Та "Internet explorer"-ийн сүүлийн хувилбар болох "Microsoft edge"-г ашиглана уу

Хэрэв "Microsoft edge"-г татах бол энд дарж татаж авна уу

ᠤ᠂ ᠬᠦᠷᠡᠯᠰᠦ᠋ᠬᠡ: ᠲᠥᠷᠦ ᠢᠢᠨ ᠴᠡᠷᠢᠭ ᠦᠨ ᠪᠠᠢᠢᠭᠤᠯᠤᠯᠭ᠎ᠠ ᠢᠢᠨ ᠬᠥᠭ᠍ᠵᠢᠯ ᠦᠨ ᠰᠲ᠋ᠷᠠᠲ᠋ᠧᠭᠢ ᠢᠢ ᠰᠢᠨᠡᠴᠢᠯᠠᠨ ᠪᠣᠯᠪᠠᠰᠤᠷᠠᠭᠤᠯᠵᠤ᠂ ᠪᠠᠲᠤᠯᠠᠭᠤᠯᠬᠤ ᠱᠠᠭᠠᠷᠳᠠᠯᠭ᠎ᠠ ᠲᠠᠶ

ᠵᠡᠪᠰᠡᠭᠲᠦ ᠬᠦᠴᠦᠨ ᠦ ᠤᠳᠤᠷᠢᠳᠬᠤ ᠪᠦᠷᠢᠯᠳᠦᠬᠦᠨ ᠦ ᠰᠲ᠋ᠷᠠᠲ᠋ᠧᠭᠢ ᠢᠢᠨ ᠴᠤᠭᠯᠠᠷᠠᠯᠲᠠ «ᠵᠡᠪᠰᠡᠭᠲᠦ ᠬᠦᠴᠦᠨ ᠦ ᠪᠡᠯᠡᠨ ᠪᠠᠢᠢᠳᠠᠯ» ᠰᠡᠳᠦᠪ ᠦᠨ ᠳᠣᠣᠷ᠎ᠠ ᠪᠣᠯᠵᠤ ᠪᠠᠢᠢᠨ᠎ᠠ᠃

ᠡᠨᠡ ᠤᠳᠠᠭ᠎ᠠ ᠢᠢᠨ ᠴᠤᠭᠯᠠᠷᠠᠯᠲᠠ ᠪᠠᠷ ᠵᠡᠪᠰᠡᠭᠲᠦ ᠬᠦᠴᠦᠨ ᠦ ᠨᠢᠭᠡᠳᠬᠡᠯ᠂ ᠠᠩ᠋ᠭᠢ᠂ ᠰᠠᠯᠪᠤᠷᠢ ᠢᠢᠨ ᠪᠡᠯᠡᠨ ᠪᠠᠢᠢᠳᠠᠯ᠂ ᠲᠤᠯᠭᠠᠮᠳᠠᠵᠤ ᠪᠤᠢ ᠠᠰᠠᠭᠤᠳᠠᠯ ᠤᠳ ᠢ ᠰᠢᠢᠳᠪᠦᠷᠢᠯᠡᠬᠦ ᠭᠠᠷᠴᠠ᠂ ᠰᠢᠢᠳᠦᠯ ᠢ ᠡᠷᠢᠯᠬᠢᠯᠡᠵᠦ᠂ ᠴᠢᠨᠠᠭᠰᠢᠳᠠ ᠬᠡᠷᠡᠭᠵᠢᠭᠦᠯᠬᠦ ᠠᠷᠭ᠎ᠠ ᠬᠡᠮᠵᠢᠶ᠎ᠡ ᠪᠡᠨ ᠲᠣᠳᠤᠷᠬᠠᠢᠢᠯᠠᠬᠤ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠤᠬᠤᠨ᠎ᠠ ᠢᠢᠨ ᠬᠦᠷᠡᠯᠰᠦ᠋ᠬᠡ ᠴᠤᠭᠯᠠᠷᠠᠯᠲᠠ ᠳᠤ ᠣᠷᠤᠯᠴᠠᠨ᠂ ᠤᠳᠤᠷᠢᠳᠬᠤ ᠪᠦᠷᠢᠯᠳᠦᠬᠦᠨ ᠳᠥ ᠡᠭᠦᠷᠭᠡ᠂ ᠴᠢᠭᠯᠡᠯ ᠥᠭ᠍ᠭᠦᠯ᠎ᠡ᠃

