Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠦᠭᠦᠳᠡ ᠨᠠᠢᠢᠷᠠᠮᠳᠠᠬᠤ ᠰᠣᠯᠣᠩᠭᠤᠰ ᠤᠯᠤᠰ ᠍ ᠤᠨ ᠶᠡᠷᠦᠩᠬᠡᠢ ᠰᠠᠶᠢᠳ ᠯᠢ ᠨᠠᠭ ᠶᠣᠨ ᠪᠠᠷᠠᠭᠠᠯᠬᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠ ᠳᠤ ᠪᠣᠯᠵᠤ ᠪᠤᠢ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠥᠨᠥᠳᠥᠷ ᠲᠤᠰ ᠬᠣᠲᠠ ᠢᠢᠨ ᠣᠯᠠᠨ ᠤᠯᠤᠰ ᠤᠨ ᠨᠢᠰᠬᠦ ᠣᠩᠭ᠋ᠣᠴᠠᠨ ᠤ ᠪᠠᠭᠤᠳᠠᠯ ᠳᠤ ᠭᠠᠵᠠᠷᠳᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠳᠣᠷᠣᠨ᠎ᠠ ᠢᠢᠨ ᠡᠳ᠋ ᠍ ᠦᠨ ᠵᠠᠰᠠᠭ ᠤᠨ ᠴᠢᠭᠤᠯᠭᠠᠨ ᠪᠣᠯᠬᠤ ᠷᠦᠰᠰᠺᠢᠢ ᠠᠷᠠᠯ ᠳᠡᠭᠡᠷ᠎ᠡ ᠬᠦᠷᠦᠯᠴᠡᠨ ᠢᠷᠡᠮᠡᠭᠴᠡ ᠪᠦᠭᠦᠳᠡ ᠨᠠᠢᠢᠷᠠᠮᠳᠠᠬᠤ ᠰᠣᠯᠣᠩᠭ᠋ᠤᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠨ ᠪᠠᠷᠠᠭᠠᠯᠬᠠᠭᠰᠠᠨ ᠶᠤᠮ᠃

 

ᠠᠭᠤᠯᠵᠠᠯᠲᠠ ᠢᠢᠨ ᠡᠬᠢᠨ ᠳᠥ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩᠭ᠋ᠣᠯ᠂ ᠪᠦᠭᠦᠳᠡ ᠨᠠᠢᠢᠷᠠᠮᠳᠠᠬᠤ ᠰᠣᠯᠣᠩᠭ᠋ᠤᠰ ᠤᠯᠤᠰ ᠍ ᠢᠢᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ 2020 ᠣᠨ ᠳᠤ ᠲᠣᠬᠢᠶᠠᠬᠤ ᠲᠠᠯ᠎ᠠ ᠪᠠᠷ ᠳᠤᠷᠠᠳᠴᠤ᠂ ᠡᠨᠡᠬᠦ ᠲᠡᠦᠬᠡᠨ ᠣᠢ ᠢᠢ ᠤᠭᠲᠤᠨ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠳᠤ ᠪᠠᠨ ᠪᠣᠳᠠᠲᠤ ᠠᠬᠢᠴᠠ ᠳᠡᠪᠰᠢᠯ ᠭᠠᠷᠭᠠᠬᠤ ᠬᠦᠰᠡᠯ ᠲᠡᠢ ᠪᠠᠢᠢᠭ᠎ᠠ ᠪᠠᠨ ᠢᠯᠡᠷᠬᠡᠢᠢᠯᠡᠭᠰᠡᠨ ᠶᠤᠮ᠃ ᠮᠥᠨ ᠪᠦᠭᠦᠳᠡ ᠨᠠᠢᠢᠷᠠᠮᠳᠠᠬᠤ ᠰᠣᠯᠣᠩᠭ᠋ᠤᠰ ᠤᠯᠤᠰ ᠍ ᠤᠨ ᠶᠡᠷᠦᠩᠬᠡᠢᠢᠯᠡᠭᠴᠢ ᠮᠦᠨ ᠵᠧ ᠢᠨ ᠳᠥ ᠥᠪᠡᠷ ᠦᠨ ᠬᠢ ᠨᠢ ᠬᠠᠯᠠᠭᠤᠨ ᠳᠣᠲᠣᠨᠣ ᠮᠡᠨᠳᠦᠴᠢᠯᠡᠭᠡ ᠢᠢ ᠳᠠᠮᠵᠢᠭᠤᠯᠬᠤ ᠢᠢ ᠬᠦᠰᠡᠯ᠎ᠡ᠃

 

