ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠪᠧᠯᠠᠷᠦ᠋ᠰ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠳ᠋᠂ ᠨ᠂ ᠭᠣᠷᠧᠯᠢᠻ ᠢ ᠡᠬᠡ ᠣᠷᠤᠨ ᠳᠤ ᠪᠠᠨ ᠪᠦᠷᠢᠮᠥᠰᠦᠨ ᠪᠤᠴᠠᠵᠤ ᠪᠠᠢᠢᠭ᠎ᠠ ᠲᠠᠢ ᠨᠢ ᠬᠣᠯᠪᠤᠭᠳᠠᠭᠤᠯᠤᠨ ᠬᠦᠯᠢᠶᠡᠨ ᠠᠪᠴᠤ ᠠᠭᠤᠯᠵᠠᠯ᠎ᠠ᠃
ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠪᠧᠯᠠᠷᠦ᠋ᠰ ᠤᠯᠤᠰ ᠤᠨ ᠶᠡᠷᠦᠩᠬᠡᠢᠢᠯᠡᠭᠴᠢ ᠠ᠊᠂ ᠭ᠂ ᠯᠦᠻᠠᠱᠧᠨ᠋ᠻᠣ ᠒᠐᠒᠔ ᠣᠨ ᠳᠤ ᠲᠥᠷᠦ ᠢᠢᠨ ᠲᠡᠷᠢᠭᠦᠨ ᠦ ᠲᠥᠪᠰᠢᠨ ᠳᠥ ᠮᠣᠩ᠋ᠭᠣᠯ ᠤᠯᠤᠰ ᠲᠤ ᠠᠩᠬ᠎ᠠ ᠤᠳᠠᠭ᠎ᠠ ᠲᠥᠷᠦ ᠢᠢᠨ ᠠᠢᠢᠯᠴᠢᠯᠠᠯ ᠬᠢᠭ᠍ᠰᠡᠨ ᠨᠢ ᠣᠨᠴᠤᠭᠤᠢ ᠦᠷ᠎ᠡ ᠳ᠋ᠦᠩ ᠲᠡᠶ ᠪᠣᠯᠤᠭᠰᠠᠨ ᠢ ᠶᠡᠷᠦᠩᠬᠡᠢᠢᠯᠡᠭᠴᠢ ᠣᠨᠴᠠᠯᠠᠯ᠎ᠠ᠃
ᠳ᠋᠂ ᠨ᠂ ᠭᠣᠷᠧᠯᠢᠻ ᠡᠯᠴᠢᠨ ᠰᠠᠢᠢᠳ ᠢᠶᠠᠷ ᠠᠵᠢᠯᠯᠠᠬᠤ ᠬᠤᠭᠤᠴᠠᠭᠠᠨ ᠳᠤ ᠨᠢ ᠪᠦᠬᠦ ᠲᠠᠯ᠎ᠠ ᠪᠠᠷ ᠳᠡᠮᠵᠢᠵᠦ᠂ ᠬᠠᠮᠲᠤᠷᠠᠨ ᠠᠵᠢᠯᠯᠠᠵᠤ ᠪᠠᠢᠢᠭᠰᠠᠨ ᠮᠣᠩ᠋ᠭᠣᠯ ᠤᠨ ᠲᠥᠷᠦ᠂ ᠵᠠᠰᠠᠭ᠂ ᠠᠷᠠᠳ ᠲᠦᠮᠡᠨ ᠳᠥ ᠲᠠᠯᠠᠷᠬᠠᠯ ᠢᠯᠡᠷᠬᠡᠢᠢᠯᠡᠯ᠎ᠡ᠃ ᠴᠢᠨᠠᠭᠰᠢᠳᠠ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠥᠪᠡᠷ ᠡᠴᠡ ᠰᠢᠯᠲᠠᠭᠠᠯᠠᠬᠤ ᠪᠦᠬᠦᠨ ᠢᠶᠡᠨ ᠬᠢᠨ᠎ᠡ ᠭᠡᠯᠡ᠃
ᠶᠡᠷᠦᠩᠬᠡᠢᠢᠯᠡᠭᠴᠢ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠪᠡᠬᠢᠵᠢᠭᠦᠯᠬᠦ ᠳᠥ ᠣᠷᠤᠭᠤᠯᠤᠭᠰᠠᠨ ᠬᠤᠪᠢ ᠨᠡᠮᠡᠷᠢ ᠢᠢ ᠨᠢ ᠦᠨᠡᠯᠡᠵᠦ᠂ ᠡᠯᠴᠢᠨ ᠰᠠᠢᠢᠳ ᠳ᠋᠂ ᠨ᠂ ᠭᠣᠷᠧᠯᠢᠻ ᠢ «ᠨᠠᠢᠢᠷᠠᠮᠳᠠᠯ» ᠮᠧᠳᠠᠯᠢ ᠪᠠᠷ ᠱᠠᠩᠨᠠᠯ᠎ᠠ᠃
ᠳ᠋᠂ ᠨ᠂ ᠭᠣᠷᠧᠯᠢᠻ ᠒᠐᠒᠑ ᠣᠨ ᠤ ᠑᠑ ᠊ᠳ᠋ᠦᠭᠡᠷ ᠰᠠᠷ᠎ᠠ ᠢᠢᠨ ᠐᠘ ᠤ ᠡᠳᠦᠷ ᠶᠡᠷᠦᠩᠬᠡᠢᠢᠯᠡᠭᠴᠢ ᠳᠥ ᠢᠲᠡᠬᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠵᠤ ᠪᠠᠢᠢᠭᠰᠠᠨ᠃
ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠪᠧᠯᠠᠷᠦ᠋ᠰ ᠤᠯᠤᠰ ᠑᠙᠙᠒ ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠶᠤᠮ᠃





