ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠣᠯ ᠠᠷᠠᠳ ᠲᠦᠮᠡᠨ ᠦ ᠡᠪ ᠨᠢᠭᠡᠳᠦᠯ ᠢ ᠢᠯᠡᠷᠬᠡᠢᠢᠯᠡᠭᠴᠢ ᠢᠢᠨ ᠬᠤᠪᠢ ᠳᠤ᠂ ᠲᠥᠷᠦ᠂ ᠠᠷᠠᠳ ᠲᠦᠮᠡᠨ ᠦ ᠢᠲᠡᠭᠡᠯᠴᠡᠯ ᠢ ᠪᠡᠬᠢᠵᠢᠭᠦᠯᠬᠦ ᠡᠪ ᠨᠢᠭᠡᠳᠦᠯ ᠢ ᠬᠠᠩ᠋ᠭᠠᠬᠤ ᠦᠨᠳᠦᠰᠦᠨ ᠬᠠᠤᠯᠢ ᠪᠠᠷ ᠣᠯᠭᠤᠭᠳᠠᠭᠰᠠᠨ ᠦᠨᠳᠦᠰᠦᠨ ᠴᠢᠭ᠌ ᠡᠭᠦᠷᠭᠡ ᠲᠡᠶ᠃
ᠡᠨᠡ ᠴᠢᠭ᠌ ᠡᠭᠦᠷᠭᠡ ᠪᠡᠨ ᠬᠡᠷᠡᠭᠵᠢᠭᠦᠯᠬᠦ᠂ ᠠᠷᠠᠳ ᠢᠷᠭᠡᠳ ᠦᠨ ᠬᠢᠨᠠᠯᠲᠠ ᠢᠢ ᠨᠡᠮᠡᠭᠳᠡᠭᠦᠯᠬᠦ ᠡᠭᠦᠳᠡᠨ ᠡᠴᠡ ᠤ᠊ ᠶᠡ᠊ ᠬᠤᠷᠠᠯ ᠤᠨ ᠭᠡᠰᠢᠭᠦᠨ ᠢ ᠡᠭᠡᠭᠦᠯᠦᠨ ᠲᠠᠲᠠᠬᠤ ᠲᠤᠬᠠᠢ ᠬᠠᠤᠯᠢ ᠢᠢᠨ ᠲᠥᠰᠦᠯ ᠰᠠᠨᠠᠭᠠᠴᠢᠯᠠᠨ ᠪᠣᠯᠪᠠᠰᠤᠷᠠᠭᠤᠯᠵᠤ᠂ ᠤ᠊ ᠶᠡ᠊ ᠬᠤᠷᠠᠯ ᠳ᠋ᠤ ᠡᠷᠭᠦᠨ ᠮᠡᠳᠡᠭᠦᠯᠬᠦ ᠪᠡᠷ ᠪᠣᠯᠤᠯ᠎ᠠ᠃
ᠡᠨᠡ ᠲᠠᠯ᠎ᠠ ᠪᠠᠷ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠠ᠊·ᠦᠢᠯᠡᠰᠲᠡᠭᠦᠯᠳᠡᠷ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠨᠠᠷᠢᠨ ᠪᠢᠴᠢᠭ᠌ ᠦᠨ ᠳᠠᠷᠤᠭ᠎ᠠ ᠠ᠊·ᠪᠢᠮᠪᠠᠵᠢᠷᠭᠠᠯ ᠨᠠᠷ ᠮᠡᠳᠡᠭᠡᠯᠡᠯ ᠥᠭ᠍ᠭᠦᠯ᠎ᠡ᠃


