Та "Internet explorer"-ийн сүүлийн хувилбар болох "Microsoft edge"-г ашиглана уу

Хэрэв "Microsoft edge"-г татах бол энд дарж татаж авна уу

ᠻᠦᠪᠠ ᠤᠯᠤᠰ ᠤᠨ ᠡᠯᠴᠢᠨ ᠰᠠᠢᠢᠳ ᠢᠲᠡᠬᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠯ᠎ᠠ

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠻᠦᠪᠠ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠧᠮᠢᠯᠢᠣ᠋ ᠫᠧᠸᠢᠳᠠ ᠫᠦᠫᠣ ᠢᠲᠡᠬᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ᠎ᠠ᠃

ᠬᠣᠶᠠᠷ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠖᠖ ᠵᠢᠯ ᠪᠣᠯᠵᠤ ᠪᠠᠢᠢᠨ᠎ᠠ᠃ ᠡᠨᠡ ᠬᠤᠭᠤᠴᠠᠭᠠᠨ ᠳᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠬᠥᠭ᠍ᠵᠢᠵᠦ ᠢᠷᠡᠭᠰᠡᠨ ᠢ ᠶᠡᠷᠦᠩᠬᠡᠢᠢᠯᠡᠭᠴᠢ ᠲᠡᠮᠳᠡᠭᠯᠡᠵᠦ᠂ ᠡᠯᠴᠢᠨ ᠰᠠᠢᠢᠳ ᠧ᠊᠂ ᠫᠦᠫᠣ ᠬᠠᠷᠢᠯᠴᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠴᠢᠷᠮᠠᠢᠢᠨ ᠠᠵᠢᠯᠯᠠᠨ᠎ᠠ ᠭᠡᠳᠡᠭ ᠲᠥ ᠢᠲᠡᠭᠡᠯ ᠲᠡᠶ ᠪᠠᠢᠢᠭ᠎ᠠ ᠪᠠᠨ ᠬᠡᠯᠡᠯ᠎ᠡ᠃

ᠮᠥᠨ ᠶᠡᠷᠦᠩᠬᠡᠢᠢᠯᠡᠭᠴᠢ ᠢᠢᠨ ᠒᠐᠒᠓ ᠣᠨ ᠳᠤ ᠪᠦᠭᠦᠳᠡ ᠨᠠᠢᠢᠷᠠᠮᠳᠠᠬᠤ ᠻᠦᠪᠠ ᠤᠯᠤᠰ ᠲᠤ ᠬᠢᠭ᠍ᠰᠡᠨ ᠠᠢᠢᠯᠴᠢᠯᠠᠯ ᠴᠢᠬᠤᠯᠠ ᠠᠴᠢ ᠬᠣᠯᠪᠤᠭᠳᠠᠯ ᠲᠠᠶ ᠪᠠᠢᠢᠭᠰᠠᠨ ᠢ ᠣᠨᠴᠠᠯᠠᠵᠤ᠂ ᠻᠦᠪᠠ ᠨᠢ ᠮᠠᠨ ᠤ ᠪᠣᠯᠪᠠᠰᠤᠨ ᠬᠦᠴᠦᠨ ᠢ ᠪᠡᠯᠡᠳᠬᠡᠬᠦ᠂ ᠢᠯᠠᠩ᠋ᠭᠤᠶ᠎ᠠ ᠠᠨᠠᠭᠠᠬᠤ ᠤᠬᠠᠭᠠᠨ ᠤ ᠴᠢᠭᠯᠡᠯ ᠢᠶᠡᠷ ᠮᠡᠷᠭᠡᠵᠢᠯᠲᠡᠨ ᠪᠡᠯᠡᠳᠬᠡᠬᠦ ᠳᠥ ᠳᠡᠮᠵᠢᠯᠭᠡ ᠦᠵᠡᠭᠦᠯᠦᠭᠰᠡᠭᠡᠷ ᠢᠷᠡᠭᠰᠡᠨ ᠢ ᠲᠡᠮᠳᠡᠭᠯᠡᠪᠡ᠃

ᠡᠯᠴᠢᠨ ᠰᠠᠢᠢᠳ ᠧ᠊᠂ ᠫᠦᠫᠣ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠪᠡᠬᠢᠵᠢᠭᠦᠯᠬᠦ᠂ ᠲᠡᠭᠦᠨ ᠦ ᠳᠣᠲᠤᠷ᠎ᠠ ᠡᠷᠡᠭᠦᠯ ᠮᠡᠨᠳᠦ᠂ ᠪᠢᠣᠲ᠋ᠧᠭᠨᠣᠯᠣᠭᠢ᠂ ᠪᠣᠯᠪᠠᠰᠤᠷᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠢᠢᠨ ᠲᠥᠯᠦᠭᠡ ᠢᠳᠡᠪᠬᠢᠲᠡᠢ ᠠᠵᠢᠯᠯᠠᠬᠤ ᠪᠠᠨ ᠢᠯᠡᠷᠬᠡᠢᠢᠯᠡᠯ᠎ᠡ᠃