲᠡᠳᠬᠦᠯᠭᠡ ᠣᠯᠭᠤᠵᠤ᠂ ᠪᠣᠯᠪᠠᠰᠤᠷᠠᠯ ᠤᠨ ᠪᠠᠷᠢᠮᠲᠠ ᠪᠢᠴᠢᠭ᠌᠂ ᠡᠷᠳᠡᠮ ᠦᠨ ᠵᠡᠷᠭᠡ᠂ ᠴᠣᠯᠠ ᠢᠢ ᠬᠠᠷᠢᠯᠴᠠᠨ ᠬᠦᠯᠢᠶᠡᠨ ᠵᠥᠪᠰᠢᠶᠡᠷᠡᠨ᠎ᠡ᠃

• ᠤᠯᠠᠭᠠᠨᠪᠠᠭᠠᠲᠤᠷ ᠬᠣᠲᠠ᠂ ᠠᠱᠬᠠᠪᠠᠳ᠋ ᠬᠣᠲᠠ ᠠᠬ᠎ᠠ ᠳᠡᠭᠦᠦ ᠢᠢᠨ ᠬᠠᠷᠢᠯᠴᠠᠭ᠎ᠠ ᠲᠣᠭᠲᠠᠭᠠᠵᠤ᠂ ᠢᠨ᠋᠊᠊ᠨᠣᠸᠠᠼ᠂ ᠬᠤᠳᠠᠯᠳᠤᠭ᠎ᠠ᠂ ᠡᠳ᠋ ᠦᠨ ᠵᠠᠰᠠᠭ᠂ ᠡᠷᠳᠡᠮ ᠰᠢᠨᠵᠢᠯᠡᠭᠡ᠂ ᠰᠣᠶᠤᠯ᠂ ᠰᠫᠣᠷᠲ᠂ ᠠᠶᠠᠯᠠᠯ ᠵᠢᠭᠤᠯᠴᠢᠯᠠᠯ ᠪᠣᠯᠤᠨ ᠪᠤᠰᠤᠳ ᠰᠠᠯᠪᠤᠷᠢ ᠳᠤ ᠬᠠᠮᠲᠤᠷᠠᠨ᠎ᠠ᠃

• ᠰᠢᠨᠵᠢᠯᠡᠬᠦ ᠤᠬᠠᠭᠠᠨ᠂ ᠰᠢᠨ᠎ᠡ ᠲᠧᠭᠨᠣᠯᠤᠭᠢ᠂ ᠢᠨ᠋᠊᠊ᠨᠣᠸᠠᠼ ᠤᠨ ᠴᠢᠭᠯᠡᠯ ᠢᠶᠡᠷ ᠬᠠᠮᠲᠤᠷᠠᠨ ᠠᠵᠢᠯᠯᠠᠨ᠎ᠠ᠃

• ᠦᠨᠳᠦᠰᠦᠨ ᠦ ᠮᠦᠽᠧᠢ ᠳᠥ ᠬᠠᠳᠠᠭᠠᠯᠠᠵᠤ ᠪᠤᠢ ᠡᠷᠳᠡᠨᠢᠰ ᠢ ᠰᠡᠷᠭᠦᠭᠡᠨ ᠵᠠᠰᠠᠪᠤᠷᠢᠯᠠᠬᠤ᠂ ᠰᠣᠶᠤᠯ᠂ ᠲᠡᠦᠬᠡ᠂ ᠤᠯᠠᠮᠵᠢᠯᠠᠯ ᠢᠶᠠᠨ ᠨᠡᠢᠢᠲᠡ ᠳᠥ ᠰᠤᠷᠲᠠᠯᠴᠢᠯᠠᠨ ᠲᠠᠨᠢᠭᠤᠯᠬᠤ ᠵᠡᠷᠭᠡ ᠪᠡᠷ ᠬᠠᠮᠲᠤᠷᠠᠨ ᠠᠵᠢᠯᠯᠠᠨ᠎ᠠ᠃

• ᠶᠡᠬᠡ᠂ ᠳᠡᠭᠡᠳᠦ ᠰᠤᠷᠭᠠᠭᠤᠯᠢ ᠰᠤᠳᠤᠯᠭ᠎ᠠ᠂ ᠡᠷᠳᠡᠮ ᠰᠢᠨᠵᠢᠯᠡᠭᠡ᠂ ᠪᠣᠯᠪᠠᠰᠤᠷᠠᠯ ᠤᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠥᠷᠨᠢᠭᠦᠯᠦᠨ᠎ᠡ᠃

• ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠱᠠᠲᠤ ᠠᠬᠢᠭᠤᠯᠵᠤ᠂ «ᠢᠵᠢ ᠪᠦᠷᠢᠨ ᠲᠦᠩᠰᠢᠯᠡᠯ» ᠳ᠋ᠥ ᠬᠦᠷᠭᠡᠯ᠎ᠡ᠃

• ᠬᠥᠷᠦᠩ᠋ᠭᠡ ᠣᠷᠤᠭᠤᠯᠤᠯᠲᠠ᠂ ᠪᠢᠽᠢᠨᠧᠰ ᠡᠷᠬᠢᠯᠡᠯᠲᠡ ᠢᠢ ᠳᠡᠮᠵᠢᠬᠦ᠂ ᠬᠤᠳᠠᠯᠳᠤᠭ᠎ᠠ ᠢᠢ ᠥᠷᠭᠡᠵᠢᠭᠦᠯᠬᠦ᠂ ᠵᠠᠬ᠎ᠠ ᠵᠡᠭᠡᠯᠢ ᠳᠥ ᠨᠡᠪᠲᠡᠷᠡᠬᠦ ᠪᠣᠯᠤᠮᠵᠢ ᠢᠢ ᠰᠠᠢᠢᠵᠢᠷᠠᠭᠤᠯᠬᠤ᠂ ᠰᠢᠭᠤᠳ ᠬᠥᠷᠦᠩ᠋ᠭᠡ ᠣᠷᠤᠭᠤᠯᠤᠯᠲᠠ ᠢᠢ ᠲᠠᠲᠠᠬᠤ ᠵᠡᠷᠭᠡ ᠪᠡᠷ ᠬᠠᠮᠲᠤᠷᠠᠨ᠎ᠠ᠃

• ᠭᠡᠮᠲᠦ ᠬᠡᠷᠡᠭ ᠡᠴᠡ ᠤᠷᠢᠳᠴᠢᠯᠠᠨ ᠰᠡᠷᠭᠡᠢᠢᠯᠡᠬᠦ᠂ ᠲᠡᠮᠡᠴᠡᠬᠦ ᠴᠢᠭᠯᠡᠯ ᠢᠶᠡᠷ ᠬᠠᠮᠲᠤᠷᠠᠨ ᠠᠵᠢᠯᠯᠠᠨ᠎ᠠ᠃

• ᠠᠷᠬᠢᠸ ᠤᠨ ᠪᠠᠷᠢᠮᠲᠠ ᠪᠢᠴᠢᠭ᠌ ᠢ ᠰᠤᠳᠤᠯᠬᠤ᠂ ᠴᠠᠬᠢᠮ ᠠᠷᠬᠢᠸ ᠨᠡᠪᠲᠡᠷᠡᠭᠦᠯᠬᠦ᠂ ᠰᠡᠷᠭᠦᠭᠡᠨ ᠵᠠᠰᠠᠪᠤᠷᠢᠯᠠᠯᠲᠠ᠂ ᠮᠡᠷᠭᠡᠵᠢᠯᠲᠡᠨ ᠰᠣᠯᠢᠯᠴᠠᠭᠠᠨ ᠤ ᠴᠢᠭᠯᠡᠯ ᠢᠶᠡᠷ ᠬᠠᠮᠲᠤᠷᠠᠨ᠎ᠠ᠃

• ᠶᠡᠬᠡ᠂ ᠳᠡᠭᠡᠳᠦ ᠰᠤᠷᠭᠠᠭᠤᠯᠢ ᠤᠳᠤᠷᠢᠳᠤᠯᠭ᠎ᠠ᠂ ᠪᠠᠭᠰᠢ᠂ ᠰᠤᠳᠤᠯᠤᠭᠠᠴᠢ᠂ ᠣᠶᠤᠲᠠᠨ ᠨᠤᠭᠤᠳ ᠤᠨ ᠰᠣᠯᠢᠯᠴᠠᠭ᠎ᠠ ᠢᠢ ᠳᠡᠮᠵᠢᠬᠦ᠂ ᠰᠤᠷᠭᠠᠯᠲᠠ᠂ ᠰᠤᠳᠤᠯᠭ᠎ᠠ᠂ ᠡᠷᠳᠡᠮ ᠰᠢᠨᠵᠢᠯᠡᠭᠡᠨ ᠦ ᠬᠤᠷᠠᠯ᠂ ᠰᠧᠮᠢᠨᠠᠷ᠂ ᠢᠨ᠋᠊᠊ᠨᠣᠸᠠᠼ᠂ ᠲᠧᠭᠨᠣᠯᠤᠭᠢ᠂ ᠭᠠᠷᠤᠭᠠᠨ ᠤ ᠪᠢᠽᠢᠨᠧᠰ ᠦᠨ ᠴᠢᠭᠯᠡᠯ ᠢᠶᠡᠷ ᠬᠠᠮᠲᠤᠷᠠᠭᠰᠠᠨ ᠲᠥᠰᠦᠯ ᠦᠳ ᠬᠡᠷᠡᠭᠵᠢᠭᠦᠯᠦᠨ᠎ᠡ᠃

• ᠠᠰᠢᠭᠲᠤ ᠮᠠᠯᠲᠠᠮᠠᠯ ᠤᠨ ᠣᠯᠪᠤᠷᠢᠯᠠᠯᠲᠠ᠂ ᠪᠣᠯᠪᠠᠰᠤᠷᠠᠭᠤᠯᠤᠯᠲᠠ ᠢᠢᠨ ᠴᠢᠭᠯᠡᠯ ᠢᠶᠡᠷ ᠬᠠᠷᠢᠯᠴᠠᠨ ᠠᠰᠢᠭ ᠲᠠᠶ ᠲᠦᠩᠰᠢᠯᠡᠯ ᠪᠤᠢ ᠪᠣᠯᠭᠠᠨ᠎ᠠ᠃

• «ᠲᠡᠷᠪᠤᠮ ᠮᠣᠳᠤ»᠂ ᠦᠽᠪᠧᠻ ᠤᠨ ᠶᠡᠷᠦᠩᠬᠡᠢᠢᠯᠡᠭᠴᠢ ᠢᠢᠨ «ᠨᠣᠭᠤᠭᠠᠨ ᠢᠷᠡᠭᠡᠳᠦᠢ» ᠲᠥᠰᠦᠯ ᠢ ᠤᠶᠠᠯᠳᠤᠭᠤᠯᠤᠨ ᠬᠡᠷᠡᠭᠵᠢᠭᠦᠯᠦᠨ᠎ᠡ᠃

• ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ᠂ ᠱᠠᠩᠬᠠᠶ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠋ ᠠ ᠪᠣᠯᠤᠨ ᠪᠤᠰᠤᠳ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳᠥ ᠬᠠᠷᠢᠯᠴᠠᠨ ᠪᠡᠶ᠎ᠡ ᠪᠡᠶ᠎ᠡ ᠪᠡᠨ ᠳᠡᠮᠵᠢᠨ᠎ᠡ᠃

• ᠤᠷᠭᠤᠮᠠᠯ ᠪᠣᠯᠤᠨ ᠤᠷᠭᠤᠮᠠᠯ ᠤᠨ ᠭᠠᠷᠤᠯᠲᠠᠢ ᠪᠦᠲᠦᠭᠡᠭ᠍ᠳᠡᠬᠦᠨ ᠢᠮᠫᠣᠷᠲ᠂ ᠡᠻᠰᠫᠣᠷᠲ᠋ᠯᠠᠬᠤ ᠲᠠᠭᠠᠲᠠᠢ ᠨᠥᠬᠦᠴᠡᠯ ᠪᠦᠷᠢᠳᠦᠭᠦᠯᠵᠦ᠂ ᠡᠷᠡᠭᠦᠯ ᠠᠬᠤᠢ ᠢᠢᠨ ᠠᠶᠤᠯ ᠦᠭᠡᠢ ᠪᠠᠢᠢᠳᠠᠯ ᠢ ᠬᠠᠩ᠋ᠭᠠᠨ᠎ᠠ᠃ ᠬᠣᠶᠠᠷ ᠤᠯᠤᠰ ᠤᠨ ᠨᠤᠲᠤᠭ ᠳᠡᠪᠢᠰᠬᠡᠷ ᠢᠶᠡᠷ ᠪᠠᠷᠠᠭ᠎ᠠ ᠪᠦᠲᠦᠭᠡᠭ᠍ᠳᠡᠬᠦᠨ ᠳᠠᠮᠵᠢᠨ ᠥᠩ᠋ᠭᠡᠷᠡᠬᠦ᠂ ᠢᠮᠫᠣᠷᠲ᠂ ᠡᠻᠰᠫᠣᠷᠲ ᠢ ᠬᠥᠩ᠋ᠭᠡᠪᠴᠢᠯᠡᠨ᠎ᠡ᠃

