Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠻᠢᠷᠭᠢᠰ ᠤᠯᠤᠰ ᠤᠨ ᠡᠯᠴᠢᠨ ᠰᠠᠢᠢᠳ ᠢ «ᠨᠠᠢᠢᠷᠠᠮᠳᠠᠯ» ᠮᠧᠳᠠᠯᠢ ᠪᠠᠷ ᠱᠠᠩᠨᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠵᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ᠂ ᠲᠡᠷᠡ ᠳᠤᠮᠳᠠ ᠪᠠᠨ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠪᠡᠬᠢᠵᠢᠭᠦᠯᠬᠦ ᠳᠥ ᠣᠷᠤᠭᠤᠯᠤᠭᠰᠠᠨ ᠬᠤᠪᠢ ᠨᠡᠮᠡᠷᠢ ᠢᠢ ᠨᠢ ᠦᠨᠡᠯᠡᠵᠦ ᠪᠦᠭᠦᠳᠡ ᠨᠠᠢᠢᠷᠠᠮᠳᠠᠬᠤ ᠻᠢᠷᠭᠢᠰ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠠᠢᠢᠪᠧᠻ ᠠᠷᠲ᠋ᠢᠻᠪᠠᠶᠧᠸ ᠢ «ᠨᠠᠢᠢᠷᠠᠮᠳᠠᠯ» ᠮᠧᠳᠠᠯᠢ ᠪᠠᠷ ᠱᠠᠩᠨᠠᠯ᠎ᠠ᠃

ᠱᠠᠩᠨᠠᠯ ᠢ ᠶᠡᠷᠦᠩᠬᠡᠢᠢᠯᠡᠭᠴᠢ ᠢᠢᠨ ᠭᠠᠳᠠᠭᠠᠳᠤ ᠪᠣᠳᠤᠯᠭ᠎ᠠ ᠢᠢᠨ ᠵᠥᠪᠯᠡᠬᠦ ᠡ᠊᠂ ᠣᠳᠤᠪᠠᠶᠠᠷ ᠥᠨᠦᠳᠦᠷ ᠭᠠᠷᠳᠠᠭᠤᠯᠤᠯ᠎ᠠ᠃

ᠡᠯᠴᠢᠨ ᠰᠠᠢᠢᠳ ᠠᠢᠢᠪᠧᠻ ᠠᠷᠲ᠋ᠢᠻᠪᠠᠶᠧᠸ ᠠᠵᠢᠯᠯᠠᠬᠤ ᠬᠤᠭᠤᠴᠠᠭᠠᠨ ᠳᠤ ᠨᠢ ᠮᠣᠩ᠋ᠭᠣᠯ ᠤᠨ ᠲᠥᠷᠦ᠂ ᠵᠠᠰᠠᠭ᠂ ᠠᠷᠠᠳ ᠲᠦᠮᠡᠨ ᠪᠦᠬᠦ ᠲᠠᠯ᠎ᠠ ᠪᠠᠷ ᠳᠡᠮᠵᠢᠵᠦ ᠪᠠᠢᠢᠭᠰᠠᠨ ᠳᠤ ᠲᠠᠯᠠᠷᠬᠠᠯ ᠢᠯᠡᠷᠬᠡᠢᠢᠯᠡᠯ᠎ᠡ᠃

ᠴᠢᠨᠠᠭᠰᠢᠳᠠ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠥᠪᠡᠷ ᠡᠴᠡ ᠰᠢᠯᠲᠠᠭᠠᠯᠠᠬᠤ ᠪᠦᠬᠦᠨ ᠢᠶᠡᠨ ᠬᠢᠬᠦ ᠪᠡᠨ ᠢᠯᠡᠷᠬᠡᠢᠢᠯᠡᠯ᠎ᠡ᠃