ᠪᠠᠲᠤᠯᠤᠨ ᠬᠠᠮᠠᠭᠠᠯᠠᠬᠤ ᠠᠵᠤ ᠦᠢᠯᠡᠳᠪᠦᠷᠢ᠂ ᠴᠡᠷᠢᠭ ᠦᠨ ᠰᠢᠨᠵᠢᠯᠡᠬᠦ ᠤᠬᠠᠭᠠᠨ᠂ ᠲᠧᠭᠨᠣᠯᠤᠭᠢ ᠢᠢ ᠬᠥᠭ᠍ᠵᠢᠭᠦᠯᠬᠦ᠂ ᠠᠯᠪᠠ ᠬᠠᠭᠠᠭᠴᠢᠳ ᠤᠨ ᠠᠵᠢᠯᠯᠠᠬᠤ᠂ ᠠᠯᠪᠠ ᠬᠠᠭᠠᠬᠤ ᠣᠷᠴᠢᠨ ᠨᠥᠬᠦᠴᠡᠯ ᠢ ᠰᠠᠢᠢᠵᠢᠷᠠᠭᠤᠯᠬᠤ᠂ ᠡᠭᠦᠷᠭᠡ ᠭᠦᠢᠴᠡᠳᠬᠡᠬᠦ ᠴᠢᠳᠠᠪᠬᠢ ᠢᠢ ᠳᠡᠭᠡᠭ᠍ᠰᠢᠯᠠᠭᠦᠯᠬᠦ ᠴᠢᠭᠯᠡᠯ ᠢᠶᠡᠷ ᠠᠬᠢᠴᠠ᠂ ᠳᠡᠪᠰᠢᠯ ᠭᠠᠷᠴᠤ ᠪᠠᠢᠢᠭ᠎ᠠ ᠢᠢ ᠲᠡᠮᠳᠡᠭᠯᠡᠯ᠎ᠡ᠃

ᠲᠥᠷᠦ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ ᠬᠠᠷᠢᠯᠴᠠᠨ ᠠᠵᠢᠯᠯᠠᠬᠤ ᠴᠢᠳᠠᠪᠬᠢ ᠨᠡᠮᠡᠭᠳᠡᠵᠦ᠂ ᠠᠶᠤᠯ᠂ ᠡᠷᠦᠰᠳᠡᠯ ᠢ ᠨᠢᠭᠡᠳᠦᠮᠡᠯ ᠤᠳᠤᠷᠢᠳᠤᠯᠭ᠎ᠠ᠂ ᠨᠢᠭᠡᠳᠦᠭᠰᠡᠨ ᠲᠥᠯᠥᠪᠯᠡᠯᠲᠡ᠂ ᠬᠠᠮᠲᠤ ᠢᠢᠨ ᠬᠦᠴᠦ ᠪᠡᠷ ᠳᠠᠪᠠᠨ ᠭᠠᠷᠬᠤ᠂ ᠲᠥᠷᠦ᠂ ᠨᠡᠢᠢᠭᠡᠮ᠂ ᠢᠷᠭᠡᠳ ᠦᠨ ᠠᠶᠤᠯ ᠦᠭᠡᠢ ᠪᠠᠢᠢᠳᠠᠯ ᠢ ᠬᠠᠩ᠋ᠭᠠᠬᠤ ᠪᠣᠯᠤᠮᠵᠢ᠂ ᠨᠥᠭᠡᠴᠡ ᠪᠡᠨ ᠦᠶ᠎ᠡ ᠱᠠᠲᠤ ᠲᠠᠶ ᠨᠡᠮᠡᠭᠳᠡᠭᠦᠯᠵᠦ ᠪᠠᠢᠢᠭᠠᠳ ᠲᠠᠯᠠᠷᠬᠠᠯ ᠢᠯᠡᠷᠬᠡᠢᠢᠯᠡᠪᠡ᠃