• ᠬᠥᠳᠡᠭᠡ ᠠᠵᠤ ᠠᠬᠤᠢ ᠢᠢᠨ ᠰᠠᠯᠪᠤᠷᠢ ᠳᠤ ᠣᠷᠴᠢᠨ ᠦᠶ᠎ᠡ ᠢᠢᠨ ᠤᠰᠤᠯᠠᠭᠠᠨ ᠤ ᠲᠧᠭᠨᠣᠯᠤᠭᠢ ᠨᠡᠪᠲᠡᠷᠡᠭᠦᠯᠬᠦ᠂ ᠮᠠᠯ ᠠᠵᠤ ᠠᠬᠤᠢ᠂ ᠪᠡᠯᠴᠢᠭᠡᠷ ᠦᠨ ᠮᠧᠨᠧᠵᠮᠧᠨ᠋ᠲ ᠦᠨ ᠴᠢᠭᠯᠡᠯ ᠳᠥ ᠬᠠᠮᠲᠤᠷᠠᠭᠰᠠᠨ ᠲᠥᠰᠦᠯ ᠦᠳ ᠬᠡᠷᠡᠭᠵᠢᠭᠦᠯᠦᠨ᠎ᠡ᠃

• ᠮᠣᠩ᠋ᠭᠤᠯ ᠳᠤ ᠦᠽᠪᠧᠻᠢᠰᠲ᠋ᠠᠨ ᠤ ᠤᠷᠭᠤᠮᠠᠯ ᠤᠨ ᠰᠣᠷᠲ᠋ ᠤᠨ ᠕᠂᠐᠐᠐ ᠰᠠᠭᠤᠯᠭᠠᠴᠠ ᠢᠢ ᠰᠢᠯᠵᠢᠭᠦᠯᠦᠨ ᠰᠠᠭᠤᠯᠭᠠᠵᠤ᠂ ᠵᠢᠭᠠᠰᠤᠨ ᠤ ᠠᠵᠤ ᠠᠬᠤᠢ ᠪᠣᠯᠤᠨ ᠵᠥᠭᠡᠢ ᠦᠷᠡᠵᠢᠭᠦᠯᠭᠡ ᠢᠢᠨ ᠴᠢᠭᠯᠡᠯ ᠢᠶᠡᠷ ᠬᠠᠮᠲᠤᠷᠠᠨ᠎ᠠ᠃

• ᠴᠥᠯᠵᠢᠯᠲᠡ᠂ ᠭᠠᠵᠠᠷ ᠤᠨ ᠳᠣᠷᠤᠢᠢᠲᠠᠯ᠂ ᠤᠰᠤᠨ ᠤ ᠨᠥᠭᠡᠴᠡ᠂ ᠠᠭᠤᠷ ᠠᠮᠢᠰᠬᠤᠯ ᠤᠨ ᠥᠭᠡᠷᠡᠴᠢᠯᠡᠯᠲᠡ᠂ ᠪᠢᠣᠯᠣᠭᠢ ᠢᠢᠨ ᠣᠯᠠᠨ ᠲᠥᠷᠦᠯᠲᠦ ᠵᠦᠢᠯᠡᠰ᠂ ᠡᠻᠣᠰᠢᠰᠲ᠋ᠧᠮ ᠢ ᠬᠠᠮᠠᠭᠠᠯᠠᠬᠤ ᠵᠡᠷᠭᠡ ᠴᠢᠭᠯᠡᠯ ᠢᠶᠡᠷ ᠲᠥᠰᠦᠯ᠂ ᠬᠥᠲᠦᠯᠪᠦᠷᠢ ᠬᠡᠷᠡᠭᠵᠢᠭᠦᠯᠦᠨ᠎ᠡ᠃

• ᠣᠯᠠᠨ ᠤᠯᠤᠰ ᠤᠨ ᠤᠷᠤᠯᠳᠤᠭᠠᠨ᠂ ᠲᠡᠮᠡᠴᠡᠭᠡᠨ ᠳᠥ ᠲᠠᠮᠢᠷᠴᠢᠳ᠂ ᠳᠠᠰᠬᠠᠯᠵᠢᠭᠤᠯᠤᠭᠴᠢᠳ᠂ ᠰᠢᠭᠦᠭ᠍ᠴᠢᠳ᠂ ᠰᠫᠣᠷᠲ ᠤᠨ ᠵᠢᠳᠬᠦᠯᠲᠡᠨ ᠨᠤᠭᠦᠳ ᠢ ᠬᠠᠷᠢᠯᠴᠠᠨ ᠣᠷᠤᠯᠴᠠᠭᠤᠯᠤᠨ᠎ᠠ᠃

•ᠡᠻᠣ ᠠᠶᠠᠯᠠᠯ ᠵᠢᠭᠤᠯᠴᠢᠯᠠᠯ ᠬᠥᠭ᠍ᠵᠢᠭᠦᠯᠬᠦ ᠲᠥᠰᠦᠯ᠂ ᠬᠥᠲᠦᠯᠪᠦᠷᠢ ᠬᠡᠷᠡᠭᠵᠢᠭᠦᠯᠦᠨ᠎ᠡ᠃

• ᠰᠣᠶᠤᠯ ᠤᠨ ᠪᠡᠶᠡᠲᠦ ᠪᠤᠰᠤ ᠥᠪ ᠢ ᠬᠠᠳᠠᠭᠠᠯᠠᠨ ᠬᠠᠮᠠᠭᠠᠯᠠᠬᠤ᠂ ᠰᠤᠷᠲᠠᠯᠴᠢᠯᠠᠬᠤ᠂ ᠣᠯᠠᠨ ᠤᠯᠤᠰ ᠤᠨ ᠨᠠᠭᠠᠳᠤᠮ᠂ ᠲᠡᠮᠡᠴᠡᠭᠡᠨ ᠳᠥ ᠲᠥᠯᠦᠭᠡᠯᠡᠭᠴᠢᠳ ᠢᠶᠡᠨ ᠣᠷᠤᠯᠴᠠᠭᠤᠯᠬᠤ ᠵᠡᠷᠭᠡ ᠪᠡᠷ ᠬᠠᠮᠲᠤᠷᠠᠨ᠎ᠠ᠃

• ᠶᠡᠷᠦᠩᠬᠡᠢᠢᠯᠡᠭᠴᠢ ᠤ᠂ ᠬᠦᠷᠡᠯᠰᠦ᠋ᠬᠡ᠂ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠨᠠᠷ ᠠᠯᠪᠠᠨ ᠶᠣᠰᠤᠨ ᠤ ᠠᠭᠤᠯᠵᠠᠯᠲᠠ ᠬᠢᠵᠦ᠂ ᠨᠠᠢᠢᠷᠰᠠᠭ ᠬᠠᠷᠢᠯᠴᠠᠭ᠎ᠠ᠂ ᠠᠷᠠᠳ ᠢᠷᠭᠡᠳ ᠦᠨ ᠨᠠᠢᠢᠷᠠᠮᠳᠠᠯ᠂ ᠨᠥᠬᠦᠷᠯᠡᠯ ᠢ ᠭᠦᠨᠵᠡᠭᠡᠢᠢᠷᠡᠭᠦᠯᠦᠨ ᠬᠥᠭ᠍ᠵᠢᠭᠦᠯᠬᠦ ᠲᠠᠯ᠎ᠠ ᠪᠠᠷ ᠶᠠᠷᠢᠯᠴᠠᠯ᠎ᠠ᠃

• ᠡᠵᠡᠨ ᠬᠠᠭᠠᠨ ᠨᠠᠷᠦ᠋ᠾᠢᠲ᠋ᠣ᠋ ᠂ ᠡᠷᠬᠢᠮ ᠳᠡᠭᠡᠳᠦ ᠬᠠᠲᠤᠨ ᠮᠠᠰᠠᠻᠣ ᠨᠠᠷ ᠦᠨᠳᠦᠰᠦᠨ ᠦ ᠶᠡᠬᠡ ᠪᠠᠶᠠᠷ ᠨᠠᠭᠠᠳᠤᠮ ᠤᠨ ᠨᠡᠭᠡᠭᠡᠯᠲᠡ ᠪᠣᠯᠤᠨ ᠪᠤᠰᠤᠳ ᠶᠣᠰᠤᠯᠠᠯ ᠳᠤ ᠬᠦᠨᠳᠦᠲᠦ ᠵᠣᠴᠢᠳ ᠤᠨ ᠬᠤᠪᠢ ᠪᠠᠷ ᠣᠷᠤᠯᠴᠠᠯ᠎ᠠ᠃

• ᠡᠨᠡ ᠠᠢᠢᠯᠴᠢᠯᠠᠯ ᠮᠣᠩ᠋ᠭᠤᠯ ᠤᠯᠤᠰ ᠤᠨ «ᠭᠤᠷᠪᠠᠳᠠᠭᠴᠢ ᠬᠥᠷᠰᠢ» ᠢᠢᠨ ᠪᠣᠳᠤᠯᠭ᠎ᠠ ᠢᠢᠨ ᠬᠦᠷᠢᠶᠡᠨ ᠳᠥ ᠨᠡᠢᠢᠲᠡᠯᠢᠭ ᠦᠨᠡᠲᠦ ᠵᠦᠢᠯᠡᠰ ᠪᠦᠬᠦᠢ ᠶᠠᠫᠣᠨ ᠤᠯᠤᠰ ᠲᠠᠶ ᠬᠥᠭ᠍ᠵᠢᠭᠦᠯᠵᠦ ᠪᠤᠢ «ᠬᠦᠮᠦᠨ ᠲᠥᠪ ᠲᠡᠢ» «ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ» ᠤᠨ ᠬᠠᠷᠢᠯᠴᠠᠭ᠎ᠠ ᠢᠢ ᠭᠦᠨᠵᠡᠭᠡᠢᠢᠷᠡᠭᠦᠯᠵᠦ᠂ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠠᠷᠠᠳ ᠢᠷᠭᠡᠳ ᠦᠨ ᠨᠠᠢᠢᠷᠠᠮᠳᠠᠯ᠂ ᠨᠥᠬᠦᠷᠯᠡᠯ ᠢ ᠪᠡᠬᠢᠵᠢᠭᠦᠯᠬᠦ ᠳᠥ ᠴᠢᠬᠤᠯᠠ ᠲᠦᠯᠬᠢᠴᠡ ᠥᠭ᠍ᠭᠦᠭ᠍ᠰᠡᠨ᠂ ᠲᠡᠦᠬᠡᠨ ᠠᠢᠢᠯᠴᠢᠯᠠᠯ ᠪᠣᠯᠤᠯ᠎ᠠ᠃

• ᠬᠣᠶᠠᠷ ᠤᠯᠤᠰ «ᠢᠵᠢ ᠪᠦᠷᠢᠨ ᠲᠦᠩᠰᠢᠯᠡᠯ» ᠤᠨ ᠬᠠᠷᠢᠯᠴᠠᠭ᠎ᠠ ᠲᠣᠭᠲᠠᠭᠠᠯ᠎ᠠ᠃

• ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠵᠦ᠂ ᠪᠢᠽᠢᠨᠧᠰ᠂ ᠬᠥᠷᠦᠩ᠋ᠭᠡ ᠣᠷᠤᠭᠤᠯᠤᠯᠲᠠ ᠢᠢᠨ ᠲᠠᠭᠠᠲᠠᠢ ᠣᠷᠴᠢᠨ ᠪᠤᠢ ᠪᠣᠯᠭᠠᠨ᠎ᠠ᠃

• ᠢᠷᠭᠡᠳ ᠦᠨ ᠡᠷᠬᠡ ᠠᠰᠢᠭ ᠢ ᠬᠠᠮᠠᠭᠠᠯᠠᠬᠤ᠂ ᠭᠡᠮᠲᠦ ᠬᠡᠷᠡᠭ ᠡᠴᠡ ᠤᠷᠢᠳᠴᠢᠯᠠᠨ ᠰᠡᠷᠭᠡᠢᠢᠯᠡᠬᠦ᠂ ᠲᠠᠰᠤᠯᠤᠨ ᠵᠣᠭᠰᠤᠭᠠᠬᠤ ᠪᠣᠯᠤᠨ ᠮᠥᠷᠳᠡᠨ ᠰᠢᠯᠭᠠᠬᠤ ᠠᠵᠢᠯᠯᠠᠭᠠᠨ ᠤ ᠬᠦᠷᠢᠶᠡᠨ ᠳᠥ ᠬᠠᠮᠲᠤᠷᠠᠨ ᠠᠵᠢᠯᠯᠠᠨ᠎ᠠ᠃

• ᠪᠧᠱᠻᠧᠻ-ᠥᠷᠦ᠋ᠮᠴᠢ-ᠤᠯᠠᠭᠠᠨᠪᠠᠭᠠᠲᠤᠷ ᠴᠢᠭᠯᠡᠯ ᠦᠨ ᠠᠦ᠋ᠲ᠋ᠣ᠋ ᠻᠣᠷᠢᠳᠣᠷ ᠢ ᠬᠠᠮᠲᠤᠷᠠᠨ ᠠᠰᠢᠭᠯᠠᠨ᠎ᠠ᠃

• ᠠᠭᠤᠯᠠ ᠠᠭᠤᠷᠬᠠᠢ ᠪᠣᠯᠤᠨ ᠪᠤᠰᠤᠳ ᠰᠠᠯᠪᠤᠷᠢ ᠳᠤ ᠪᠣᠯᠤᠨ ᠬᠠᠷᠢᠯᠴᠠᠭᠠᠨ ᠤ ᠪᠡᠯᠭᠡ ᠲᠡᠮᠳᠡᠭ ᠪᠣᠯᠬᠤ ᠲᠥᠰᠦᠯ᠂ ᠬᠥᠲᠦᠯᠪᠦᠷᠢ ᠬᠡᠷᠡᠭᠵᠢᠭᠦᠯᠦᠨ᠎ᠡ᠃