ᠤ᠊ ᠶᠡ᠊ ᠬᠤᠷᠠᠯ ᠤᠨ ᠭᠡᠰᠢᠭᠦᠳ ᠶᠣᠰᠤ ᠵᠦᠢ ᠲᠡᠶ᠂ ᠬᠠᠷᠢᠭᠤᠴᠠᠯᠭ᠎ᠠ ᠲᠠᠶ ᠪᠠᠢᠢᠪᠠᠯ ᠫᠠᠷᠯᠠᠮᠧᠨ᠋ᠲ ᠤᠨ ᠳᠠᠷᠬᠠᠯᠠᠭ᠎ᠠ ᠪᠡᠬᠢᠵᠢᠵᠦ᠂ ᠨᠡᠷ᠎ᠡ ᠬᠦᠨᠳᠦ ᠥᠰᠦᠨ᠎ᠡ ᠭᠡᠵᠦ ᠶᠡᠷᠦᠩᠬᠡᠢᠢᠯᠡᠭᠴᠢ ᠦᠵᠡᠵᠦ ᠪᠠᠢᠢᠨ᠎ᠠ᠃
ᠬᠠᠤᠯᠢ ᠢᠢᠨ ᠲᠥᠰᠦᠯ ᠨᠢ ᠦᠨᠳᠦᠰᠦᠨ ᠬᠠᠤᠯᠢ ᠢᠢᠨ ᠰᠠᠭᠤᠷᠢ ᠵᠠᠷᠴᠢᠮ ᠢ ᠬᠡᠷᠡᠭᠵᠢᠭᠦᠯᠬᠦ᠂ ᠠᠷᠠᠳᠴᠢᠯᠠᠭᠰᠠᠨ ᠫᠠᠷᠯᠠᠮᠧᠨ᠋ᠲ ᠤᠨ ᠵᠠᠰᠠᠭᠯᠠᠯ ᠢ ᠬᠠᠮᠠᠭᠠᠯᠠᠬᠤ᠂ ᠫᠠᠷᠯᠠᠮᠧᠨ᠋ᠲ ᠳᠤ ᠠᠷᠠᠳ ᠢᠷᠭᠡᠳ ᠦᠨ ᠬᠢᠨᠠᠯᠲᠠ ᠢᠢ ᠬᠡᠷᠡᠭᠵᠢᠭᠦᠯᠬᠦ᠂ ᠰᠠᠬᠢᠯᠭ᠎ᠠ᠂ ᠬᠠᠷᠢᠭᠤᠴᠠᠯᠭ᠎ᠠ᠂ ᠶᠣᠰᠤ ᠵᠦᠢ ᠢᠢ ᠰᠠᠬᠢᠭᠤᠯᠬᠤ᠂ ᠰᠢᠳᠤᠷᠭᠤ ᠶᠣᠰᠤ ᠢᠢ ᠲᠣᠭᠲᠠᠭᠠᠬᠤ ᠵᠣᠷᠢᠯᠭ᠎ᠠ ᠲᠠᠶ ᠶᠤᠮ᠃
ᠦᠨᠳᠦᠰᠦᠨ ᠬᠠᠤᠯᠢ ᠳᠤ ᠤ᠊ ᠶᠡ᠊ ᠬᠤᠷᠠᠯ ᠤᠨ ᠭᠡᠰᠢᠭᠦᠨ ᠡᠷᠭᠦᠭ᠍ᠰᠡᠨ ᠲᠠᠩ᠋ᠭᠠᠷᠢᠭ ᠠᠴᠠ ᠪᠠᠨ ᠨᠢᠴᠤᠵᠤ᠂ ᠦᠨᠳᠦᠰᠦᠨ ᠬᠠᠤᠯᠢ ᠵᠥᠷᠢᠴᠡᠭᠰᠡᠨ ᠪᠣᠯ ᠡᠭᠡᠭᠦᠯᠦᠨ ᠲᠠᠲᠠᠬᠤ ᠲᠤᠬᠠᠢ ᠵᠢᠭᠠᠭᠰᠠᠨ ᠴᠦ ᠥᠨᠦᠳᠦᠷ ᠢ ᠬᠦᠷᠲᠡᠯ᠎ᠡ ᠡᠨᠡ ᠵᠢᠭᠠᠯᠲᠠ ᠬᠡᠷᠡᠭᠵᠢᠬᠦ ᠡᠷᠬᠡ ᠵᠦᠢ ᠢᠢᠨ ᠣᠷᠴᠢᠨ ᠪᠡᠶᠡᠯᠡᠯ ᠢᠶᠡᠨ ᠣᠯᠤᠭ᠎ᠠ ᠦᠭᠡᠢ ᠬᠡᠪ ᠢᠶᠡᠷ ᠪᠠᠢᠢᠨ᠎ᠠ᠃