ᠪᠦᠬᠦ ᠨᠡᠢᠢᠲᠡ ᠢᠢᠨ ᠣᠷᠤᠯᠴᠠᠭ᠎ᠠ ᠲᠠᠢ ᠪᠠᠲᠤᠯᠠᠨ ᠬᠠᠮᠠᠭᠠᠯᠠᠬᠤ ᠲᠣᠭᠲᠠᠯᠴᠠᠭ᠎ᠠ ᠪᠣᠯᠤᠨ ᠠᠯᠢᠪᠠ ᠬᠢᠮᠤᠷᠠᠯ᠂ ᠰᠣᠷᠢᠯᠲᠠ ᠢᠢ ᠰᠥᠷᠦᠨ ᠲᠡᠰᠪᠦᠷᠢᠯᠡᠬᠦ ᠦᠨᠳᠦᠰᠦᠨ ᠦ ᠴᠢᠳᠠᠪᠬᠢ ᠢᠢ ᠪᠡᠬᠢᠵᠢᠭᠦᠯᠦᠨ᠂ ᠦᠨᠳᠦᠰᠦᠨ ᠦ ᠠᠶᠤᠯ ᠦᠭᠡᠢ ᠪᠠᠢᠢᠳᠠᠯ ᠳᠤ ᠰᠥᠷᠭᠦ ᠪᠡᠷ ᠨᠥᠯᠦᠭᠡᠯᠡᠬᠦ ᠡᠷᠦᠰᠳᠡᠯ ᠡᠴᠡ ᠤᠷᠢᠳᠴᠢᠯᠠᠨ ᠰᠡᠷᠭᠡᠢᠢᠯᠡᠬᠦ ᠴᠢᠳᠠᠪᠤᠷᠢ ᠪᠠᠨ ᠤᠯᠠᠮ ᠰᠠᠢᠢᠵᠢᠷᠠᠭᠤᠯᠬᠤ ᠶᠣᠰᠤ ᠲᠠᠶ ᠢᠢ ᠬᠡᠯᠡᠯ᠎ᠡ᠃

ᠦᠨᠳᠦᠰᠦᠨ ᠦ ᠠᠶᠤᠯ ᠦᠭᠡᠢ ᠪᠠᠢᠢᠳᠠᠯ ᠤᠨ ᠦᠵᠡᠯ ᠪᠠᠷᠢᠮᠲᠠᠯᠠᠯ ᠤᠨ ᠰᠢᠨᠡᠴᠢᠯᠠᠭ᠍ᠰᠡᠨ ᠨᠠᠢᠢᠷᠠᠭᠤᠯᠭ᠎ᠠ ᠢᠢ ᠪᠣᠯᠪᠠᠰᠤᠷᠠᠭᠤᠯᠵᠤ ᠤᠯᠤᠰ ᠤᠨ ᠶᠡᠬᠡ ᠬᠤᠷᠠᠯ ᠳ᠋ᠤ ᠡᠷᠭᠦᠨ ᠮᠡᠳᠡᠭᠦᠯᠬᠦ ᠭᠡᠵᠦ ᠪᠠᠢᠢᠭ᠎ᠠ᠃

ᠡᠭᠦᠨ ᠲᠡᠶ ᠤᠶᠠᠯᠳᠤᠭᠤᠯᠤᠨ ᠪᠠᠲᠤᠯᠠᠨ ᠬᠠᠮᠠᠭᠠᠯᠠᠬᠤ ᠪᠣᠳᠤᠯᠭ᠎ᠠ᠂ ᠵᠡᠪᠰᠡᠭᠲᠦ ᠬᠦᠴᠦᠨ ᠢ ᠠᠰᠢᠭᠯᠠᠬᠤ ᠰᠲ᠋ᠷᠠᠲ᠋ᠧᠭᠢ᠂ ᠴᠡᠷᠢᠭ ᠦᠨ ᠨᠣᠮᠯᠠᠯ᠂ ᠲᠥᠷᠦ ᠢᠢᠨ ᠴᠡᠷᠢᠭ ᠦᠨ ᠪᠠᠢᠢᠭᠤᠯᠤᠯᠭ᠎ᠠ ᠢᠢᠨ ᠬᠥᠭ᠍ᠵᠢᠯ ᠦᠨ ᠰᠲ᠋ᠷᠠᠲ᠋ᠧᠭᠢ ᠢᠢ ᠰᠢᠨᠡᠴᠢᠯᠠᠨ ᠪᠣᠯᠪᠠᠰᠤᠷᠠᠭᠤᠯᠵᠤ᠂ ᠪᠠᠲᠤᠯᠠᠭᠤᠯᠬᠤ ᠱᠠᠭᠠᠷᠳᠠᠯᠭ᠎ᠠ ᠲᠠᠶ ᠢᠢ ᠲᠡᠮᠳᠡᠭᠯᠡᠯ᠎ᠡ᠃