ᠪᠦᠭᠦᠳᠡ ᠨᠠᠢᠢᠷᠠᠮᠳᠠᠬᠤ ᠰᠣᠯᠣᠩᠭ᠋ᠤᠰ ᠤᠯᠤᠰ ᠍ ᠤᠨ ᠶᠡᠷᠦᠩᠬᠡᠢ ᠰᠠᠢᠢᠳ ᠯᠢ ᠨᠠᠭ ᠶᠣᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠴᠠᠭ ᠵᠠᠪ ᠭᠠᠷᠭᠠᠨ ᠬᠦᠯᠢᠶᠡᠨ ᠠᠪᠴᠤ ᠠᠭᠤᠯᠵᠠᠵᠤ᠂ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠨᠡᠭᠡᠭᠡᠯᠲᠡᠲᠡᠢ ᠰᠠᠨᠠᠯ ᠰᠤᠯᠢᠯᠴᠠᠬᠤ ᠪᠣᠯᠤᠮᠵᠢ ᠣᠯᠭᠤᠭᠰᠠᠨ ᠳᠤ ᠲᠠᠯᠠᠷᠬᠠᠯ ᠢᠯᠡᠷᠬᠡᠢᠢᠯᠡᠭᠡᠳ ᠪᠦᠭᠦᠳᠡ ᠨᠠᠢᠢᠷᠠᠮᠳᠠᠬᠤ ᠰᠣᠯᠣᠩᠭ᠋ᠤᠰ ᠤᠯᠤᠰ ᠍ ᠤᠨ ᠶᠡᠷᠦᠩᠬᠡᠢᠢᠯᠡᠭᠴᠢ ᠮᠦᠨ ᠵᠧ ᠢᠨ ᠦ ᠮᠡᠨᠳᠦᠴᠢᠯᠡᠭᠡ ᠢᠢ ᠤᠯᠠᠮᠵᠢᠯᠠᠪᠠ᠃ ᠮᠥᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢ ᠲᠤᠰ ᠤᠯᠤᠰ ᠲᠤ ᠠᠢᠢᠯᠴᠢᠯᠠᠬᠤ ᠢᠢ ᠤᠷᠢᠭᠰᠠᠨ ᠢ ᠡᠨᠡ ᠤᠳᠠᠭ᠎ᠠ ᠢᠢᠨ ᠠᠭᠤᠯᠵᠠᠯᠲᠠ ᠪᠠᠷ ᠳᠠᠬᠢᠨ ᠤᠯᠠᠮᠵᠢᠯᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠵᠦ ᠲᠧᠭᠨᠣᠯᠣᠭᠢ ᠢᠨ᠋ᠨᠣᠸᠠᠼᠢ᠂ ᠠᠶᠠᠯᠠᠯ ᠵᠢᠭᠤᠯᠴᠢᠯᠠᠯ᠂ ᠬᠥᠳᠡᠭᠡ ᠠᠵᠤ ᠠᠬᠤᠢ᠂ ᠡᠷᠴᠢᠮ ᠬᠦᠴᠦᠨ ᠦ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠬᠣᠶᠠᠷ ᠤᠯᠤᠰ ᠤᠨ ᠵᠠᠯᠠᠭᠤ ᠪᠢᠽᠢᠨ᠋᠋ᠧᠰᠮᠧᠨ ᠦᠳ ᠢ ᠳᠡᠮᠵᠢᠬᠦ ᠵᠥᠪᠯᠡᠯ ᠪᠠᠢᠢᠭᠤᠯᠬᠤ ᠰᠠᠨᠠᠯ ᠳᠡᠪᠰᠢᠭᠦᠯᠵᠦ᠂ ᠡᠨᠡ ᠲᠠᠯ᠎ᠠ ᠪᠠᠷ ᠳᠡᠯᠭᠡᠷᠡᠩᠭᠦᠢ ᠶᠠᠷᠢᠯᠴᠠᠪᠠ᠃ ᠮᠥᠨ ᠵᠡᠭᠦᠨ ᠬᠣᠢᠢᠳᠣ ᠠᠽᠢᠶ᠎ᠠ ᠢᠢᠨ ᠡᠷᠴᠢᠮ ᠬᠦᠴᠦᠨ ᠦ ᠰᠤᠢᠫᠧᠷ ᠰᠦᠯᠵᠢᠶ᠎ᠡ ᠪᠠᠢᠢᠭᠤᠯᠬᠤ ᠳᠤ ᠮᠣᠩᠭ᠋ᠣᠯ ᠤᠯᠤᠰ ᠨᠠᠷᠠ᠂ ᠰᠠᠯᠬᠢ᠂ ᠨᠡᠭᠦᠷᠡᠰᠦᠨ ᠦ ᠡᠬᠢ ᠡᠭᠦᠰᠪᠦᠷᠢ ᠢᠢᠨ ᠡᠷᠴᠢᠮ ᠬᠦᠴᠦᠨ ᠦ ᠨᠡᠢᠢᠯᠡᠭᠦᠯᠦᠭᠴᠢ ᠪᠡᠷ ᠤᠷᠤᠯᠴᠠᠬᠤ ᠰᠣᠨᠢᠷᠬᠠᠯ ᠲᠠᠢ ᠪᠠᠢᠢᠭ᠎ᠠ ᠪᠠᠨ ᠢᠯᠡᠷᠬᠡᠢᠢᠯᠡᠬᠦ ᠳᠥ ᠪᠦᠭᠦᠳᠡ ᠨᠠᠢᠢᠷᠠᠮᠳᠠᠬᠤ ᠰᠣᠯᠣᠩᠭᠤᠰ ᠤᠯᠤᠰ ᠍ ᠤᠨ ᠲᠠᠯ᠎ᠠ ᠤᠭ ᠰᠠᠨᠠᠯ ᠢ ᠬᠦᠯᠢᠶᠡᠨ ᠠᠪᠬᠤ ᠪᠣᠯᠤᠮᠵᠢ ᠲᠠᠢ ᠪᠠᠨ ᠢᠯᠡᠷᠬᠡᠢᠢᠯᠡᠭᠰᠡᠨ ᠶᠤᠮ᠃

 

ᠪᠦᠭᠦᠳᠡ ᠨᠠᠢᠢᠷᠠᠮᠳᠠᠬᠤ ᠰᠣᠯᠣᠩᠭ᠋ᠤᠰ ᠤᠯᠤᠰ ᠍ ᠤᠨ ᠶᠡᠷᠦᠩᠬᠡᠢ ᠰᠠᠢᠢᠳ ᠯᠢ ᠨᠠᠭ ᠶᠣᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠯᠪᠢᠭᠰᠠᠨ ᠠᠵᠢᠯ ᠬᠡᠷᠡᠭᠴᠢ ᠰᠠᠨᠠᠯ ᠤᠳ ᠢ ᠬᠦᠯᠢᠶᠡᠨ ᠠᠪᠴᠤ ᠬᠠᠮᠲᠤᠷᠠᠨ ᠠᠵᠢᠯᠯᠠᠬᠤ ᠳᠤ ᠪᠠᠨ ᠲᠠᠭᠠᠲᠠᠢ ᠪᠠᠢᠢᠬᠤ ᠪᠣᠯᠤᠨ᠎ᠠ ᠬᠡᠮᠡᠨ ᠣᠨᠴᠠᠯᠠᠭᠠᠳ᠂ ᠲᠤᠰ ᠤᠯᠤᠰ ᠤᠨ ᠶᠡᠷᠦᠩᠬᠡᠢᠢᠯᠡᠭᠴᠢ ᠮᠦᠨ ᠵᠧ ᠢᠨ ᠦ ᠰᠠᠨᠠᠭᠠᠴᠢᠯᠠᠭᠰᠠᠨ ᠵᠡᠭᠦᠨ ᠬᠣᠢᠢᠳᠤ ᠠᠽᠢᠶ᠎ᠠ ᠢᠢᠨ ᠲᠡᠮᠦᠷ ᠵᠠᠮ ᠤᠨ ᠨᠡᠢᠢᠭᠡᠮᠯᠢᠭ᠌ ᠢ ᠪᠠᠢᠢᠭᠤᠯᠬᠤ ᠳᠤ ᠬᠠᠮᠲᠤᠷᠠᠨ ᠠᠵᠢᠯᠯᠠᠬᠤ ᠢᠢ ᠰᠠᠨᠠᠯ ᠪᠣᠯᠭᠠᠭᠰᠠᠨ ᠶᠤᠮ᠃

 

ᠲᠠᠯ᠎ᠠ ᠨᠤᠭᠤᠳ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠲᠦᠪᠰᠢᠨ ᠢᠶᠡᠨ ᠱᠠᠲᠤ ᠠᠬᠢᠭᠤᠯᠵᠤ ᠰᠲ᠋ᠷᠠᠲ᠋ᠧᠭᠢ ᠢᠢᠨ ᠲᠦᠩᠰᠢᠯᠡᠯ ᠦᠨ ᠲᠦᠪᠰᠢᠨ ᠳᠥ ᠬᠦᠷᠭᠡᠬᠦ ᠢᠢᠨ ᠲᠥᠯᠥᠭᠡ ᠠᠵᠢᠯᠯᠠᠬᠤ ᠲᠤᠬᠠᠢ ᠳᠤ ᠰᠠᠨᠠᠯ ᠨᠢᠭᠡᠳᠪᠡ᠃