• ᠮᠣᠩ᠋ᠭᠤᠯ᠂ ᠻᠢᠷᠭᠢᠽ ᠳ᠋ᠥ ᠨᠢᠭᠡ ᠵᠢᠯ ᠡᠴᠡ ᠳᠡᠭᠡᠭ᠍ᠰᠢ ᠬᠤᠭᠤᠴᠠᠭ᠎ᠠ ᠪᠠᠷ ᠣᠷᠤᠰᠢᠨ ᠰᠠᠭᠤᠵᠤ᠂ ᠠᠵᠢᠯᠯᠠᠵᠤ ᠠᠮᠢᠳᠤᠷᠠᠵᠤ ᠪᠠᠢᠢᠭ᠎ᠠ ᠢᠷᠭᠡᠳ ᠥᠪᠡᠷ ᠦᠨ ᠤᠯᠤᠰ ᠤᠨ ᠵᠢᠯᠤᠭᠤᠨ ᠤ ᠦᠨᠡᠮᠯᠡᠬᠦ ᠪᠡᠨ ᠨᠥᠭᠦᠭᠡ ᠤᠯᠤᠰ ᠤᠨ ᠵᠢᠯᠤᠭᠤᠨ ᠤ ᠦᠨᠡᠮᠯᠡᠬᠦ ᠪᠡᠷ ᠰᠣᠯᠢᠬᠤ ᠪᠣᠯᠤᠮᠵᠢ ᠪᠦᠷᠢᠳᠦᠯ᠎ᠡ᠃

• «ᠴᠠᠭᠠᠨ ᠠᠯᠲᠠ» ᠦᠨᠳᠦᠰᠦᠨ ᠦ ᠬᠥᠲᠦᠯᠪᠦᠷᠢ ᠢᠢᠨ ᠬᠦᠷᠢᠶᠡᠨ ᠳᠥ ᠻᠢᠷᠭᠢᠽ ᠳᠥ ᠨᠣᠣᠰᠤ᠂ ᠨᠣᠯᠤᠤᠷ ᠤᠨ ᠪᠦᠲᠦᠭᠡᠭ᠍ᠳᠡᠬᠦᠨ ᠨᠡᠢᠢᠯᠡᠭᠦᠯᠦᠨ᠎ᠡ᠃

• ᠮᠢᠬ᠎ᠠ᠂ ᠮᠢᠬᠠᠨ ᠪᠦᠲᠦᠭᠡᠭ᠍ᠳᠡᠬᠦᠨ᠂ ᠨᠣᠣᠰᠤ᠂ ᠨᠣᠯᠤᠤᠷ᠂ ᠠᠷᠠᠰᠤ᠂ ᠰᠢᠷᠢ ᠪᠣᠯᠪᠠᠰᠤᠷᠠᠭᠤᠯᠬᠤ ᠦᠢᠯᠡᠳᠪᠦᠷᠢ ᠪᠠᠢᠢᠭᠤᠯᠵᠤ᠂ ᠪᠦᠲᠦᠭᠡᠭ᠍ᠳᠡᠬᠦᠨ ᠢᠶᠡᠨ ᠣᠯᠠᠨ ᠤᠯᠤᠰ ᠤᠨ ᠵᠠᠬ᠎ᠠ ᠵᠡᠭᠡᠯᠢ ᠳᠥ ᠨᠡᠢᠢᠯᠡᠭᠦᠯᠦᠨ᠎ᠡ᠃

• ᠻᠢᠷᠭᠢᠽ ᠤᠯᠤᠰ ᠲᠤ ᠮᠣᠩ᠋ᠭᠤᠯ ᠰᠠᠷᠯᠤᠭ᠂ ᠢᠮᠠᠭ᠎ᠠ ᠨᠡᠢᠢᠯᠡᠭᠦᠯᠵᠦ᠂ ᠵᠢᠮᠢᠰ᠂ ᠬᠦᠨᠡᠰᠦᠨ ᠦ ᠨᠣᠭᠤᠭᠠᠨ ᠤ ᠨᠡᠢᠢᠯᠡᠭᠦᠯᠦᠯᠲᠡ ᠢᠢ ᠨᠡᠮᠡᠭᠳᠡᠭᠦᠯᠦᠨ᠎ᠡ᠃

• ᠴᠠᠬᠢᠮ ᠬᠥᠭ᠍ᠵᠢᠯ᠂ ᠢᠨ᠋᠊᠊ᠨᠣᠸᠠᠼ᠂ ᠲᠥᠷᠦ ᠢᠢᠨ ᠦᠢᠯᠡᠴᠢᠯᠡᠭᠡ ᠢᠢ ᠴᠠᠬᠢᠮᠵᠢᠭᠤᠯᠬᠤ᠂ ᠮᠡᠳᠡᠭᠡᠯᠡᠯ ᠦᠨ ᠲᠧᠭᠨᠣᠯᠤᠭᠢ᠂ ᠻᠢᠪᠧᠷ ᠠᠶᠤᠯ ᠦᠭᠡᠢ ᠪᠠᠢᠢᠳᠠᠯ ᠤᠨ ᠴᠢᠭᠯᠡᠯ ᠢᠶᠡᠷ ᠬᠠᠮᠲᠤᠷᠠᠨ᠎ᠠ᠃

• ᠻᠢᠷᠭᠢᠽ ᠦᠨ ᠦᠨᠳᠦᠰᠦᠨ ᠦ ᠶᠡᠬᠡ ᠰᠤᠷᠭᠠᠭᠤᠯᠢ ᠳᠤ «ᠮᠣᠩ᠋ᠭᠤᠯ-ᠻᠢᠷᠭᠢᠽ ᠦᠨ ᠪᠣᠯᠪᠠᠰᠤᠷᠠᠯ᠂ ᠰᠣᠶᠤᠯ ᠤᠨ ᠲᠥᠪ» ᠪᠠᠢᠢᠭᠤᠯᠵᠤ᠂ «ᠮᠣᠩ᠋ᠭᠤᠯ ᠰᠤᠳᠤᠯᠤᠯ» ᠤᠨ ᠬᠥᠲᠦᠯᠪᠦᠷᠢ ᠬᠡᠷᠡᠭᠵᠢᠭᠦᠯᠦᠨ᠎ᠡ᠃

• ᠵᠠᠰᠠᠭ ᠤᠨ ᠭᠠᠵᠠᠷ ᠤᠨ ᠲᠡᠳᠬᠦᠯᠭᠡ ᠪᠡᠷ ᠡᠨᠡ ᠬᠢᠴᠢᠶᠡᠯ ᠦᠨ ᠵᠢᠯ ᠡᠴᠡ ᠮᠣᠩ᠋ᠭᠤᠯ᠂ ᠻᠢᠷᠭᠢᠽ ᠬᠡᠯᠡ ᠰᠤᠳᠤᠯᠤᠯ ᠤᠨ ᠴᠢᠭᠯᠡᠯ ᠢᠶᠡᠷ ᠣᠶᠤᠲᠠᠨ ᠨᠤᠭᠤᠳ ᠢᠶᠠᠨ ᠬᠠᠷᠢᠯᠴᠠᠨ ᠰᠤᠷᠭᠠᠨ᠎ᠠ᠃

• «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠢ ᠻᠢᠷᠭᠢᠽ ᠦᠨ «ᠨᠣᠭᠤᠭᠠᠨ ᠥᠪ» ᠰᠠᠨᠠᠭᠠᠴᠢᠯᠠᠭᠠ ᠲᠠᠶ ᠤᠶᠠᠯᠳᠤᠭᠤᠯᠤᠨ ᠦᠷᠭᠦᠯᠵᠢᠯᠡᠭᠦᠯᠦᠨ ᠬᠡᠷᠡᠭᠵᠢᠭᠦᠯᠦᠨ᠎ᠡ᠃

• «ᠮᠣᠩ᠋ᠭᠤᠯ-ᠻᠢᠷᠭᠢᠽ ᠦᠨ ᠨᠠᠢᠢᠷᠠᠮᠳᠠᠯ ᠤᠨ ᠲᠥᠭᠡᠯ» ᠴᠡᠴᠡᠷᠯᠢᠭᠲᠦ ᠬᠦᠷᠢᠶᠡᠯᠡᠩ ᠢ ᠮᠣᠩ᠋ᠭᠤᠯ ᠤᠯᠤᠰ ᠲᠤ ᠪᠠᠢᠢᠭᠤᠯᠤᠨ᠎ᠠ᠃

• ᠳᠠᠷᠬᠠᠨ-ᠠᠭᠤᠯᠠ ᠠᠢᠢᠮᠠᠭ ᠻᠢᠷᠭᠢᠽ ᠦᠨ ᠶᠡᠷᠦᠩᠬᠡᠢᠢᠯᠡᠭᠴᠢ ᠢᠢᠨ ᠪᠦᠷᠢᠨ ᠡᠷᠬᠡᠲᠦ ᠲᠥᠯᠦᠭᠡᠯᠡᠭᠴᠢ ᠢᠢᠨ ᠭᠠᠵᠠᠷ ᠲᠠᠶ ᠬᠠᠮᠲᠤᠷᠠᠨ ᠠᠵᠢᠯᠯᠠᠨ᠎ᠠ᠃

• ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠡᠷᠡᠮᠡᠯᠵᠡᠯ ᠢᠶᠡᠨ ᠨᠤᠲᠠᠯᠠᠵᠤ᠂ ᠬᠠᠷᠢᠯᠴᠠᠭ᠎ᠠ ᠢᠢ ᠤᠯᠤᠰ ᠲᠥᠷᠦ᠂ ᠬᠤᠳᠠᠯᠳᠤᠭ᠎ᠠ᠂ ᠡᠳ᠋ ᠦᠨ ᠵᠠᠰᠠᠭ᠂ ᠠᠵᠤ ᠦᠢᠯᠡᠳᠪᠦᠷᠢᠯᠡᠯ᠂ ᠬᠥᠳᠡᠭᠡ ᠠᠵᠤ ᠠᠬᠤᠢ᠂ ᠰᠡᠷᠭᠦᠭᠡᠭ᠍ᠳᠡᠬᠦ ᠡᠷᠴᠢᠮ ᠬᠦᠴᠦ᠂ ᠲᠡᠭᠡᠭᠡᠪᠦᠷᠢ᠂ ᠯᠣᠭᠢᠰᠲ᠋ᠢᠭ᠂ ᠪᠣᠯᠪᠠᠰᠤᠷᠠᠯ᠂ ᠰᠣᠶᠤᠯ᠂ ᠠᠶᠠᠯᠠᠯ ᠵᠢᠭᠤᠯᠴᠢᠯᠠᠯ ᠵᠡᠷᠭᠡ ᠪᠦᠬᠦ ᠰᠠᠯᠪᠤᠷᠢ ᠳᠤ ᠥᠷᠭᠡᠵᠢᠭᠦᠯᠦᠨ ᠪᠡᠬᠢᠵᠢᠭᠦᠯᠬᠦ ᠪᠡᠷ ᠲᠣᠬᠢᠷᠠᠯᠴᠠᠯ᠎ᠠ᠃

• ᠤᠰᠤᠨ ᠤ ᠡᠷᠴᠢᠮ ᠬᠦᠴᠦ ᠠᠰᠢᠭᠯᠠᠬᠤ ᠴᠢᠭᠯᠡᠯ ᠢᠶᠡᠷ ᠲᠥᠰᠦᠯ᠂ ᠬᠥᠲᠦᠯᠪᠦᠷᠢ ᠬᠡᠷᠡᠭᠵᠢᠭᠦᠯᠬᠦ᠂ ᠬᠦᠮᠦᠨ ᠦ ᠨᠥᠭᠡᠴᠡ ᠢᠢᠨ ᠴᠢᠳᠠᠪᠬᠢ ᠢᠢ ᠪᠡᠬᠢᠵᠢᠭᠦᠯᠬᠦ᠂ ᠤᠷᠲᠤ ᠪᠣᠯᠤᠨ ᠪᠣᠭᠤᠨᠢ ᠬᠤᠭᠤᠴᠠᠭᠠᠨ ᠤ ᠰᠤᠷᠭᠠᠯᠲᠠ ᠳᠤ ᠬᠠᠮᠤᠷᠤᠭᠤᠯᠬᠤ᠂ ᠮᠡᠷᠭᠡᠵᠢᠯᠲᠡᠨ ᠰᠣᠯᠢᠯᠴᠠᠬᠤ᠂ ᠬᠠᠮᠲᠤᠷᠠᠭᠰᠠᠨ ᠲᠥᠰᠦᠯ ᠬᠡᠷᠡᠭᠵᠢᠭᠦᠯᠬᠦ ᠵᠡᠷᠭᠡ ᠪᠡᠷ ᠬᠠᠮᠲᠤᠷᠠᠨ᠎ᠠ᠃