ᠵᠡᠪᠰᠡᠭ᠂ ᠲᠧᠭᠨᠢᠭ ᠢ ᠰᠢᠨᠡᠴᠢᠯᠠᠬᠦ᠂ ᠰᠠᠢᠢᠵᠢᠷᠠᠭᠤᠯᠬᠤ᠂ ᠪᠠᠲᠤᠯᠠᠨ ᠬᠠᠮᠠᠭᠠᠯᠠᠬᠤ ᠠᠵᠤ ᠦᠢᠯᠡᠳᠪᠦᠷᠢᠯᠡᠯ᠂ ᠴᠡᠷᠢᠭ ᠦᠨ ᠰᠢᠨᠵᠢᠯᠡᠬᠦ ᠤᠬᠠᠭᠠᠨ᠂ ᠲᠧᠭᠨᠣᠯᠤᠭᠢ ᠢᠢ ᠬᠥᠭ᠍ᠵᠢᠭᠦᠯᠬᠦ ᠳᠥ ᠣᠨᠴᠤᠭᠤᠢ ᠠᠩᠬᠠᠷᠬᠤ ᠢᠢ ᠡᠭᠦᠷᠭᠡ ᠪᠣᠯᠭᠠᠯ᠎ᠠ᠃

ᠲᠥᠷᠦ ᠢᠢᠨ ᠲᠡᠷᠢᠭᠦᠨ «ᠡᠬᠡ ᠣᠷᠤᠨᠴᠢ ᠮᠣᠩ᠋ᠭᠤᠯ»᠂ «ᠢᠳᠡᠷ ᠴᠢᠭᠢᠷᠠᠭ ᠮᠣᠩ᠋ᠭᠤᠯ ᠴᠡᠷᠢᠭ» ᠬᠥᠳᠡᠯᠭᠡᠭᠡᠨ᠂ ᠲᠥᠰᠦᠯ ᠰᠠᠨᠠᠭᠠᠴᠢᠯᠠᠨ ᠬᠡᠷᠡᠭᠵᠢᠭᠦᠯᠵᠦ ᠪᠠᠢᠢᠭ᠎ᠠ᠃

ᠡᠨᠡ ᠬᠦᠷᠢᠶᠡᠨ ᠳᠥ ᠴᠡᠷᠢᠭ ᠦᠨ ᠠᠯᠪᠠ ᠢᠢ ᠲᠡᠭᠦᠯᠳᠡᠷᠵᠢᠭᠦᠯᠬᠦ᠂ ᠬᠡᠦᠬᠡᠳ᠂ ᠵᠠᠯᠠᠭᠤᠴᠤᠳ ᠲᠤ ᠴᠡᠷᠢᠭ᠂ ᠡᠬᠡ ᠣᠷᠤᠨᠴᠢ ᠦᠵᠡᠯ ᠲᠥᠯᠦᠪᠰᠢᠭᠦᠯᠬᠦ᠂ ᠠᠯᠪᠠ ᠬᠠᠭᠠᠭᠴᠢᠳ ᠤᠨ ᠠᠵᠢᠯᠯᠠᠵᠤ᠂ ᠠᠮᠢᠳᠤᠷᠠᠬᠤ ᠡᠷᠡᠭᠦᠯ᠂ ᠠᠶᠤᠯ ᠦᠭᠡᠢ ᠣᠷᠴᠢᠨ᠂ ᠨᠥᠬᠦᠴᠡᠯ ᠪᠦᠷᠢᠳᠦᠭᠦᠯᠬᠦ ᠴᠢᠭᠯᠡᠯ ᠢᠶᠡᠷ ᠰᠠᠨᠠᠭᠠᠴᠢᠯᠠᠭ᠎ᠠ ᠲᠠᠶ ᠠᠵᠢᠯᠯᠠᠬᠤ ᠢᠢ ᠪᠦᠬᠦ ᠱᠠᠲᠤᠨ ᠤ ᠵᠠᠬᠢᠷᠤᠭᠴᠢ᠂ ᠳᠠᠷᠤᠭ᠎ᠠ ᠨᠠᠷ ᠲᠤ ᠳᠠᠭᠠᠭᠠᠯᠭᠠᠯ᠎ᠠ᠃

