XVII ᠵᠢᠷᠠᠨ ᠤ «ᠰᠦᠷ ᠢᠶᠡᠷ ᠳᠠᠷᠤᠭᠴᠢ» ᠬᠡᠮᠡᠬᠦ ᠭᠠᠯ ᠮᠣᠷᠢᠨ ᠵᠢᠯ ᠦᠨ ᠰᠠᠷ᠎ᠠ ᠰᠢᠨ᠎ᠡ ᠢᠢᠨ ᠪᠠᠶᠠᠷᠲᠤ ᠵᠣᠷᠢᠭᠤᠯᠤᠭᠰᠠᠨ ᠦᠨᠳᠦᠰᠦᠨ ᠦ ᠪᠥᠬᠡ ᠢᠢᠨ ᠪᠠᠷᠢᠯᠳᠤᠭᠠᠨ ᠒᠐᠒᠖ ᠣᠨ ᠤ ᠬᠣᠶᠠᠳ᠋ᠤᠭᠠᠷ ᠰᠠᠷ᠎ᠠ ᠢᠢᠨ ᠑᠖-᠑᠗ ᠤ ᠡᠳᠦᠷ ᠦᠳ ᠲᠥ ᠮᠣᠩ᠋ᠭᠣᠯ ᠪᠥᠬᠡ ᠢᠢᠨ ᠥᠷᠭᠦᠭᠡᠨ ᠳᠥ ᠪᠣᠯᠤᠯ᠎ᠠ᠃
ᠡᠨᠡ ᠤᠳᠠᠭ᠎ᠠ ᠢᠢᠨ ᠪᠠᠷᠢᠯᠳᠤᠭᠠᠨ ᠳᠤ ᠲᠥᠪ ᠠᠢᠢᠮᠠᠭ ᠤᠨ ᠰᠡᠷᠬᠦᠯᠡᠩ ᠰᠤᠮᠤ ᠢᠢᠨ ᠬᠠᠷᠢᠶᠠᠲᠤ᠂ ᠤᠯᠤᠰ ᠤᠨ ᠳᠠᠷᠬᠠᠨ ᠠᠪᠤᠷᠭᠤ ᠠ᠊·ᠰᠦᠬᠡᠪᠠᠲᠤ᠂ ᠤᠪᠰᠤ ᠠᠢᠢᠮᠠᠭ ᠤᠨ ᠬᠣᠪᠳᠤ ᠰᠤᠮᠤ ᠢᠢᠨ ᠬᠠᠷᠢᠶᠠᠲᠤ᠂ ᠤᠯᠤᠰ ᠤᠨ ᠳᠠᠷᠬᠠᠨ ᠠᠪᠤᠷᠭᠤ ᠨᠠ᠊·ᠪᠠᠲᠤᠰᠠᠭᠤᠷᠢ᠂ ᠤᠪᠰᠤ ᠠᠢᠢᠮᠠᠭ ᠤᠨ ᠳᠠᠪᠤᠰᠤᠲᠤ ᠰᠤᠮᠤ ᠢᠢᠨ ᠬᠠᠷᠢᠶᠠᠲᠤ᠂ ᠤᠯᠤᠰ ᠤᠨ ᠠᠪᠤᠷᠭᠤ ᠫᠦ᠊·ᠪᠦᠷᠢᠨᠲᠡᠭᠦᠰ᠂ ᠬᠣᠪᠳᠤ ᠠᠢᠢᠮᠠᠭ ᠤᠨ ᠪᠤᠶᠠᠨᠲᠤ ᠰᠤᠮᠤ ᠢᠢᠨ ᠬᠠᠷᠢᠶᠠᠲᠤ᠂ ᠤᠯᠤᠰ ᠤᠨ ᠠᠪᠤᠷᠭᠤ ᠣ·ᠬᠠᠩ᠋ᠭᠠᠢ᠂ ᠬᠥᠪᠰᠦᠭᠦᠯ ᠠᠢᠢᠮᠠᠭ ᠤᠨ ᠲᠣᠰᠤᠨᠴᠡᠩᠬᠡᠯ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠴᠡ᠊·ᠰᠣᠳᠨᠠᠮᠳᠣᠷᠵᠢ᠂ ᠰᠡᠯᠡᠩᠬᠡ ᠠᠢᠢᠮᠠᠭ ᠤᠨ ᠴᠠᠭᠠᠩᠨᠠᠭᠤᠷ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠪᠠ᠊·ᠣᠷᠬᠤᠨᠪᠠᠶᠠᠷ᠂ ᠬᠡᠨᠲᠡᠶ ᠠᠢᠢᠮᠠᠭ ᠤᠨ ᠡᠮᠦᠨᠡᠳᠡᠯᠭᠡᠷ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠡ᠊·ᠣᠶᠤᠨᠪᠣᠯᠤᠳ᠂ ᠥᠪᠦᠷᠬᠠᠩ᠋ᠭᠠᠶ ᠠᠢᠢᠮᠠᠭ ᠤᠨ ᠲᠥᠬᠦᠷᠢᠭ᠌ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠴᠡ᠊·ᠪᠢᠮᠪᠠ-ᠣᠳᠬᠠᠨ᠂ ᠠᠷᠤᠬᠠᠩ᠋ᠭᠠᠶ ᠠᠢᠢᠮᠠᠭ ᠤᠨ ᠪᠤᠯᠠᠭᠠᠨ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠷᠢ᠊·ᠫᠦᠷᠪᠦᠳᠠᠭᠪᠠ᠂ ᠪᠠᠶᠠᠩᠬᠣᠩ᠋ᠭᠤᠷ ᠠᠢᠢᠮᠠᠭ ᠤᠨ ᠵᠢᠩᠰᠡᠲᠦ ᠰᠤᠮᠤ ᠢᠢᠨ ᠬᠠᠷᠢᠶᠠᠲᠤ᠂ ᠤᠯᠤᠰ ᠤᠨ ᠠᠷᠰᠯᠠᠨ ᠡ᠊·ᠪᠠᠲᠤᠮᠠᠩᠨᠠᠶ ᠲᠡᠷᠢᠭᠦᠲᠡᠶ ᠤᠯᠤᠰ᠂ ᠠᠢᠢᠮᠠᠭ ᠤᠨ ᠠᠯᠳᠠᠷ ᠴᠣᠯᠠ ᠲᠠᠶ ᠬᠦᠴᠦᠲᠦ ᠒᠕᠖ ᠪᠥᠬᠡ ᠵᠣᠳᠤᠭᠯᠠᠪᠠ᠃
XVII ᠵᠢᠷᠠᠨ ᠤ «ᠰᠦᠷ ᠢᠶᠡᠷ ᠳᠠᠷᠤᠭᠴᠢ» ᠬᠡᠮᠡᠬᠦ ᠭᠠᠯ ᠮᠣᠷᠢᠨ ᠵᠢᠯ ᠦᠨ ᠰᠠᠷ᠎ᠠ ᠰᠢᠨ᠎ᠡ ᠢᠢᠨ ᠪᠠᠶᠠᠷᠲᠤ ᠵᠣᠷᠢᠭᠤᠯᠤᠭᠰᠠᠨ ᠤᠯᠤᠰ᠂ ᠠᠢᠢᠮᠠᠭ ᠤᠨ ᠠᠯᠳᠠᠷ ᠴᠣᠯᠠ ᠲᠠᠶ ᠒᠕᠖ ᠪᠥᠬᠡ ᠢᠢᠨ ᠪᠠᠷᠢᠯᠳᠤᠭᠠᠨ ᠳᠤ:
• ᠵᠠᠪᠬᠠᠨ ᠠᠢᠢᠮᠠᠭ ᠤᠨ ᠢᠷᠠᠭᠤ ᠰᠤᠮᠤ ᠢᠢᠨ ᠬᠠᠷᠢᠶᠠᠲᠤ᠂ ᠤᠯᠤᠰ ᠤᠨ ᠵᠠᠭᠠᠨ ᠮᠥᠩᠬᠡᠲᠥ᠋ᠷᠦ ᠢᠢᠨ ᡀᠠᠭᠪᠠᠭᠡᠷᠡᠯ ᠨᠠᠢᠮᠠ ᠳᠠᠪᠠᠵᠤ ᠲᠦᠷᠦᠭᠦᠯᠡᠯ᠎ᠡ᠃
• ᠬᠣᠪᠳᠤ ᠠᠢᠢᠮᠠᠭ ᠤᠨ ᠪᠤᠶᠠᠨᠲᠤ ᠰᠤᠮᠤ ᠢᠢᠨ ᠬᠠᠷᠢᠶᠠᠲᠤ᠂ ᠤᠯᠤᠰ ᠤᠨ ᠵᠠᠭᠠᠨ ᠣᠷᠬᠢᠬᠤ ᠢᠢᠨ ᠬᠠᠩ᠋ᠭᠠᠢ ᠳᠣᠯᠤᠭ᠎ᠠ ᠳᠠᠪᠠᠨ ᠦᠵᠦᠭᠦᠷᠯᠡᠯ᠎ᠡ᠃


ᠪᠥᠬᠡ ᠢᠢᠨ ᠪᠠᠷᠢᠯᠳᠤᠭᠠᠨ ᠤ ᠨᠠᠢᠮᠠ ᠢᠢᠨ ᠳᠠᠪᠠᠭᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠡᠬᠡ ᠰᠢᠪᠦᠭᠡ ᠢᠢᠨ ᠳᠥᠷᠪᠡᠨ ᠪᠥᠬᠡ ᠳᠥ ᠱᠠᠩᠨᠠᠯ ᠭᠠᠷᠳᠠᠭᠤᠯᠵᠤ᠂ ᠪᠠᠶᠠᠷ ᠬᠦᠷᠭᠡᠯ᠎ᠡ᠃