• ᠮᠠᠯ ᠠᠵᠤ ᠠᠬᠤᠢ᠂ ᠬᠥᠳᠡᠭᠡ ᠠᠵᠤ ᠠᠬᠤᠢ ᠢᠢ ᠮᠧᠬᠠᠨᠢᠭᠵᠢᠭᠤᠯᠬᠤ᠂ ᠦᠷ᠎ᠡ ᠢᠢᠨ ᠦᠢᠯᠡᠳᠪᠦᠷᠢᠯᠡᠯ ᠳᠥ ᠳᠡᠪᠰᠢᠯᠲᠡᠲᠦ ᠲᠧᠭᠨᠣᠯᠤᠭᠢ ᠨᠡᠪᠲᠡᠷᠡᠭᠦᠯᠬᠦ᠂ ᠤᠷᠭᠤᠮᠠᠯ ᠤᠨ ᠡᠪᠡᠳᠴᠢᠨ᠂ ᠬᠣᠣᠷᠲᠠᠨ ᠰᠢᠪᠠᠵᠢ ᠠᠴᠠ ᠬᠠᠮᠠᠭᠠᠯᠠᠬᠤ᠂ ᠭᠠᠵᠠᠷ ᠤᠨ ᠨᠥᠬᠦᠨ ᠰᠡᠷᠭᠦᠭᠡᠯᠲᠡ᠂ ᠬᠥᠷᠦᠰᠦ ᠤᠰᠤᠯᠠᠭᠠᠨ ᠤ ᠰᠢᠰᠲ᠋ᠧᠮ ᠦᠨ ᠬᠠᠮᠲᠤᠷᠠᠭᠰᠠᠨ ᠰᠤᠳᠤᠯᠭ᠎ᠠ ᠬᠢᠬᠦ᠂ ᠤᠷᠭᠤᠮᠠᠯ ᠤᠨ ᠡᠷᠡᠭᠦᠯ ᠠᠬᠤᠢ ᠢᠢᠨ ᠪᠣᠯᠤᠨ ᠮᠠᠯ ᠡᠮᠨᠡᠯᠭᠡ ᠢᠢᠨ ᠬᠢᠨᠠᠯᠲᠠ ᠢᠢ ᠰᠠᠢᠢᠵᠢᠷᠠᠭᠤᠯᠬᠤ ᠵᠡᠷᠭᠡ ᠰᠠᠯᠪᠤᠷᠢ ᠳᠤ ᠬᠠᠷᠢᠯᠴᠠᠨ ᠲᠤᠷᠰᠢᠯᠭ᠎ᠠ ᠰᠣᠯᠢᠯᠴᠠᠵᠤ᠂ ᠬᠠᠮᠲᠤᠷᠠᠭᠰᠠᠨ ᠦᠢᠯᠡᠳᠪᠦᠷᠢ ᠪᠠᠢᠢᠭᠤᠯᠬᠤ ᠪᠣᠯᠤᠮᠵᠢ ᠢᠢ ᠰᠤᠳᠤᠯᠤᠨ᠎ᠠ᠃

• ᠠᠶᠠᠯᠠᠯ ᠵᠢᠭᠤᠯᠴᠢᠯᠠᠯ ᠤᠨ ᠬᠥᠷᠦᠩ᠋ᠭᠡ ᠣᠷᠤᠭᠤᠯᠤᠯᠲᠠ ᠪᠣᠯᠤᠨ ᠲᠧᠭᠨᠣᠯᠤᠭᠢ ᠳᠤ ᠰᠠᠭᠤᠷᠢᠯᠠᠭᠰᠠᠨ ᠤᠬᠠᠭᠠᠯᠢᠭ ᠠᠶᠠᠯᠠᠯ ᠵᠢᠭᠤᠯᠴᠢᠯᠠᠯ ᠤᠨ ᠰᠠᠨᠠᠭᠠᠴᠢᠯᠠᠭ᠎ᠠ ᠢᠢ ᠬᠠᠷᠢᠯᠴᠠᠨ ᠳᠡᠮᠵᠢᠬᠦ᠂ ᠰᠠᠯᠪᠤᠷᠢ ᠢᠢᠨ ᠮᠡᠷᠭᠡᠵᠢᠯᠲᠡᠨ ᠨᠤᠭᠦᠳ᠂ ᠬᠣᠯᠪᠤᠭᠳᠤᠬᠤ ᠪᠢᠽᠢᠨᠧᠰ ᠦᠨ ᠪᠠᠢᠢᠭᠤᠯᠤᠯᠭ᠎ᠠ ᠢᠢᠨ ᠬᠠᠷᠢᠯᠴᠠᠭ᠎ᠠ ᠢᠢ ᠥᠷᠭᠡᠵᠢᠭᠦᠯᠬᠦ ᠪᠡᠷ ᠲᠣᠬᠢᠷᠠᠯᠴᠠᠯ᠎ᠠ᠃

• ᠳ᠋ᠢᠵᠢᠲ᠋ᠠᠯ ᠡᠳ᠋ ᠦᠨ ᠵᠠᠰᠠᠭ ᠤᠨ ᠰᠠᠯᠪᠤᠷᠢ ᠢᠢᠨ ᠵᠣᠬᠢᠴᠠᠭᠤᠯᠤᠯᠲᠠ ᠢᠢᠨ ᠲᠣᠭᠲᠠᠯᠴᠠᠭ᠎ᠠ ᠢᠢ ᠪᠣᠯᠪᠠᠰᠤᠷᠠᠩ᠋ᠭᠤᠢ ᠪᠣᠯᠭᠠᠬᠤ ᠴᠢᠭᠯᠡᠯ ᠢᠶᠡᠷ ᠬᠠᠮᠲᠤᠷᠠᠨ᠎ᠠ᠃

• ᠣᠨᠴᠤᠭᠤᠢ ᠪᠠᠢᠢᠳᠠᠯ᠂ ᠭᠠᠮᠰᠢᠭ ᠤᠨ ᠦᠶ᠎ᠡ ᠳᠥ ᠠᠷᠠᠳ ᠢᠷᠭᠡᠳ ᠲᠥ ᠰᠢᠭᠤᠷᠬᠠᠢ ᠵᠠᠷᠯᠠᠨ ᠮᠡᠳᠡᠭᠡᠯᠡᠬᠦ ᠰᠢᠰᠲ᠋ᠧᠮ ᠢ ᠪᠡᠬᠢᠵᠢᠭᠦᠯᠬᠦ᠂ ᠣᠷᠴᠢᠨ ᠦᠶ᠎ᠡ ᠢᠢᠨ ᠲᠧᠭᠨᠣᠯᠤᠭᠢ ᠢᠢ ᠨᠡᠪᠲᠡᠷᠡᠭᠦᠯᠬᠦ ᠴᠢᠭᠯᠡᠯ ᠢᠶᠡᠷ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠵᠦ᠂ ᠬᠠᠮᠲᠤᠷᠠᠭᠰᠠᠨ ᠳᠠᠳᠤᠯᠭ᠎ᠠ᠂ ᠰᠤᠷᠭᠠᠭᠤᠯᠢᠯᠲᠠ ᠵᠣᠬᠢᠶᠠᠨ ᠪᠠᠢᠢᠭᠤᠯᠤᠨ᠎ᠠ᠃

• ᠪᠠᠢᠢᠭᠠᠯᠢ ᠢᠢᠨ ᠤᠬᠠᠭᠠᠨ᠂ ᠨᠡᠢᠢᠭᠡᠮ᠂ ᠬᠦᠮᠦᠨᠯᠢᠭ ᠦᠨ ᠤᠬᠠᠭᠠᠨ᠂ ᠬᠥᠳᠡᠭᠡ ᠠᠵᠤ ᠠᠬᠤᠢ ᠢᠢᠨ ᠰᠢᠨᠵᠢᠯᠡᠬᠦ ᠤᠬᠠᠭᠠᠨ᠂ ᠵᠢᠮᠢᠰ᠂ ᠵᠢᠮᠢᠰᠬᠡᠨ᠎ᠡ ᠢᠢᠨ ᠠᠵᠤ ᠠᠬᠤᠢ᠂ ᠬᠦᠨᠡᠰᠦᠨ ᠦ ᠲᠧᠭᠨᠣᠯᠤᠭᠢ ᠢᠢᠨ ᠴᠢᠭᠯᠡᠯ ᠢᠶᠡᠷ ᠬᠠᠮᠲᠤᠷᠠᠨ ᠠᠵᠢᠯᠯᠠᠨ᠎ᠠ᠃

• ᠲᠡᠦᠬᠡ-ᠰᠣᠶᠤᠯ ᠤᠨ ᠥᠪ ᠢ ᠬᠠᠳᠠᠭᠠᠯᠠᠬᠤ᠂ ᠰᠤᠳᠤᠯᠬᠤ᠂ ᠰᠤᠷᠲᠠᠯᠴᠢᠯᠠᠬᠤ᠂ ᠰᠢᠨᠵᠢᠯᠡᠬᠦ ᠤᠬᠠᠭᠠᠨ᠂ ᠰᠣᠶᠤᠯ ᠤᠨ ᠬᠠᠷᠢᠯᠴᠠᠭ᠎ᠠ ᠢᠢ ᠭᠦᠨᠵᠡᠭᠡᠢᠢᠷᠡᠭᠦᠯᠬᠦ᠂ ᠪᠡᠬᠢᠵᠢᠭᠦᠯᠬᠦ ᠵᠡᠷᠭᠡ ᠪᠡᠷ ᠬᠠᠮᠲᠤᠷᠠᠨ᠎ᠠ᠃

• ᠠᠭᠤᠯᠵᠠᠯᠲᠠ ᠢᠢᠨ ᠦᠶ᠎ᠡ ᠪᠡᠷ ᠮᠣᠩ᠋ᠭᠤᠯ᠂ ᠬᠢᠲᠠᠳ᠂ ᠣᠷᠤᠰ ᠤᠨ «ᠡᠳ᠋ ᠦᠨ ᠵᠠᠰᠠᠭ ᠤᠨ ᠻᠣᠷᠢᠳᠣᠷ ᠪᠠᠢᠢᠭᠤᠯᠬᠤ ᠬᠥᠲᠦᠯᠪᠦᠷᠢ» ᠊ᠢᠢ ᠳᠠᠬᠢᠨ ᠲᠠᠪᠤᠨ ᠵᠢᠯ ᠢᠶᠡᠷ ᠪᠤᠶᠤ ᠒᠐᠓᠑ ᠣᠨ ᠬᠦᠷᠲᠡᠯ᠎ᠡ ᠰᠤᠩ᠋ᠭᠠᠵᠤ᠂ ᠮᠥᠨ ᠣᠷᠤᠰ ᠤᠨ ᠬᠣᠯᠪᠤᠭᠠᠨ ᠤ ᠤᠯᠤᠰ ᠠᠴᠠ ᠮᠣᠩ᠋ᠭᠤᠯ ᠤᠯᠤᠰ ᠤᠨ ᠭᠠᠵᠠᠷ ᠨᠤᠲᠤᠭ ᠢᠶᠠᠷ ᠳᠠᠮᠵᠢᠭᠤᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠪᠠᠢᠢᠭᠠᠯᠢ ᠢᠢᠨ ᠬᠡᠢ ᠨᠡᠢᠢᠯᠡᠭᠦᠯᠬᠦ ᠬᠣᠭᠤᠯᠠᠢ ᠪᠠᠷᠢᠬᠤ ᠲᠥᠰᠦᠯ ᠢ ᠬᠡᠷᠡᠭᠵᠢᠭᠦᠯᠬᠦ ᠪᠡᠷ ᠡᠴᠦᠰᠯᠡᠨ ᠲᠣᠬᠢᠷᠠᠯᠴᠠᠪᠠ᠃

• ᠶᠡᠷᠦᠩᠬᠡᠢᠢᠯᠡᠭᠴᠢ ᠮᠣᠩ᠋ᠭᠤᠯ ᠤᠨ ᠲᠠᠯ᠎ᠠ ᠭᠤᠷᠪᠠᠨ ᠤᠯᠤᠰ ᠤᠨ ᠬᠠᠮᠲᠤ ᠢᠢᠨ ᠠᠵᠢᠯᠯᠠᠭᠠᠨ ᠳᠤ ᠣᠨᠴᠤᠭᠤᠢ ᠠᠴᠢ ᠬᠣᠯᠪᠤᠭᠳᠠᠯ ᠥᠭᠳᠡᠭ ᠪᠥᠭᠡᠳ «ᠡᠳ᠋ ᠦᠨ ᠵᠠᠰᠠᠭ ᠤᠨ ᠻᠣᠷᠢᠳᠣᠷ ᠪᠠᠢᠢᠭᠤᠯᠬᠤ ᠬᠥᠲᠦᠯᠪᠦᠷᠢ» ᠊ᠳᠥ ᠲᠤᠰᠬᠠᠭᠳᠠᠭᠰᠠᠨ ᠲᠥᠰᠦᠯ᠂ ᠬᠥᠲᠦᠯᠪᠦᠷᠢ ᠨᠤᠭᠦᠳ ᠢ ᠬᠠᠮᠲᠤᠷᠠᠨ ᠬᠡᠷᠡᠭᠵᠢᠭᠦᠯᠬᠦ᠂ ᠢᠷᠭᠡᠳ ᠲᠥ ᠦᠷ᠎ᠡ ᠰᠢᠮ᠎ᠡ ᠢᠢ ᠨᠢ ᠬᠦᠷᠲᠡᠭᠡᠬᠦ᠂ ᠪᠦᠰᠡ ᠨᠤᠲᠤᠭ ᠤᠨ ᠬᠥᠭ᠍ᠵᠢᠯ᠂ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ᠂ ᠳᠡᠳ᠋ ᠪᠦᠲᠦᠴᠡ ᠢᠢᠨ ᠪᠦᠲᠦᠭᠡᠨ ᠪᠠᠢᠢᠭᠤᠯᠤᠯᠲᠠ ᠳᠤ ᠵᠣᠬᠢᠬᠤ ᠬᠤᠪᠢ ᠨᠡᠮᠡᠷᠢ ᠪᠡᠨ ᠣᠷᠤᠭᠤᠯᠬᠤ ᠢᠢᠨ ᠲᠥᠯᠦᠭᠡ ᠪᠠᠢᠢᠭ᠎ᠠ ᠪᠠᠨ ᠢᠯᠡᠷᠬᠡᠢᠢᠯᠡᠪᠡ᠃

• ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ᠋ᠫᠢᠩ ᠲᠡᠮᠦᠷ ᠵᠠᠮ ᠤᠨ ᠲᠥᠪ ᠻᠣᠷᠢᠳᠣᠷ ᠤᠨ ᠰᠢᠨᠡᠴᠢᠯᠡᠯ᠂ ᠭᠤᠷᠪᠠᠨ ᠲᠠᠯ᠎ᠠ ᠢᠢᠨ ᠬᠤᠳᠠᠯᠳᠤᠭ᠎ᠠ᠂ ᠪᠠᠢᠢᠭᠠᠯᠢ ᠣᠷᠴᠢᠨ ᠬᠠᠮᠠᠭᠠᠯᠠᠯ᠂ ᠭᠠᠢᠢᠯᠢ᠂ ᠬᠦᠮᠦᠨᠯᠢᠭ ᠦᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠳᠡᠪᠬᠢᠵᠢᠵᠦ ᠪᠠᠢᠢᠭ᠎ᠠ ᠢᠢ ᠲᠡᠮᠳᠡᠭᠯᠡᠯ᠎ᠡ᠃

• ᠴᠢᠨᠠᠭᠰᠢᠳᠠ ᠤᠯᠤᠰ ᠲᠥᠷᠦ ᠢᠢᠨ ᠬᠠᠷᠢᠯᠴᠠᠨ ᠢᠲᠡᠭᠡᠯᠴᠡᠯ ᠢ ᠪᠡᠬᠢᠵᠢᠭᠦᠯᠵᠦ᠂ ᠳᠡᠳ᠋ ᠪᠦᠲᠦᠴᠡ ᠢᠢᠨ ᠪᠦᠲᠦᠭᠡᠨ ᠪᠠᠢᠢᠭᠤᠯᠤᠯᠲᠠ ᠢᠢ ᠳᠡᠮᠵᠢᠵᠦ᠂ ᠣᠳᠤ ᠢᠢᠨ ᠬᠠᠮᠲᠤ ᠢᠢᠨ ᠠᠵᠢᠯᠯᠠᠭ᠎ᠠ ᠢᠢ ᠤᠯᠠᠮ ᠠᠬᠢᠭᠤᠯᠬᠤ ᠢᠢ ᠰᠠᠨᠠᠯ ᠪᠣᠯᠭᠠᠪᠠ᠃ ᠬᠢᠲᠠᠳ ᠤᠯᠤᠰ «ᠢᠨ᠋᠊᠊ᠨᠣᠸᠠᠼ ᠤᠨ ᠲᠥᠪ» ᠪᠠᠢᠢᠭᠤᠯᠬᠤ ᠪᠠᠷ ᠲᠥᠯᠦᠪᠯᠡᠵᠦ ᠪᠤᠢ ᠪᠠᠨ ᠲᠠᠨᠢᠯᠴᠠᠭᠤᠯᠵᠤ᠂ ᠮᠣᠩ᠋ᠭᠤᠯ ᠪᠣᠯᠤᠨ ᠣᠷᠤᠰ ᠤᠨ ᠲᠠᠯ᠎ᠠ ᠨᠤᠭᠤᠳ ᠢᠳᠡᠪᠬᠢᠲᠡᠢ ᠣᠷᠤᠯᠴᠠᠬᠤ ᠢᠢ ᠬᠦᠰᠡᠪᠡ᠃

• ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊᠂ ᠸᠯᠠ᠊᠂ ᠫᠦᠲ᠋ᠢᠨ ᠭᠤᠷᠪᠠᠨ ᠤᠯᠤᠰ ᠤᠨ ᠢᠨ᠋ᠲ᠋ᠧᠭᠷᠠᠼ ᠢ ᠨᠡᠮᠡᠭᠳᠡᠭᠦᠯᠵᠦ᠂ ᠭᠤᠷᠪᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠧᠸᠷᠠᠽᠢ ᠢᠢᠨ ᠡᠳ᠋ ᠦᠨ ᠵᠠᠰᠠᠭ ᠤᠨ ᠬᠣᠯᠪᠤᠭ᠎ᠠ᠂ «ᠪᠦᠰᠡ ᠪᠠ ᠵᠠᠮ»᠂ «ᠲᠠᠯ᠎ᠠ ᠢᠢᠨ ᠵᠠᠮ» ᠊ᠢ ᠤᠶᠠᠯᠳᠤᠭᠤᠯᠬᠤ ᠬᠦᠷᠢᠶᠡᠨ ᠳᠥ ᠲᠡᠭᠡᠭᠡᠪᠦᠷᠢ᠂ ᠯᠣᠭᠢᠰᠲ᠋ᠢᠭ᠂ ᠭᠠᠢᠢᠯᠢ᠂ ᠬᠤᠳᠠᠯᠳᠤᠭ᠎ᠠ ᠢᠢ ᠨᠡᠮᠡᠭᠳᠡᠭᠦᠯᠬᠦ᠂ ᠬᠦᠨᠳᠦ ᠰᠤᠷᠲᠠᠯ ᠢ ᠠᠷᠢᠯᠭᠠᠬᠤ ᠢᠢ ᠰᠠᠨᠠᠯ ᠪᠣᠯᠭᠠᠯ᠎ᠠ᠃

• ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠒᠐᠒᠕ ᠣᠨ ᠤ ᠐᠙ ᠊ᠳ᠋ᠦᠭᠡᠷ ᠰᠠᠷ᠎ᠠ ᠢᠢᠨ ᠐᠒ ᠤ ᠡᠳᠦᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠾᠥᠪᠧᠶ ᠮᠤᠵᠢ ᠢᠢᠨ ᠵᠠᠨ᠋ᠪᠧᠶ ᠬᠣᠰᠢᠭᠤᠨ ᠤ ᠵᠠᠩᠴᠢᠬᠦ᠋ᠦ ᠢᠢᠨ ᠳᠠᠪᠠᠭᠠᠨ ᠳᠤ ᠪᠠᠢᠢᠷᠢᠯᠠᠳᠠᠭ ᠮᠣᠩ᠋ᠭᠤᠯ-ᠵᠥᠪᠯᠡᠯᠲᠦ ᠢᠢᠨ ᠳᠠᠢᠢᠴᠢᠳ ᠲᠤ ᠵᠣᠷᠢᠭᠤᠯᠤᠭᠰᠠᠨ ᠳᠤᠷᠠᠰᠬᠠᠯ ᠤᠨ ᠴᠣᠭᠴᠠᠯᠠᠪᠤᠷᠢ ᠳᠤ ᠵᠣᠴᠢᠯᠠᠵᠤ᠂ ᠠᠮᠢ ᠦᠷᠡᠭᠳᠡᠭᠰᠡᠨ ᠳᠠᠢᠢᠴᠢᠳ ᠤᠨ ᠳᠤᠷᠠᠰᠬᠠᠯ ᠤᠨ ᠬᠥᠰᠢᠶᠡᠨ ᠳᠥ ᠬᠦᠨᠳᠦᠳᠬᠡᠯ ᠦᠵᠡᠭᠦᠯᠵᠦ᠂ ᠴᠡᠴᠡᠭ ᠡᠷᠭᠦᠯ᠎ᠡ᠃

• ᠡᠨᠡ ᠠᠢᠢᠯᠴᠢᠯᠠᠯ ᠬᠣᠶᠠᠷ ᠤᠯᠤᠰ ᠤᠨ ᠬᠠᠷᠢᠯᠴᠠᠭᠠᠨ ᠳᠤ ᠰᠢᠨ᠎ᠡ ᠬᠠᠭᠤᠳᠠᠰᠤ ᠨᠡᠭᠡᠭᠡᠵᠦ᠂ ᠬᠠᠮᠲᠤ ᠢᠢᠨ ᠠᠵᠢᠯᠯᠠᠭ᠎ᠠ ᠢᠢ «ᠢᠵᠢ ᠪᠦᠷᠢᠨ ᠲᠦᠩᠰᠢᠯᠡᠯ» ᠳ᠋ᠥ ᠬᠦᠷᠭᠡᠬᠦ ᠲᠣᠬᠢᠷᠠᠯᠴᠠᠭ᠎ᠠ ᠢᠢ ᠪᠠᠲᠤᠯᠠᠭᠠᠵᠢᠭᠤᠯᠤᠯ᠎ᠠ᠃

• ᠶᠡᠷᠦᠩᠬᠡᠢᠢᠯᠡᠭᠴᠢ ᠤ᠂ ᠬᠦᠷᠡᠯᠰᠦ᠋ᠬᠡ᠂ ᠠᠮᠪᠠᠨ ᠵᠠᠬᠢᠷᠤᠭᠴᠢ ᠰᠠᠮᠠᠨ᠋ᠲ᠋ᠠ ᠮᠣᠰᠲ᠋ᠢᠨ ᠨᠠᠷ ᠠᠯᠪᠠᠨ ᠶᠣᠰᠤᠨ ᠤ ᠠᠭᠤᠯᠵᠠᠯᠲᠠ ᠬᠢᠵᠦ᠂ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠪᠡᠬᠢᠵᠢᠭᠦᠯᠬᠦ᠂ ᠠᠷᠠᠳ ᠢᠷᠭᠡᠳ ᠦᠨ ᠬᠠᠷᠢᠯᠴᠠᠨ ᠣᠢᠢᠯᠠᠭᠠᠯᠴᠠᠯ᠂ ᠨᠥᠬᠦᠷᠯᠡᠯ ᠢ ᠥᠷᠭᠡᠵᠢᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃

• ᠠᠮᠪᠠᠨ ᠵᠠᠬᠢᠷᠤᠭᠴᠢ ᠠᠦ᠋ᠰᠲ᠋ᠷᠠᠯᠢᠶ᠎ᠠ ᠢᠢᠨ ᠵᠠᠰᠠᠭ ᠤᠨ ᠭᠠᠵᠠᠷ ᠤᠨ ᠰᠠᠩᠬᠦᠵᠢᠯᠲᠡ ᠲᠡᠶ ᠲᠥᠰᠦᠯ᠂ ᠬᠥᠲᠦᠯᠪᠦᠷᠢ᠂ «ᠣᠭ᠍ᠶᠤ ᠲᠣᠯᠤᠭᠠᠢ» ᠲᠥᠰᠦᠯ᠂ «ᠡᠮᠡᠭᠲᠡᠢᠢᠴᠦᠳ ᠦᠨ ᠠᠭᠤᠷ ᠠᠮᠢᠰᠬᠤᠯ ᠤᠨ ᠥᠭᠡᠷᠡᠴᠢᠯᠡᠯᠲᠡ ᠢᠢ ᠳᠠᠪᠠᠨ ᠲᠤᠭᠤᠯᠬᠤ ᠴᠢᠳᠠᠪᠬᠢ ᠢᠢ ᠪᠡᠬᠢᠵᠢᠭᠦᠯᠬᠦ ᠬᠥᠲᠦᠯᠪᠦᠷᠢ» ᠢᠢᠨ ᠬᠡᠷᠡᠭᠵᠢᠯᠲᠡ ᠲᠡᠶ ᠲᠠᠨᠢᠯᠴᠠᠵᠤ᠂ «ᠨᠠᠯᠠᠢᠢᠬᠤ ᠢᠢᠨ ᠫᠣᠯᠢᠲ᠋ᠧᠭᠨᠢᠭ ᠦᠨ ᠻᠣᠯᠯᠧᠵᠢ» ᠳ᠋ᠤ ᠵᠣᠴᠢᠯᠠᠯ᠎ᠠ᠃

• ᠠᠦ᠋ᠰᠲ᠋ᠷᠠᠯᠢᠶ᠎ᠠ ᠢᠢᠨ ᠡᠯᠴᠢᠨ ᠰᠠᠢᠢᠳ ᠤᠨ ᠶᠠᠮᠤᠨ᠂ ᠦᠨᠳᠦᠰᠦᠨ ᠦ ᠨᠣᠮ ᠤᠨ ᠰᠠᠩ᠂ ᠮᠣᠩ᠋ᠭᠤᠯ ᠤᠨ ᠨᠣᠮ ᠤᠨ ᠰᠠᠩ ᠤᠨ ᠬᠣᠯᠪᠤᠭ᠎ᠠ ᠬᠠᠮᠲᠤᠷᠠᠨ ᠒᠑ ᠠᠢᠢᠮᠠᠭ᠂ ᠨᠡᠢᠢᠰᠯᠡᠯ ᠦᠨ ᠶᠢᠰᠦᠨ ᠳᠡᠭᠦᠷᠭᠡ ᠳᠥ ᠬᠡᠷᠡᠭᠵᠢᠭᠦᠯᠦᠭᠰᠡᠨ «ᠬᠢᠯᠢ ᠬᠢᠵᠠᠭᠠᠷ ᠦᠭᠡᠢ ᠨᠣᠮ ᠤᠨ ᠰᠠᠩ» ᠲᠥᠰᠦᠯ ᠦᠨ ᠦᠷ᠎ᠡ ᠳ᠋ᠦᠩ ᠲᠡᠶ ᠲᠠᠨᠢᠯᠴᠠᠵᠤ᠂ ᠦᠨᠳᠦᠰᠦᠨ ᠦ ᠨᠣᠮ ᠤᠨ ᠰᠠᠩ ᠳᠤ ᠠᠦ᠋ᠰᠲ᠋ᠷᠠᠯᠢᠶ᠎ᠠ ᠢᠢᠨ ᠵᠣᠬᠢᠶᠠᠯᠴᠢᠳ ᠤᠨ ᠰᠢᠯᠢᠳᠡᠭ ᠪᠦᠲᠦᠭᠡᠯ ᠦᠨ ᠳᠡᠭᠡᠵᠢ ᠡᠴᠡ ᠔᠐ ᠭᠠᠷᠤᠢ ᠨᠣᠮ ᠬᠠᠨᠳᠢᠪᠯᠠᠯ᠎ᠠ᠃