ᠶᠡᠷᠦᠩᠬᠡᠢᠢᠯᠡᠭᠴᠢ ᠡᠷᠭᠦᠭ᠍ᠰᠡᠨ ᠲᠠᠩ᠋ᠭᠠᠷᠢᠭ᠂ ᠬᠦᠯᠢᠶᠡᠭᠰᠡᠨ ᠡᠭᠦᠷᠭᠡ ᠳᠥ ᠪᠡᠨ ᠦᠨᠡᠨᠴᠢ ᠪᠠᠢᠢᠵᠤ᠂ ᠠᠯᠪᠠ ᠪᠠᠨ ᠨᠡᠷ᠎ᠡ ᠲᠥᠷᠦ ᠲᠡᠶ ᠬᠠᠭᠠᠵᠤ ᠪᠠᠢᠢᠭ᠎ᠠ ᠨᠡᠢᠢᠲᠡ ᠪᠦᠷᠢᠯᠳᠦᠬᠦᠨ ᠳᠥ ᠪᠣᠯᠤᠨ ᠲᠡᠳᠡᠨ ᠦ ᠨᠠᠢᠢᠳᠠᠪᠤᠷᠢ ᠲᠠᠶ ᠠᠷᠤ ᠲᠠᠯ᠎ᠠ ᠪᠣᠯᠤᠭᠰᠠᠨ ᠭᠡᠷ ᠪᠦᠯᠦ ᠳᠥ ᠨᠢ ᠲᠠᠯᠠᠷᠬᠠᠯ ᠢᠯᠡᠷᠬᠡᠢᠢᠯᠡᠵᠦ᠂ ᠠᠮᠵᠢᠯᠲᠠ᠂ ᠡᠷᠡᠭᠦᠯ ᠡᠩᠬᠡ᠂ ᠰᠠᠢᠢᠨ ᠰᠠᠢᠢᠬᠠᠨ ᠢ ᠬᠦᠰᠡᠨ ᠢᠷᠦᠭᠡᠯ᠎ᠡ᠃

ᠮᠥᠨ ᠤᠯᠤᠰ ᠣᠷᠤᠨ᠂ ᠠᠷᠠᠳ ᠲᠦᠮᠡᠨ ᠦ ᠢᠵᠠᠭᠤᠷ ᠡᠷᠬᠡ ᠠᠰᠢᠭ᠂ ᠦᠨᠳᠦᠰᠦᠨ ᠦ ᠠᠶᠤᠯ ᠦᠭᠡᠢ ᠪᠠᠢᠢᠳᠠᠯ᠂ ᠰᠢᠳᠤᠷᠭᠤ ᠶᠣᠰᠤ᠂ ᠬᠠᠤᠯᠢ ᠳᠡᠭᠡᠳᠦᠯᠡᠬᠦ ᠵᠠᠷᠴᠢᠮ ᠢ ᠳᠡᠭᠡᠳᠦᠯᠡᠵᠦ ᠶᠠᠪᠤᠬᠤ ᠢᠢ ᠰᠠᠨᠠᠭᠤᠯᠵᠤ᠂ ᠠᠯᠢᠪᠠ ᠠᠵᠢᠯ ᠬᠡᠷᠡᠭᠴᠢ ᠰᠠᠨᠠᠯ᠂ ᠰᠠᠨᠠᠭᠠᠴᠢᠯᠠᠭ᠎ᠠ ᠢᠢ ᠤᠷᠢᠳᠤ ᠢᠢᠨ ᠠᠳᠠᠯᠢ ᠳᠡᠮᠵᠢᠬᠦ ᠪᠡᠨ ᠢᠯᠡᠷᠬᠡᠢᠢᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠤ᠂ ᠬᠦᠷᠡᠯᠰᠦ᠋ᠬᠡ ᠒᠐᠒᠓ ᠣᠨ ᠢ «ᠵᠠᠯᠠᠭᠤ ᠣᠹᠢᠼᠧᠷ ᠤᠨ ᠵᠢᠯ»᠂ ᠒᠐᠒᠔ ᠣᠨ ᠢ «ᠠᠬᠠᠯᠠᠭᠴᠢ ᠢᠢᠨ ᠵᠢᠯ»᠂ ᠒᠐᠒᠕ ᠣᠨ ᠢ «ᠠᠬᠠᠯᠬᠤ ᠣᠹᠢᠼᠧᠷ ᠤᠳ ᠤᠨ ᠵᠢᠯ» ᠪᠣᠯᠭᠠᠨ ᠵᠠᠷᠯᠠᠵᠤ᠂ ᠠᠯᠪᠠ ᠬᠠᠭᠠᠭᠴᠢᠳ ᠤᠨ ᠠᠵᠢᠯᠯᠠᠵᠤ᠂ ᠠᠮᠢᠳᠤᠷᠠᠬᠤ ᠣᠷᠴᠢᠨ᠂ ᠨᠥᠬᠦᠴᠡᠯ᠂ ᠨᠡᠢᠢᠭᠡᠮ ᠦᠨ ᠬᠠᠮᠠᠭᠠᠯᠠᠯ ᠢ ᠨᠢ ᠰᠠᠢᠢᠵᠢᠷᠠᠭᠤᠯᠬᠤ᠂ ᠮᠡᠳᠡᠯᠭᠡ᠂ ᠴᠢᠳᠠᠪᠤᠷᠢ ᠢᠢ ᠳᠡᠭᠡᠭ᠍ᠰᠢᠯᠠᠭᠦᠯᠬᠦ᠂ ᠠᠯᠪᠠᠨ ᠤ ᠬᠠᠨᠳᠤᠯᠭ᠎ᠠ᠂ ᠢᠲᠡᠭᠡᠯ ᠦᠨᠡᠮᠰᠢᠯ᠂ ᠤᠷᠮ᠎ᠠ ᠵᠣᠷᠢᠭ ᠢ ᠨᠡᠮᠡᠭᠳᠡᠭᠦᠯᠬᠦ ᠵᠡᠷᠭᠡ ᠳᠥ ᠠᠩᠬᠠᠷᠤᠭᠰᠠᠨ᠃

