ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠲᠤ ᠣᠷᠴᠢᠨ ᠴᠠᠭ ᠤᠨ ᠳ᠋ᠢᠫᠯᠣᠮᠠᠲ ᠠᠯᠪᠠ ᠡᠭᠦᠰᠴᠦ ᠬᠥᠭ᠍ᠵᠢᠭᠰᠡᠨ ᠦ ᠑᠑᠔ ᠵᠢᠯ ᠦᠨ ᠣᠢ ᠢᠢ ᠲᠣᠬᠢᠶᠠᠯᠳᠤᠭᠤᠯᠤᠨ ᠨᠡᠷ᠎ᠡ ᠪᠦᠬᠦᠢ ᠡᠷᠬᠢᠮ ᠦᠳ ᠲᠥ ᠳ᠋ᠢᠫᠯᠣᠮᠠᠲ ᠠᠯᠪᠠᠨ ᠤ ᠳᠡᠭᠡᠳᠦ ᠴᠣᠯᠠ ᠬᠦᠷᠲᠡᠭᠡᠯ᠎ᠡ᠃
ᠭᠠᠳᠠᠭᠠᠳᠤ ᠬᠠᠷᠢᠯᠴᠠᠭᠠᠨ ᠤ ᠰᠠᠯᠪᠤᠷᠢ ᠳᠤ ᠦᠷ᠎ᠡ ᠪᠦᠲᠦᠭᠡᠯ᠂ ᠢᠳᠡᠪᠬᠢ ᠰᠠᠨᠠᠭᠠᠴᠢᠯᠠᠭ᠎ᠠ ᠲᠠᠶ ᠠᠵᠢᠯᠯᠠᠵᠤ᠂ ᠭᠠᠳᠠᠭᠠᠳᠤ ᠪᠣᠳᠤᠯᠭ᠎ᠠ ᠢᠢᠨ ᠵᠣᠷᠢᠯᠲᠠ ᠨᠤᠭᠤᠳ ᠢ ᠬᠡᠷᠡᠭᠵᠢᠭᠦᠯᠬᠦ ᠳᠥ ᠣᠷᠤᠭᠤᠯᠤᠭᠰᠠᠨ ᠬᠤᠪᠢ ᠨᠡᠮᠡᠷᠢ ᠢᠢ ᠨᠢ ᠦᠨᠡᠯᠡᠵᠦ᠂
«ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ» ᠴᠣᠯᠠ ᠢᠢ:
• ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂
• ᠠᠬᠠᠮᠠᠳ ᠳ᠋ᠢᠫᠯᠣᠮᠠᠲ᠋ᠴᠢ ᠪᠠᠳᠮᠠᠳᠣᠷᠵᠢ ᠢᠢᠨ ᠪᠠᠲᠤᠬᠡᠰᠢᠭ᠌᠂
• ᠠᠬᠠᠮᠠᠳ ᠳ᠋ᠢᠫᠯᠣᠮᠠᠲ᠋ᠴᠢ ᠳᠠᠰᠢᠳᠣᠷᠵᠢ ᠢᠢᠨ ᠪᠠᠶᠠᠷᠬᠦ᠋ᠦ᠂
• ᠠᠬᠠᠮᠠᠳ ᠳ᠋ᠢᠫᠯᠣᠮᠠᠲ᠋ᠴᠢ ᠯᠤᠪᠰᠠᠩᠳᠣᠷᠵᠢ ᠢᠢᠨ ᠮᠤᠨᠳᠠᠭᠪᠠᠭᠠᠲᠤᠷ᠂




«ᠣᠨᠴᠠ ᠪᠥᠭᠡᠳ ᠪᠦᠷᠢᠨ ᠡᠷᠬᠡᠲᠦ ᠡᠯᠴᠢᠨ» ᠴᠣᠯᠠ ᠢᠢ:
• ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳᠣᠷᠵᠢ ᠢᠢᠨ ᠪᠠᠶᠠᠷᠬᠦ᠋ᠦ᠂
• ᠮᠣᠩ᠋ᠭᠣᠯ ᠤᠯᠤᠰ ᠠᠴᠠ ᠠᠷᠠᠪ ᠤᠨ ᠪᠦᠭᠦᠳᠡ ᠨᠠᠢᠢᠷᠠᠮᠳᠠᠬᠤ ᠶᠧᠭᠢᠫᠧᠲ᠋ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠡᠩᠬᠡᠲᠦ᠋ᠪᠰᠢᠨ ᠦ ᠪᠤᠯᠠᠭᠠᠨ᠂
• ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠻᠢᠷᠭᠢᠰ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠰᠣᠳᠨᠠᠮ ᠤᠨ ᠭᠠᠩᠬᠤᠶᠠᠭ᠂
• ᠮᠣᠩ᠋ᠭᠣᠯ ᠤᠯᠤᠰ ᠠᠴᠠ ᠠᠦ᠋ᠰᠲ᠋ᠷᠠᠯᠢᠶ᠎ᠠ ᠢᠢᠨ ᠬᠣᠯᠪᠤᠭᠠᠨ ᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳᠠᠮᠳᠢᠨᠰᠦ᠋ᠷᠦᠩ ᠦᠨ ᠳᠠᠸᠠᠰᠦ᠋ᠷᠦᠩ ᠨᠠᠷ ᠲᠤ ᠬᠦᠷᠲᠡᠭᠡᠯ᠎ᠡ᠃




ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠳ᠋ᠢᠫᠯᠣᠮᠠᠲ ᠠᠯᠪᠠᠨ ᠤ ᠳᠡᠭᠡᠳᠦ ᠴᠣᠯᠠ ᠬᠦᠷᠲᠡᠭᠰᠡᠨ ᠡᠷᠬᠢᠮ ᠦᠳ ᠲᠥ ᠮᠣᠩ᠋ᠭᠣᠯ ᠤᠯᠤᠰ ᠲᠤ ᠣᠷᠴᠢᠨ ᠴᠠᠭ ᠤᠨ ᠳ᠋ᠢᠫᠯᠣᠮᠠᠲ ᠠᠯᠪᠠ ᠡᠭᠦᠰᠴᠦ ᠬᠥᠭ᠍ᠵᠢᠭᠰᠡᠨ ᠦ ᠑᠑᠔ ᠵᠢᠯ ᠦᠨ ᠣᠢ ᠢᠢᠨ ᠪᠠᠶᠠᠷ ᠬᠦᠷᠭᠡᠵᠦ᠂ ᠠᠮᠵᠢᠯᠲᠠ ᠬᠦᠰᠡᠨ ᠢᠷᠦᠭᠡᠯ᠎ᠡ᠃
ᠴᠢᠨᠠᠭᠰᠢᠳᠠ ᠤᠯᠤᠰ ᠣᠷᠤᠨ ᠤ ᠪᠠᠨ ᠢᠵᠠᠭᠤᠷ ᠡᠷᠬᠡ ᠠᠰᠢᠭ ᠢ ᠬᠠᠮᠠᠭᠠᠯᠠᠵᠤ᠂ ᠲᠤᠰᠠᠭᠠᠷ ᠲᠣᠭᠲᠠᠨᠢᠯ ᠢ ᠪᠠᠲᠤᠳᠬᠠᠨ ᠪᠡᠬᠢᠵᠢᠭᠦᠯᠬᠦ ᠦᠢᠯᠡᠰ ᠲᠥ ᠣᠷᠤᠭᠤᠯᠤᠭᠰᠠᠨ ᠬᠢᠴᠢᠶᠡᠯ ᠵᠢᠳᠬᠦᠯ᠂ ᠬᠤᠷᠠᠮᠲᠤᠯᠠᠭᠤᠯᠤᠭᠰᠠᠨ ᠲᠤᠷᠰᠢᠯᠭ᠎ᠠ᠂ ᠮᠡᠳᠡᠯᠭᠡ ᠪᠡᠨ ᠬᠣᠢᠢᠴᠢ ᠦᠶ᠎ᠡ ᠳᠥ ᠪᠡᠨ ᠥᠪᠯᠡᠭᠦᠯᠵᠦ᠂ ᠲᠥᠷᠦ ᠢᠢᠨ ᠠᠯᠲᠠᠨ ᠠᠷᠭᠠᠮᠵᠢ ᠢᠢᠨ ᠥᠪ ᠢ ᠬᠠᠳᠠᠭᠠᠯᠠᠵᠤ ᠶᠠᠪᠤᠨ᠎ᠠ ᠭᠡᠳᠡᠭ ᠲᠥ ᠢᠲᠡᠭᠡᠯ ᠲᠡᠭᠦᠰ ᠪᠠᠢᠢᠭ᠎ᠠ ᠪᠠᠨ ᠢᠯᠡᠷᠬᠡᠢᠢᠯᠡᠪᠡ᠃
ᠮᠥᠨ ᠳ᠋ᠢᠫᠯᠣᠮᠠᠲ ᠤᠳ ᠲᠤ ᠪᠣᠯᠤᠨ ᠭᠡᠷ ᠪᠦᠯᠦ᠂ ᠬᠠᠮᠲᠤ ᠣᠯᠠᠨ ᠳᠤ ᠨᠢ XVII ᠵᠢᠷᠠᠨ ᠤ «ᠰᠦᠷ ᠢᠶᠡᠷ ᠳᠠᠷᠤᠭᠴᠢ» ᠬᠡᠮᠡᠬᠦ ᠭᠠᠯ ᠮᠣᠷᠢᠨ ᠵᠢᠯ ᠦᠨ ᠴᠠᠭᠠᠨ ᠰᠠᠷ᠎ᠠ ᠢᠢᠨ ᠪᠠᠶᠠᠷ ᠤᠨ ᠮᠡᠨᠳᠦ ᠢᠢ ᠡᠷᠭᠦᠨ ᠳᠡᠪᠰᠢᠭᠦᠯᠦᠯ᠎ᠡ᠃