• ᠠᠮᠪᠠᠨ ᠵᠠᠬᠢᠷᠤᠭᠴᠢ ᠲᠥᠷᠦ ᠢᠢᠨ ᠪᠤᠰᠤ ᠪᠠᠢᠢᠭᠤᠯᠤᠯᠭ᠎ᠠ᠂ ᠢᠷᠭᠡᠨ ᠦ ᠨᠡᠢᠢᠭᠡᠮ᠂ ᠠᠦ᠋ᠰᠲ᠋ᠷᠠᠯᠢᠶ᠎ᠠ ᠢᠢᠨ ᠰᠠᠢᠢᠨ ᠳᠤᠷ᠎ᠠ ᠢᠢᠨ ᠠᠵᠢᠯᠲᠠᠨ ᠨᠤᠭᠤᠳ᠂ ᠡᠮᠡᠭᠲᠡᠢ ᠪᠢᠽᠢᠨᠧᠰ ᠡᠷᠬᠢᠯᠡᠭᠴᠢᠳ ᠪᠣᠯᠤᠨ ᠠᠦ᠋ᠰᠲ᠋ᠷᠠᠯᠢᠶ᠎ᠠ ᠢᠢᠨ ᠲᠡᠳᠬᠦᠯᠭᠡ᠂ ᠪᠠᠲᠤᠯᠠᠨ ᠬᠠᠮᠠᠭᠠᠯᠠᠬᠤ ᠴᠢᠭᠯᠡᠯ ᠢᠶᠡᠷ ᠰᠤᠷᠤᠯᠴᠠᠵᠤ ᠲᠡᠭᠦᠰᠦᠭᠰᠡᠨ ᠢᠷᠭᠡᠳ ᠲᠡᠶ ᠠᠭᠤᠯᠵᠠᠯ᠎ᠠ᠃

• ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠠᠢᠢᠭᠤᠯᠤᠭᠳᠠᠭᠰᠠᠨ ᠤ ᠘᠐ ᠵᠢᠯ ᠦᠨ ᠣᠢ ᠳᠤ ᠵᠣᠷᠢᠭᠤᠯᠤᠭᠰᠠᠨ ᠥᠨᠳᠦᠷ ᠲᠥᠪᠰᠢᠨ ᠦ ᠬᠤᠷᠠᠯᠳᠤᠭᠠᠨ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠢᠢᠨ ᠘᠐ ᠳ᠋ᠤᠭᠠᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠥ ᠣᠷᠤᠯᠴᠠᠵᠤ᠂ ᠣᠯᠠᠨ ᠤᠯᠤᠰ ᠤᠨ ᠬᠠᠷᠢᠯᠴᠠᠭᠠᠨ ᠤ ᠲᠤᠯᠭᠠᠮᠳᠠᠭᠰᠠᠨ ᠠᠰᠠᠭᠤᠳᠠᠯ ᠢᠶᠠᠷ ᠮᠣᠩ᠋ᠭᠤᠯ ᠤᠯᠤᠰ ᠤᠨ ᠪᠠᠢᠢᠷᠢ ᠰᠠᠭᠤᠷᠢ ᠢᠢ ᠢᠯᠡᠷᠬᠡᠢᠢᠯᠡᠯ ᠡ᠃

• ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠱ ᠪᠣᠯᠤᠨ ᠵᠠᠷᠢᠮ ᠤᠯᠤᠰ ᠤᠨ ᠲᠥᠷᠦ ᠢᠢᠨ ᠲᠡᠷᠢᠭᠦᠨ ᠲᠡᠶ ᠠᠭᠤᠯᠵᠠᠯ᠎ᠠ᠃

• ᠬᠣᠶᠠᠷ ᠤᠯᠤᠰ ᠤᠨ «ᠰᠲ᠋ᠷᠠᠲ᠋ᠧᠭᠢ ᠢᠢᠨ ᠲᠦᠩᠰᠢᠯᠡᠯ» ᠤᠨ ᠬᠠᠷᠢᠯᠴᠠᠭ᠎ᠠ ᠢᠢ ᠪᠡᠬᠢᠵᠢᠭᠦᠯᠦᠨ᠂ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠰᠢᠨ᠎ᠡ ᠱᠠᠲᠤᠨ ᠳᠤ ᠭᠠᠷᠭᠠᠬᠤ ᠳᠤ ᠴᠢᠬᠤᠯᠠ ᠲᠦᠯᠬᠢᠴᠡ ᠪᠣᠯᠤᠯ᠎ᠠ᠃

• ᠬᠠᠮᠲᠤ ᠢᠢᠨ ᠠᠵᠢᠯᠯᠠᠭᠠᠨ ᠤ ᠬᠡᠲᠦ ᠢᠢᠨ ᠲᠥᠯᠦᠪ᠂ ᠲᠡᠷᠢᠭᠦᠯᠡᠬᠦ ᠴᠢᠭᠯᠡᠯ ᠦᠳ ᠢᠶᠡᠨ ᠲᠣᠳᠤᠷᠬᠠᠢᠢᠯᠠᠨ ᠭᠠᠵᠠᠷ ᠤᠨ ᠵᠢᠷᠤᠭ ᠢᠶᠠᠨ ᠵᠢᠷᠤᠵᠤ᠂ ᠬᠠᠷᠢᠯᠴᠠᠭᠠᠨ ᠤ ᠲᠡᠦᠬᠡ ᠢᠢᠨ ᠨᠢᠭᠡᠨ ᠰᠢᠨ᠎ᠡ ᠬᠠᠭᠤᠳᠠᠰᠤ ᠢᠢ ᠡᠬᠢᠯᠡᠭᠦᠯᠦᠯ᠎ᠡ᠃

• ᠬᠤᠳᠠᠯᠳᠤᠭ᠎ᠠ᠂ ᠡᠳ᠋ ᠦᠨ ᠵᠠᠰᠠᠭ᠂ ᠬᠥᠷᠦᠩ᠋ᠭᠡ ᠣᠷᠤᠭᠤᠯᠤᠯᠲᠠ᠂ ᠡᠷᠴᠢᠮ ᠬᠦᠴᠦ᠂ ᠠᠭᠤᠯᠠ ᠠᠭᠤᠷᠬᠠᠢ᠂ ᠮᠡᠳᠡᠭᠡᠯᠡᠯ ᠦᠨ ᠲᠧᠭᠨᠣᠯᠤᠭᠢ᠂ ᠰᠣᠶᠤᠯ᠂ ᠬᠦᠮᠦᠨᠯᠢᠭ᠂ ᠵᠠᠯᠠᠭᠤᠴᠤᠳ᠂ ᠰᠫᠣᠷᠲ᠂ ᠰᠣᠶᠤᠯ᠂ ᠤᠷᠠᠯᠢᠭ ᠵᠡᠷᠭᠡ ᠰᠠᠯᠪᠤᠷᠢ ᠳᠤ ᠬᠠᠮᠲᠤᠷᠠᠨ ᠠᠵᠢᠯᠯᠠᠬᠤ ᠑᠐ ᠭᠠᠷᠤᠢ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠯ᠎ᠠ᠃

• ᠬᠠᠮᠲᠤ ᠢᠢᠨ ᠠᠵᠢᠯᠯᠠᠭᠠᠨ ᠤ ᠪᠡᠯᠭᠡ ᠲᠡᠮᠳᠡᠭ ᠪᠣᠯᠤᠭᠰᠠᠨ ᠭᠠᠵᠠᠷ ᠤᠨ ᠲᠣᠰᠤ ᠪᠣᠯᠪᠠᠰᠤᠷᠠᠭᠤᠯᠬᠤ ᠦᠢᠯᠡᠳᠪᠦᠷᠢ ᠢᠢᠨ ᠪᠦᠲᠦᠭᠡᠨ ᠪᠠᠢᠢᠭᠤᠯᠤᠯᠲᠠ ᠢᠢ ᠲᠥᠯᠦᠪᠯᠡᠭᠰᠡᠨ ᠬᠤᠭᠤᠴᠠᠭᠠᠨ ᠳᠤ ᠨᠢ ᠳᠠᠭᠤᠰᠬᠠᠬᠤ ᠪᠠᠨ ᠨᠤᠲᠠᠯᠠᠯ᠎ᠠ᠃

• ᠭᠤᠷᠪᠠᠳᠠᠭᠴᠢ ᠤᠯᠤᠰ ᠤᠨ ᠪᠣᠭᠤᠮᠲᠠ᠂ ᠲᠡᠭᠡᠭᠡᠪᠦᠷᠢ ᠢᠢᠨ ᠻᠣᠷᠢᠳᠣᠷ ᠤᠳ ᠢ ᠬᠠᠮᠲᠤ ᠠᠰᠢᠭᠯᠠᠬᠤ᠂ ᠡᠨᠡ ᠣᠨ ᠤ ᠰᠡᠭᠦᠯ ᠡᠴᠡ ᠤᠯᠠᠭᠠᠨᠪᠠᠭᠠᠲᠤᠷ-ᠳ᠋ᠧᠯᠢ᠂ ᠤᠯᠠᠭᠠᠨᠪᠠᠭᠠᠲᠤᠷ-ᠠᠮᠷᠢᠼᠠᠷ ᠴᠢᠭᠯᠡᠯ ᠳᠥ ᠰᠢᠭᠤᠳ ᠨᠢᠰᠦᠯᠭᠡ ᠦᠢᠯᠡᠳᠬᠦ ᠢᠢᠨ ᠵᠡᠷᠭᠡᠴᠡᠭᠡ ᠲᠷᠠᠨ᠋ᠽᠢᠲ᠋ ᠨᠢᠰᠦᠯᠭᠡ ᠢᠢ ᠨᠡᠮᠡᠭᠳᠡᠭᠦᠯᠬᠦ ᠪᠡᠷ ᠪᠣᠯᠤᠯ᠎ᠠ᠃

• ᠪᠦᠰᠡ ᠨᠤᠲᠤᠭ ᠤᠨ ᠪᠣᠯᠤᠨ ᠣᠯᠠᠨ ᠤᠯᠤᠰ ᠤᠨ ᠲᠠᠪᠴᠠᠩ ᠳᠤ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠢ ᠪᠡᠬᠢᠵᠢᠭᠦᠯᠬᠦ ᠳᠥ ᠬᠠᠮᠲᠤᠷᠠᠨ ᠠᠵᠢᠯᠯᠠᠬᠤ ᠪᠠᠨ ᠨᠤᠲᠠᠯᠠᠯ᠎ᠠ᠃

• ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠰᠠᠨᠠᠭᠠᠴᠢᠯᠠᠨ ᠪᠠᠢᠢᠭᠤᠯᠤᠭᠰᠠᠨ «ᠣᠯᠠᠨ ᠤᠯᠤᠰ ᠤᠨ ᠨᠠᠷᠠᠨ ᠤ ᠡᠷᠴᠢᠮ ᠬᠦᠴᠦᠨ ᠦ ᠬᠣᠯᠪᠤᠭ᠎ᠠ» ᠊ᠳᠤ ᠮᠣᠩ᠋ᠭᠤᠯ ᠤᠯᠤᠰ ᠨᠢᠭᠡᠳᠦᠨ ᠣᠷᠤᠯ᠎ᠠ᠃

• ᠬᠢᠯᠢ ᠬᠠᠮᠠᠭᠠᠯᠠᠬᠤ᠂ ᠵᠡᠪᠰᠡᠭᠲᠦ ᠬᠦᠴᠦᠨ ᠦ ᠴᠢᠳᠠᠪᠬᠢ ᠢᠢ ᠪᠡᠬᠢᠵᠢᠭᠦᠯᠬᠦ ᠲᠥᠰᠦᠯ᠂ ᠬᠥᠲᠦᠯᠪᠦᠷᠢ ᠬᠡᠷᠡᠭᠵᠢᠭᠦᠯᠦᠨ᠎ᠡ᠃

• «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠪᠣᠯᠤᠨ ᠡᠨᠡᠳᠬᠡᠭ᠌ ᠦᠨ «ᠡᠵᠢ ᠢᠢᠨ ᠲᠥᠯᠦᠭᠡ ᠨᠢᠭᠡ ᠮᠣᠳᠤ» ᠬᠥᠳᠡᠯᠭᠡᠭᠡᠨ ᠢ ᠤᠶᠠᠯᠳᠤᠭᠤᠯᠤᠨ ᠠᠭᠤᠷ ᠠᠮᠢᠰᠬᠤᠯ ᠤᠨ ᠥᠭᠡᠷᠡᠴᠢᠯᠡᠯᠲᠡ ᠲᠡᠶ ᠲᠡᠮᠡᠴᠡᠬᠦ ᠳᠥ ᠬᠦᠴᠦᠨ ᠴᠢᠷᠮᠠᠢᠢᠯᠲᠠ ᠪᠠᠨ ᠨᠢᠭᠡᠳᠬᠡᠨ᠎ᠡ᠃