ᠲᠡᠭᠡᠪᠡᠯ ᠒᠐᠒᠖ ᠣᠨ ᠢ «ᠵᠠᠯᠠᠭᠤ ᠣᠹᠢᠼᠧᠷ ᠤᠳ ᠤᠨ ᠬᠥᠭ᠍ᠵᠢᠯ ᠦᠨ ᠵᠢᠯ» ᠪᠣᠯᠭᠠᠨ ᠵᠠᠷᠯᠠᠵᠤ᠂ ᠲᠡᠳᠡᠨ ᠦ ᠮᠡᠷᠭᠡᠵᠢᠯ᠂ ᠪᠣᠯᠪᠠᠰᠤᠷᠠᠯ᠂ ᠭᠠᠳᠠᠭᠠᠳᠤ ᠬᠡᠯᠡᠨ ᠦ ᠮᠡᠳᠡᠯᠭᠡ᠂ ᠬᠠᠷᠢᠯᠴᠠᠭᠠᠨ ᠤ ᠴᠢᠳᠠᠪᠤᠷᠢ ᠢᠢ ᠬᠥᠭ᠍ᠵᠢᠭᠦᠯᠦᠨ᠂ ᠪᠦᠲᠦᠭᠡᠯᠴᠢ ᠰᠡᠳᠬᠢᠯᠭᠡ᠂ ᠡᠶᠡᠷᠭᠦ ᠬᠠᠨᠳᠤᠯᠭ᠎ᠠ᠂ ᠬᠠᠷᠢᠭᠤᠴᠠᠯᠭ᠎ᠠ᠂ ᠦᠨᠡᠲᠦ ᠵᠦᠢᠯ᠂ ᠶᠣᠰᠤ ᠵᠦᠢ ᠪᠡᠷ ᠢᠶᠡᠨ ᠮᠠᠩᠯᠠᠢᠢᠯᠠᠭᠴᠢ᠂ ᠬᠡᠦᠬᠡᠳ᠂ ᠵᠠᠯᠠᠭᠤᠴᠤᠳ ᠤᠨ ᠦᠯᠢᠭᠡᠷ ᠳᠠᠭᠤᠷᠢᠶᠠᠯ ᠪᠣᠯᠭᠠᠨ ᠲᠥᠯᠦᠪᠰᠢᠭᠦᠯᠬᠦ ᠢᠢ ᠵᠣᠷᠢᠵᠤ ᠪᠠᠢᠢᠨ᠎ᠠ᠃