ᠲᠡᠢᠢᠮᠦ ᠡᠴᠡ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠥᠷᠦ ᠢᠢᠨ ᠡᠷᠬᠡ ᠪᠠᠷᠢᠬᠤ ᠳᠡᠭᠡᠳᠦ ᠪᠠᠢᠢᠭᠤᠯᠤᠯᠭ᠎ᠠ ᠳᠤ ᠰᠠᠬᠢᠯᠭ᠎ᠠ᠂ ᠬᠠᠷᠢᠭᠤᠴᠠᠯᠭ᠎ᠠ᠂ ᠶᠣᠰᠤ ᠵᠦᠢ ᠥᠨᠳᠦᠷ ᠬᠡᠮ ᠬᠡᠮᠵᠢᠶᠡᠨ ᠳᠥ ᠪᠠᠢᠢᠬᠤ ᠶᠣᠰᠤᠲᠠᠶ ᠭᠡᠵᠦ ᠦᠵᠡᠨ ᠦᠨᠳᠦᠰᠦᠨ ᠬᠠᠤᠯᠢ ᠢᠢᠨ ᠡᠨᠡ ᠵᠢᠭᠠᠯᠲᠠ ᠬᠡᠷᠡᠭᠵᠢᠬᠦ ᠭᠣᠣᠯ ᠵᠠᠩ᠋ᠭᠢᠯᠠᠭ᠎ᠠ ᠪᠣᠯᠤᠭᠰᠠᠨ ᠬᠠᠤᠯᠢ ᠢᠢᠨ ᠲᠥᠰᠦᠯ ᠢ ᠰᠠᠨᠠᠭᠠᠴᠢᠯᠠᠯ᠎ᠠ᠃


ᠬᠠᠤᠯᠢ ᠢᠢᠨ ᠲᠥᠰᠦᠯ ᠳᠥ:
• ᠶᠣᠰᠤ ᠵᠦᠢ ᠢᠢᠨ ᠵᠥᠷᠢᠴᠡᠯ ᠭᠠᠷᠭᠠᠭᠰᠠᠨ ᠤ᠊ ᠶᠡ᠊ ᠬᠤᠷᠠᠯ ᠤᠨ ᠭᠡᠰᠢᠭᠦᠨ ᠳᠥ ᠬᠠᠤᠯᠢ ᠢᠢᠨ ᠬᠠᠷᠢᠭᠤᠴᠠᠯᠭ᠎ᠠ ᠬᠦᠯᠢᠶᠡᠯᠭᠡᠬᠦ ᠪᠣᠯᠤᠮᠵᠢ ᠢᠢ ᠪᠦᠷᠢᠳᠦᠭᠦᠯᠬᠦ᠂
• ᠡᠷᠭᠦᠭ᠍ᠰᠡᠨ ᠲᠠᠩ᠋ᠭᠠᠷᠢᠭ ᠠᠴᠠ ᠪᠠᠨ ᠨᠢᠴᠤᠵᠤ᠂ ᠨᠣᠴᠤᠲᠠᠢ ᠵᠥᠷᠢᠴᠡᠯ ᠭᠠᠷᠭᠠᠭᠰᠠᠨ ᠭᠡᠰᠢᠭᠦᠨ ᠢ ᠤ᠊ ᠶᠡ᠊ ᠬᠤᠷᠠᠯ ᠤᠨ ᠶᠣᠰᠤ ᠵᠦᠢ ᠢᠢᠨ ᠳᠡᠳ᠋ ᠬᠣᠷᠢᠶ᠎ᠠ᠂ ᠤ᠊ ᠶᠡ᠊ ᠬᠤᠷᠠᠯ ᠤᠨ ᠨᠢᠭᠡᠳᠦᠭᠰᠡᠨ ᠴᠢᠭᠤᠯᠭᠠᠨ ᠢᠶᠠᠷ ᠵᠠᠪᠠᠯ ᠨᠡᠭᠡᠭᠡᠯᠲᠡ ᠲᠡᠶ ᠬᠡᠯᠡᠯᠴᠡᠵᠦ᠂ ᠦᠨᠳᠦᠰᠦᠨ ᠬᠠᠤᠯᠢ ᠢᠢᠨ ᠴᠡᠴᠡ ᠢᠢᠨ ᠰᠢᠢᠳᠪᠦᠷᠢ ᠪᠡᠷ ᠡᠭᠡᠭᠦᠯᠦᠨ ᠲᠠᠲᠠᠬᠤ᠂
• ᠭᠡᠮᠲᠦ ᠬᠡᠷᠡᠭ ᠦᠢᠯᠡᠳᠦᠭᠰᠡᠨ ᠪᠣᠯᠬᠤ ᠨᠢ ᠰᠢᠭᠦᠬᠦ ᠢᠢᠨ ᠡᠴᠦᠰ ᠦᠨ ᠰᠢᠢᠳᠪᠦᠷᠢ ᠪᠡᠷ ᠲᠣᠭᠲᠠᠭᠠᠭᠳᠠᠭᠰᠠᠨ ᠪᠣᠯ ᠲᠤᠬᠠᠢ ᠢᠢᠨ ᠭᠡᠰᠢᠭᠦᠨ ᠢ ᠡᠭᠡᠭᠦᠯᠦᠨ ᠲᠠᠲᠠᠬᠤ ᠦᠨᠳᠦᠰᠦᠯᠡᠯ᠂
• ᠫᠠᠷᠯᠠᠮᠧᠨ᠋ᠲ ᠳᠤ ᠰᠠᠭᠤᠳᠠᠯ ᠲᠠᠶ ᠤᠯᠤᠰ ᠲᠥᠷᠦ ᠢᠢᠨ ᠨᠠᠮ᠂ ᠡᠪᠰᠡᠯ ᠦᠨ ᠬᠠᠷᠢᠭᠤᠴᠠᠯᠭ᠎ᠠ ᠢᠢ ᠥᠨᠳᠦᠷᠵᠢᠭᠦᠯᠵᠦ᠂ ᠵᠢᠭ᠌ᠰᠠᠭᠠᠯᠲᠠ ᠪᠠᠷ ᠨᠡᠷ᠎ᠡ ᠳᠡᠪᠰᠢᠵᠦ ᠰᠣᠩ᠋ᠭᠤᠭᠳᠠᠭᠰᠠᠨ ᠭᠡᠰᠢᠭᠦᠨ ᠶᠣᠰᠤ ᠵᠦᠢ ᠢᠢᠨ ᠨᠣᠴᠤᠲᠠᠢ ᠵᠥᠷᠢᠴᠡᠯ ᠭᠠᠷᠭᠠᠪᠠᠯ ᠡᠭᠡᠭᠦᠯᠦᠨ ᠲᠠᠲᠠᠬᠤ ᠦᠨᠳᠦᠰᠦᠯᠡᠯ ᠢ ᠲᠤᠰᠬᠠᠵᠠᠶ᠃
ᠬᠠᠤᠯᠢ ᠢᠢᠨ ᠲᠥᠰᠦᠯ ᠳᠥ ᠮᠣᠩ᠋ᠭᠣᠯ ᠤᠯᠤᠰ ᠤᠨ ᠵᠠᠰᠠᠭ ᠤᠨ ᠭᠠᠵᠠᠷ ᠠᠴᠠ ᠰᠠᠨᠠᠯ ᠠᠪᠴᠤ᠂ ᠶᠠᠭᠠᠷᠠᠯᠲᠠᠢ ᠭᠣᠷᠢᠮ ᠢᠶᠠᠷ ᠤ᠊ ᠶᠡ᠊ ᠬᠤᠷᠠᠯ ᠢᠶᠠᠷ ᠬᠡᠯᠡᠯᠴᠡᠭᠦᠯᠦᠨ᠎ᠡ᠃