• «ᠴᠠᠭᠠᠨ ᠠᠯᠲᠠ» ᠦᠨᠳᠦᠰᠦᠨ ᠦ ᠬᠥᠲᠦᠯᠪᠦᠷᠢ ᠢᠢᠨ ᠬᠦᠷᠢᠶᠡᠨ ᠳᠥ ᠬᠣᠨᠢᠨ ᠤ ᠨᠣᠣᠰᠤ ᠪᠣᠯᠪᠠᠰᠤᠷᠠᠭᠤᠯᠬᠤ᠂ ᠬᠡᠪᠢᠰ᠂ ᠨᠡᠬᠡᠮᠡᠯ ᠦᠨ ᠦᠢᠯᠡᠳᠪᠦᠷᠢᠯᠡᠯ ᠦᠨ ᠰᠠᠢᠢᠨ ᠲᠤᠷᠰᠢᠯᠭ᠎ᠠ ᠢᠢ ᠨᠡᠪᠲᠡᠷᠡᠭᠦᠯᠦᠨ᠎ᠡ᠃

• ᠲᠡᠭᠦᠬᠡᠢ ᠡᠳ᠋ ᠦᠨ ᠨᠡᠢᠢᠯᠡᠭᠦᠯᠦᠯᠲᠡ᠂ ᠨᠡᠮᠡᠭᠦᠦ ᠥᠷᠲᠡᠭ ᠰᠢᠩ᠋ᠭᠡᠭ᠍ᠰᠡᠨ ᠪᠦᠲᠦᠭᠡᠭ᠍ᠳᠡᠬᠦᠨ ᠢ ᠳᠡᠯᠡᠬᠡᠢ ᠢᠢᠨ ᠵᠠᠬ᠎ᠠ ᠵᠡᠭᠡᠯᠢ ᠳᠥ ᠬᠠᠮᠲᠤᠷᠠᠨ ᠭᠠᠷᠭᠠᠨ᠎ᠠ᠃

• «ᠢᠯᠡᠭᠡᠯᠲᠡ-᠒᠑᠐᠐» ᠬᠥᠲᠦᠯᠪᠦᠷᠢ ᠢᠢᠨ ᠬᠦᠷᠢᠶᠡᠨ ᠳᠥ ᠡᠨᠡᠳᠬᠡᠭ᠌ ᠦᠨ ᠵᠠᠰᠠᠭ ᠤᠨ ᠭᠠᠵᠠᠷ ᠤᠨ ᠲᠡᠳᠬᠦᠯᠭᠡᠲᠦ ᠬᠥᠲᠦᠯᠪᠦᠷᠢ ᠳᠥ ᠬᠠᠮᠤᠷᠤᠭᠳᠠᠬᠤ ᠮᠣᠩ᠋ᠭᠤᠯ ᠣᠶᠤᠲᠠᠨ ᠤ ᠲᠣᠭ᠎ᠠ ᠢᠢ ᠗᠐ ᠪᠠᠷ ᠨᠡᠮᠡᠯ᠎ᠡ᠃

• ᠠᠩ᠋ᠭ᠍ᠯᠢ ᠬᠡᠯᠡᠨ ᠦ ᠑᠂᠐᠐᠐ ᠪᠠᠭᠰᠢ᠂ ᠮᠡᠳᠡᠭᠡᠯᠡᠯ ᠦᠨ ᠲᠧᠭᠨᠣᠯᠤᠭᠢ ᠢᠢᠨ ᠴᠢᠭᠯᠡᠯ ᠢᠶᠡᠷ ᠑᠂᠐᠐᠐ ᠮᠡᠷᠭᠡᠵᠢᠯᠲᠡᠨ ᠰᠤᠷᠭᠠᠵᠤ᠂ «ᠮᠣᠩ᠋ᠭᠤᠯ-ᠡᠨᠡᠳᠬᠡᠭ᠌ ᠦᠨ ᠨᠠᠢᠢᠷᠠᠮᠳᠠᠯ ᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ» ᠪᠠᠢᠢᠭᠤᠯᠤᠨ᠎ᠠ᠃

• ᠡᠨᠡᠳᠬᠡᠭ᠌ ᠦᠨ ᠲᠠᠯ᠎ᠠ ᠮᠣᠩ᠋ᠭᠤᠯ ᠢᠷᠭᠡᠳ ᠲᠥ ᠴᠠᠬᠢᠮ ᠸᠢᠰᠠ ᠪᠡᠨ ᠦᠨ᠎ᠡ ᠲᠥᠯᠦᠪᠦᠷᠢ ᠦᠭᠡᠢ ᠣᠯᠭᠤᠨ᠎ᠠ᠃

• ᠲᠠᠭᠠᠯᠠᠮᠵᠢᠲᠠᠢ ᠴᠠᠭ ᠲᠤ ᠪᠠᠨ ᠮᠣᠩ᠋ᠭᠤᠯ ᠤᠯᠤᠰ ᠲᠤ ᠠᠯᠪᠠᠨ ᠶᠣᠰᠤᠨ ᠤ ᠠᠢᠢᠯᠴᠢᠯᠠᠯ ᠬᠢᠬᠦ ᠤᠷᠢᠯᠭ᠎ᠠ ᠢᠢ ᠶᠡᠷᠦᠩᠬᠡᠢ ᠰᠠᠢᠢᠳ ᠨ᠊᠂ᠮᠣᠳᠢ ᠲᠠᠯᠠᠷᠬᠠᠨ ᠬᠦᠯᠢᠶᠡᠵᠦ ᠠᠪᠤᠯ᠎ᠠ᠃

• ᠢᠲ᠋ᠠᠯᠢ ᠲᠠᠶ ᠬᠠᠷᠢᠯᠴᠠᠭᠠᠨ ᠤ ᠲᠥᠪᠰᠢᠨ ᠢ ᠬᠣᠶᠠᠷ ᠱᠠᠲᠤ ᠠᠯᠭᠠᠰᠠᠨ ᠠᠬᠢᠭᠤᠯᠵᠤ «ᠰᠲ᠋ᠷᠠᠲ᠋ᠧᠭᠢ ᠢᠢᠨ ᠲᠦᠩᠰᠢᠯᠡᠯ» ᠲᠣᠭᠲᠠᠭᠠᠯ᠎ᠠ᠃

• ᠢᠲ᠋ᠠᠯᠢ ᠢᠢᠨ ᠶᠡᠷᠦᠩᠬᠡᠢᠢᠯᠡᠭᠴᠢ ᠰᠧᠷᠵᠢᠣ᠋ ᠮᠠᠲ᠋ᠲ᠋ᠠᠷᠧᠯᠯᠠ ᠒᠐᠒᠖ ᠣᠨ ᠳᠤ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠨ ᠨᠤᠲᠠᠯᠠᠯ᠎ᠠ᠃

• ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ᠂ ᠳᠡᠯᠡᠬᠡᠢ ᠳ᠋ᠠᠬᠢᠨ ᠤ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠢᠢ ᠬᠡᠷᠡᠭᠵᠢᠭᠦᠯᠬᠦ ᠢᠢᠨ ᠲᠥᠯᠦᠭᠡᠬᠢ ᠡᠭᠦᠷᠭᠡ᠂ ᠠᠮᠠᠯᠠᠯᠲᠠ ᠪᠠᠨ ᠨᠤᠲᠠᠯᠠᠯ᠎ᠠ᠃

• ᠳᠡᠭᠡᠳᠦ᠂ ᠥᠨᠳᠦᠷ ᠲᠥᠪᠰᠢᠨ ᠦ ᠬᠠᠷᠢᠯᠴᠠᠨ ᠠᠢᠢᠯᠴᠢᠯᠠᠯ ᠢ ᠲᠣᠭᠲᠠᠮᠠᠯᠵᠢᠭᠤᠯᠵᠤ᠂ ᠫᠠᠷᠯᠠᠮᠧᠨ᠋ᠲ ᠤᠨ ᠪᠦᠯᠦᠭ ᠦᠳ ᠦᠨ ᠬᠠᠷᠢᠯᠴᠠᠭ᠎ᠠ ᠢᠢ ᠳᠡᠮᠵᠢᠨ᠎ᠡ᠃

• ᠮᠣᠩ᠋ᠭᠤᠯ᠂ ᠢᠲ᠋ᠠᠯᠢ ᠪᠣᠯᠤᠨ ᠧᠦ᠋ᠷᠣᠫᠠ ᠢᠢᠨ ᠬᠣᠯᠪᠤᠭ᠎ᠠ ᠬᠣᠭᠤᠷᠤᠨᠳᠤ ᠒᠐᠑᠗ ᠣᠨ ᠳᠤ ᠪᠠᠢᠢᠭᠤᠯᠤᠭᠰᠠᠨ «ᠲᠦᠩᠰᠢᠯᠡᠯ᠂ ᠬᠠᠮᠲᠤ ᠢᠢᠨ ᠠᠵᠢᠯᠯᠠᠭᠠᠨ ᠤ ᠬᠡᠯᠡᠯᠴᠡᠭᠡᠷ» ᠤᠨ ᠬᠦᠷᠢᠶᠡᠨ ᠳᠥ ᠤᠯᠠᠮ ᠢᠳᠡᠪᠬᠢᠲᠡᠢ ᠬᠠᠮᠲᠤᠷᠠᠨ᠎ᠠ᠃

• ᠡᠳ᠋ ᠦᠨ ᠵᠠᠰᠠᠭ᠂ ᠬᠤᠳᠠᠯᠳᠤᠭ᠎ᠠ᠂ ᠬᠥᠷᠦᠩ᠋ᠭᠡ ᠣᠷᠤᠭᠤᠯᠤᠯᠲᠠ ᠢᠢᠨ ᠬᠠᠮᠲᠤ ᠢᠢᠨ ᠠᠵᠢᠯᠯᠠᠭ᠎ᠠ ᠢᠢ ᠲᠡᠯᠡᠨ᠎ᠡ᠃

• ᠡᠻᠰᠫᠣᠷᠲ ᠢ ᠨᠡᠮᠡᠭᠳᠡᠭᠦᠯᠬᠦ ᠰᠢᠨ᠎ᠡ ᠭᠠᠷᠴᠠ ᠨᠡᠭᠡᠭᠡᠬᠦ᠂ ᠬᠥᠷᠦᠩ᠋ᠭᠡ ᠣᠷᠤᠭᠤᠯᠤᠯᠲᠠ᠂ ᠡᠳ᠋ ᠦᠨ ᠵᠠᠰᠠᠭ ᠤᠨ ᠨᠥᠭᠡᠴᠡ᠂ ᠪᠣᠯᠤᠯᠴᠠᠭ᠎ᠠ ᠢᠢ ᠠᠰᠢᠭᠯᠠᠨ᠎ᠠ᠃

• ᠬᠤᠪᠴᠠᠰᠤ ᠵᠠᠭᠪᠤᠷ᠂ ᠨᠣᠯᠤᠤᠷ ᠤᠨ ᠰᠠᠯᠪᠤᠷᠢ ᠳᠤ ᠲᠣᠭᠲᠠᠪᠤᠷᠢᠲᠠᠢ ᠨᠡᠢᠢᠯᠡᠭᠦᠯᠦᠯᠲᠡ ᠢᠢᠨ ᠰᠦᠯᠵᠢᠶ᠎ᠡ ᠪᠤᠢ ᠪᠣᠯᠭᠠᠨ᠎ᠠ᠃

• ᠬᠥᠳᠡᠭᠡ ᠠᠵᠤ ᠠᠬᠤᠢ᠂ ᠰᠡᠷᠭᠦᠭᠡᠭ᠍ᠳᠡᠬᠦ ᠡᠷᠴᠢᠮ ᠬᠦᠴᠦ᠂ ᠡᠷᠴᠢᠮ ᠬᠦᠴᠦᠨ ᠦ ᠰᠢᠯᠵᠢᠯᠲᠡ ᠢᠢ ᠳᠡᠮᠵᠢᠭᠰᠡᠨ ᠲᠧᠭᠨᠣᠯᠤᠭᠢ ᠵᠡᠷᠭᠡ ᠲᠡᠷᠢᠭᠦᠯᠡᠬᠦ ᠰᠠᠯᠪᠤᠷᠢ ᠳᠤ ᠵᠢᠵᠢᠭ᠂ ᠳᠤᠮᠳᠠ ᠦᠢᠯᠡᠳᠪᠦᠷᠢᠯᠡᠯ᠂ ᠠᠵᠤ ᠦᠢᠯᠡᠳᠪᠦᠷᠢ ᠢᠢᠨ ᠬᠠᠮᠲᠤ ᠢᠢᠨ ᠠᠵᠢᠯᠯᠠᠭ᠎ᠠ ᠢᠢ ᠳᠡᠮᠵᠢᠨ᠎ᠡ᠃

