ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2018 ᠣᠨ ᠤ ᠶᠢᠰᠦᠳᠦᠭᠡᠷ ᠰᠠᠷ᠎ᠠ ᠢᠢᠨ 11-13 ᠍ ᠤ ᠡᠳᠦᠷ ᠦᠳ ᠲᠥ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠᠨ᠎ᠠ ᠪᠣᠯᠬᠤ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠥᠨᠥᠳᠥᠷ ᠡᠬᠡ ᠣᠷᠣᠨ ᠠᠴᠠ ᠪᠠᠨ ᠮᠣᠷᠳᠠᠯ᠎ᠠ᠃
ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠳᠠᠭᠠᠯᠳᠤᠨ ᠭᠠᠳᠠᠭᠠᠳᠤ ᠬᠠᠷᠢᠯᠴᠠᠭᠠᠨ ᠤ ᠰᠠᠢᠢᠳ ᠲ ∙ ᠴᠣᠭᠲᠤᠪᠠᠭᠠᠲᠤᠷ᠂ ᠮᠣᠩᠭ᠋ᠣᠯ ᠤᠯᠤᠰ ᠤᠨ ᠰᠢᠳᠠᠷ ᠰᠠᠢᠢᠳ ᠥ᠊ ∙ ᠡᠩᠬᠡᠲᠦᠪᠰᠢᠨ᠂ ᠬᠥᠳᠡᠭᠡ ᠠᠵᠤ ᠠᠬᠤᠢ ᠢᠢᠨ ᠰᠠᠢᠢᠳ ᠪ ∙ ᠪᠠᠲᠤᠵᠣᠷᠢᠭ᠂ ᠠᠭᠤᠯᠠ ᠠᠭᠤᠷᠬᠠᠢ᠂ ᠬᠦᠨᠳᠦ ᠦᠢᠯᠡᠳᠪᠦᠷᠢ ᠢᠢᠨ ᠰᠠᠢᠢᠳ ᠲ ∙ ᠰᠤᠮᠢᠶᠠᠪᠠᠵᠠᠷ ᠪᠣᠯᠤᠨ ᠪᠤᠰᠤᠳ ᠠᠯᠪᠠᠨ ᠤ ᠬᠦᠮᠦᠰ ᠶᠠᠪᠤᠵᠤ ᠪᠠᠢᠢᠨ᠎ᠠ᠃
ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭᠠᠨ ᠤ ᠦᠶ᠎ᠡ ᠪᠡᠷ ᠲᠥᠷᠦ ᠢᠢᠨ ᠲᠡᠷᠢᠭᠦᠨ᠂ ᠶᠡᠷᠦᠩᠬᠡᠢ ᠰᠠᠢᠢᠳ ᠨᠠᠷ ᠤᠨ ᠲᠡᠷᠢᠭᠦᠯᠡᠬᠦ ᠨᠢᠭᠡᠳᠦᠭᠰᠡᠨ ᠬᠤᠷᠠᠯᠳᠤᠭᠠᠨ ᠳᠤ ᠣᠷᠣᠯᠴᠠᠵᠤ᠂ ᠮᠥᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠶᠠᠫᠣᠨ ᠤᠯᠤᠰ ᠤᠨ ᠶᠡᠷᠦᠩᠬᠡᠢ ᠰᠠᠢᠢᠳ ᠱᠢᠨᠵᠣ ᠠᠪᠧ᠂ ᠪᠦᠭᠦᠳᠡ ᠨᠠᠢᠢᠷᠠᠮᠳᠠᠬᠤ᠍ ᠰᠣᠯᠣᠩᠭ᠋ᠤᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠨ ᠪᠣᠯᠤᠨ ᠪᠤᠰᠤᠳ ᠠᠯᠪᠠᠨ ᠤ ᠬᠦᠮᠦᠰ ᠪᠣᠯᠤᠨ ᠪᠤᠰᠤᠳ ᠠᠯᠪᠠᠨ ᠤ ᠬᠦᠮᠦᠰ ᠲᠡᠢ ᠠᠭᠤᠯᠵᠠᠨ᠎ᠠ᠃