• ᠡᠷᠴᠢᠮ ᠬᠦᠴᠦᠨ ᠦ ᠰᠦᠯᠵᠢᠶ᠎ᠡ᠂ ᠲᠡᠭᠡᠭᠡᠪᠦᠷᠢ᠂ ᠯᠣᠭᠢᠰᠲ᠋ᠢᠭ᠂ ᠤᠰᠤ ᠪᠣᠯᠤᠨ ᠬᠣᠭ ᠬᠠᠶᠠᠭᠳᠠᠯ ᠤᠨ ᠮᠧᠨᠧᠵᠮᠧᠨ᠋ᠲ ᠦᠨ ᠲᠣᠭᠲᠠᠯᠴᠠᠭ᠎ᠠ᠂ ᠮᠡᠳᠡᠭᠡᠯᠡᠯ᠂ ᠬᠠᠷᠢᠯᠴᠠᠭ᠎ᠠ ᠬᠣᠯᠪᠤᠭᠠᠨ ᠤ ᠲᠧᠭᠨᠣᠯᠤᠭᠢ᠂ ᠡᠷᠡᠭᠦᠯ ᠮᠡᠨᠳᠦ ᠵᠡᠷᠭᠡ ᠰᠠᠯᠪᠤᠷᠢ ᠢᠢᠨ ᠬᠥᠭ᠍ᠵᠢᠯ ᠢ ᠳᠡᠮᠵᠢᠨ᠎ᠡ᠃

• ᠮᠡᠳᠡᠭᠡᠯᠡᠯ ᠦᠨ ᠲᠧᠭᠨᠣᠯᠤᠭᠢ ᠢᠢᠨ ᠳᠡᠳ᠋ ᠪᠦᠲᠦᠴᠡ᠂ ᠳ᠋ᠢᠵᠢᠲ᠋ᠠᠯ ᠰᠢᠯᠵᠢᠯᠲᠡ᠂ ᠲᠥᠷᠦ ᠢᠢᠨ ᠦᠢᠯᠡᠴᠢᠯᠡᠭᠡ ᠢᠢ ᠳᠡᠮᠵᠢᠬᠦ ᠤᠬᠠᠭᠠᠯᠢᠭ ᠰᠢᠢᠳᠦᠯ ᠪᠣᠯᠤᠨ ᠦᠢᠯᠡᠳᠪᠦᠷᠢᠯᠡᠯ ᠦᠨ ᠥᠷᠢᠰᠦᠯᠳᠦᠬᠦ ᠴᠢᠳᠠᠪᠤᠷᠢ ᠢᠢ ᠬᠥᠭ᠍ᠵᠢᠭᠦᠯᠦᠨ᠎ᠡ᠃

• ᠭᠠᠵᠠᠷ᠂ ᠤᠰᠤ᠂ ᠬᠣᠭ ᠬᠠᠶᠠᠭᠳᠠᠯ ᠤᠨ ᠲᠣᠭᠲᠠᠪᠤᠷᠢᠲᠠᠢ ᠮᠧᠨᠧᠵᠮᠧᠨ᠋ᠲ ᠵᠡᠷᠭᠡ ᠪᠠᠢᠢᠭᠠᠯᠢ ᠣᠷᠴᠢᠨ ᠤ ᠬᠠᠮᠠᠭᠠᠯᠠᠯ ᠤᠨ ᠬᠠᠮᠲᠤ ᠢᠢᠨ ᠠᠵᠢᠯᠯᠠᠭ᠎ᠠ ᠢᠢ ᠳᠡᠮᠵᠢᠨ᠎ᠡ᠃

• ᠠᠰᠢᠭᠲᠤ ᠮᠠᠯᠲᠠᠮᠠᠯ ᠪᠣᠯᠤᠨ ᠲᠡᠭᠦᠬᠡᠢ ᠡᠳ᠋ ᠦᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠦᠨ᠎ᠡ᠃

• ᠣᠯᠠᠨ ᠤᠯᠤᠰ ᠲᠤ ᠠᠦ᠋ᠲ᠋ᠣ᠋ ᠵᠠᠮ ᠢᠶᠠᠷ ᠠᠴᠢᠶ᠎ᠠ ᠲᠡᠭᠡᠭᠡᠪᠦᠷᠢᠯᠡᠬᠦ ᠲᠤᠬᠠᠢ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ ᠢ ᠡᠴᠦᠰᠯᠡᠨ ᠪᠠᠢᠢᠭᠤᠯᠤᠨ᠎ᠠ᠃

• ᠣᠨᠴᠤᠭᠤᠢ ᠪᠠᠢᠢᠳᠠᠯ᠂ ᠢᠷᠭᠡᠨ ᠦ ᠬᠠᠮᠠᠭᠠᠯᠠᠯᠲᠠ ᠪᠣᠯᠤᠨ ᠡᠷᠦᠰᠳᠡᠯ ᠦᠨ ᠮᠧᠨᠧᠵᠮᠧᠨ᠋ᠲ ᠦᠨ ᠬᠠᠮᠲᠤ ᠢᠢᠨ ᠠᠵᠢᠯᠯᠠᠭ᠎ᠠ ᠢᠢ ᠳᠡᠮᠵᠢᠨ᠎ᠡ᠃

• ᠵᠠᠬᠢᠷᠭ᠎ᠠ᠂ ᠰᠢᠭᠦᠬᠦ ᠪᠣᠯᠤᠨ ᠡᠷᠬᠡ ᠵᠦᠢ ᠢᠢᠨ ᠲᠣᠭᠲᠠᠯᠴᠠᠭ᠎ᠠ ᠢᠢ ᠪᠡᠬᠢᠵᠢᠭᠦᠯᠬᠦ ᠳᠥ ᠢᠲ᠋ᠠᠯᠢ ᠤᠯᠤᠰ ᠳᠡᠮᠵᠢᠯᠭᠡ ᠦᠵᠡᠭᠦᠯᠦᠨ᠎ᠡ᠃

• ᠰᠢᠨᠵᠢᠯᠡᠬᠦ ᠤᠬᠠᠭᠠᠨ᠂ ᠪᠣᠯᠪᠠᠰᠤᠷᠠᠯ᠂ ᠰᠣᠶᠤᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠦᠨ᠎ᠡ᠃

• «ᠮᠢᠯᠠᠨ-ᠻᠣᠷᠲ᠋ᠢᠨᠠ ᠒᠐᠒᠖» ᠡᠪᠦᠯ ᠦᠨ ᠣᠯᠢᠮᠫ᠂ ᠫᠠᠷᠠᠯᠢᠮᠫ ᠤᠨ ᠨᠠᠭᠠᠳᠤᠮ ᠳᠤ ᠲᠦᠰᠢᠭᠯᠡᠨ ᠰᠫᠣᠷᠲ᠂ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠳᠡᠮᠵᠢᠨ᠎ᠡ᠃

• ᠡᠨᠡ ᠠᠢᠢᠯᠴᠢᠯᠠᠯ ᠬᠣᠶᠠᠷ ᠤᠯᠤᠰ ᠤᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠲᠦᠯᠬᠢᠴᠡ ᠪᠣᠯᠤᠯ᠎ᠠ᠃

• ᠶᠡᠷᠦᠩᠬᠡᠢᠢᠯᠡᠭᠴᠢ ᠤ᠂ ᠬᠦᠷᠡᠯᠰᠦ᠋ᠬᠡ᠂ ᠭᠡᠭᠡᠨ ᠰᠢᠷᠡᠭᠡᠲᠦ ᠤᠯᠤᠰ ᠤᠨ ᠲᠥᠷᠦ ᠢᠢᠨ ᠲᠡᠷᠢᠭᠦᠨ ᠫᠠᠫ ᠠᠷᠪᠠᠨ ᠳᠥᠷᠪᠡ᠊ᠳ᠋ᠦᠭᠡᠷ ᠯᠧᠣ᠋ ᠨᠠᠷ ᠠᠯᠪᠠᠨ ᠶᠣᠰᠤᠨ ᠤ ᠠᠭᠤᠯᠵᠠᠯᠲᠠ ᠬᠢᠵᠦ᠂ ᠶᠡᠷᠦᠩᠬᠡᠢᠢᠯᠡᠭᠴᠢ ᠳᠥ ᠲᠥᠷᠦ ᠢᠢᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠻᠠᠷᠳᠢᠨᠠ; ᠫᠢᠧᠲ᠋ᠷᠣ᠋ ᠫᠠᠷᠣᠯᠢᠨ ᠪᠠᠷᠠᠭᠠᠯᠬᠠᠯ᠎ᠠ᠃

• ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠲᠡᠦᠬᠡ᠂ ᠰᠣᠶᠤᠯ᠂ ᠬᠦᠮᠦᠨᠯᠢᠭ ᠦᠨ ᠰᠠᠯᠪᠤᠷᠢ ᠳᠤ ᠭᠦᠨᠵᠡᠭᠡᠢᠢᠷᠡᠭᠦᠯᠬᠦ᠂ ᠡᠩᠬᠡ ᠲᠠᠢᠢᠪᠤᠩ᠂ ᠬᠥᠭ᠍ᠵᠢᠯ ᠳᠡᠪᠰᠢᠯ ᠦᠨ ᠲᠥᠯᠦᠭᠡᠬᠢ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠬᠦᠴᠦ ᠴᠢᠷᠮᠠᠢᠢᠯᠲᠠ ᠳᠤ ᠬᠤᠪᠢ ᠨᠡᠮᠡᠷᠢ ᠪᠡᠨ ᠣᠷᠤᠭᠤᠯᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠡᠷᠡᠮᠡᠯᠵᠡᠯ ᠢᠶᠡᠨ ᠨᠤᠲᠠᠯᠠᠯ᠎ᠠ᠃

• ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ «ᠴᠢᠩᠬᠢᠰ ᠬᠠᠭᠠᠨ» ᠦᠨᠳᠦᠰᠦᠨ ᠦ ᠮᠦᠽᠧᠢ ᠪᠣᠯᠤᠨ ᠸᠠᠲ᠋ᠢᠻᠠᠨ ᠤ ᠠᠫᠣᠰᠲ᠋ᠣᠯ ᠤᠨ ᠠᠷᠬᠢᠸ ᠬᠣᠭᠤᠷᠤᠨᠳᠤ ᠬᠠᠮᠲᠤ ᠢᠢᠨ ᠠᠵᠢᠯᠯᠠᠭᠠᠨ ᠤ ᠰᠠᠨᠠᠮᠵᠢ ᠪᠢᠴᠢᠭ᠌ ᠲᠥ ᠭᠠᠷ ᠤᠨ ᠦᠰᠦᠭ ᠵᠢᠷᠤᠯ᠎ᠠ᠃

• ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠂ ᠬᠦᠷᠡᠯᠰᠦ᠋ᠬᠡ ᠫᠠᠫ ᠹᠷᠠᠨ᠋ᠼᠢᠰ ᠤᠨ ᠳᠤᠷᠠᠰᠬᠠᠯ ᠢ ᠬᠦᠨᠳᠦᠳᠬᠡᠨ ᠭᠡᠭᠡᠨ ᠮᠠᠷᠢᠶᠠ ᠢᠢᠨ ᠶᠡᠬᠡ ᠰᠦᠮ᠎ᠡ ᠳᠥ ᠪᠠᠢᠢᠬᠤ ᠪᠤᠩᠬᠤᠨ ᠳᠤ ᠨᠢ ᠴᠡᠴᠡᠭ ᠡᠷᠭᠦᠯ᠎ᠡ᠃

ᠲᠥᠷᠦ ᠢᠢᠨ ᠠᠢᠢᠯᠴᠢᠯᠠᠯ ᠤᠳ ᠤᠨ ᠬᠦᠷᠢᠶᠡᠨ ᠳᠥ ᠠᠵᠤ ᠠᠬᠤᠢ ᠢᠢᠨ ᠨᠢᠭᠡᠴᠡ ᠨᠤᠭᠦᠳ ᠤᠷᠲᠤ ᠬᠤᠭᠤᠴᠠᠭᠠᠨ ᠳᠤ ᠬᠠᠷᠢᠯᠴᠠᠨ ᠠᠰᠢᠭ ᠲᠠᠶ ᠬᠠᠮᠲᠤᠷᠠᠨ ᠠᠵᠢᠯᠯᠠᠬᠤ ᠪᠣᠯᠤᠮᠵᠢ ᠢᠢ ᠡᠷᠢᠯᠬᠢᠯᠡᠵᠦ᠂ ᠭᠡᠷ᠎ᠡ᠂ ᠬᠡᠯᠡᠯᠴᠡᠭᠡ ᠪᠠᠢᠢᠭᠤᠯᠤᠯ᠎ᠠ᠃

• ᠮᠣᠷᠢᠨ ᠬᠤᠭᠤᠷ ᠤᠨ ᠨᠠᠢᠢᠷᠠᠯ ᠪᠣᠯᠤᠨ ᠦᠨᠳᠦᠰᠦᠨ ᠦ ᠤᠷᠠᠯᠢᠭ ᠤᠨ ᠶᠡᠬᠡ ᠲᠢᠶᠠᠲ᠋ᠷ ᠤᠨ ᠤᠷᠠᠨ ᠪᠦᠲᠦᠭᠡᠯᠴᠢᠳ ᠲᠣᠭᠯᠠᠯᠲᠠ ᠪᠠᠨ ᠰᠣᠨᠢᠷᠬᠠᠭᠤᠯᠵᠤ ᠪᠠᠢᠢᠯ᠎ᠠ᠃

• «ᠮᠣᠩ᠋ᠭᠤᠯ ᠤᠨ ᠰᠠᠢᠢᠬᠠᠨ ᠣᠷᠤᠨ» ᠭᠡᠷᠡᠯ ᠵᠢᠷᠤᠭ ᠪᠣᠯᠤᠨ ᠮᠣᠷᠢᠨ ᠬᠤᠭᠤᠷ ᠤᠨ ᠦᠵᠡᠰᠬᠦᠯᠡᠩ ᠭᠠᠷᠭᠠᠵᠤ ᠪᠠᠢᠢᠯ᠎ᠠ᠃