ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠮᠣᠩ᠋ᠭᠣᠯ ᠤᠯᠤᠰ ᠠᠴᠠ ᠣᠷᠤᠰ ᠤᠨ ᠬᠣᠯᠪᠤᠭᠠᠨ ᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳᠤᠯᠮᠠᠰᠦ᠋ᠷᠦᠩ ᠦᠨ ᠳᠠᠸᠠ᠂ ᠮᠣᠩ᠋ᠭᠣᠯ ᠤᠯᠤᠰ ᠠᠴᠠ ᠠᠷᠠᠪ ᠤᠨ ᠨᠢᠭᠡᠳᠦᠭᠰᠡᠨ ᠧᠮᠢᠷᠠᠲ᠋ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠠᠮᠤᠭᠤᠯᠠᠩ ᠤᠨ ᠠᠨᠠᠨᠳᠠ ᠨᠠᠷ ᠲᠤ ᠢᠲᠡᠬᠡᠮᠵᠢᠯᠡᠬᠦ ᠵᠢᠭᠤᠬᠤ ᠪᠢᠴᠢᠭ᠌ ᠢ ᠨᠢ ᠭᠠᠷᠳᠠᠭᠤᠯᠤᠯ᠎ᠠ᠃
ᠡᠯᠴᠢᠨ ᠰᠠᠢᠢᠳ ᠨᠠᠷ ᠶᠣᠰᠤ ᠵᠦᠢ ᠲᠡᠶ᠂ ᠰᠠᠬᠢᠯᠭ᠎ᠠ᠂ ᠬᠠᠷᠢᠭᠤᠴᠠᠯᠭ᠎ᠠ ᠲᠠᠶ ᠪᠠᠢᠢᠵᠤ᠂ ᠦᠨᠳᠦᠰᠦᠨ ᠦ ᠢᠵᠠᠭᠤᠷ ᠡᠷᠬᠡ ᠠᠰᠢᠭ ᠢ ᠢᠮᠠᠭᠲᠠ ᠳᠡᠭᠡᠳᠦᠯᠡᠬᠦ᠂ ᠰᠠᠭᠤᠭ᠎ᠠ ᠪᠣᠯᠤᠨ ᠲᠤᠬᠠᠢ ᠢᠢᠨ ᠪᠦᠰᠡ ᠨᠤᠲᠤᠭ ᠤᠨ ᠣᠷᠤᠨ ᠨᠤᠭᠤᠳ ᠲᠠᠶ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ᠂ ᠬᠥᠷᠦᠩ᠋ᠭᠡ ᠣᠷᠤᠭᠤᠯᠤᠯᠲᠠ ᠲᠠᠲᠠᠬᠤ᠂ ᠡᠬᠡ ᠬᠡᠯᠡ᠂ ᠲᠡᠦᠬᠡ᠂ ᠰᠣᠶᠤᠯ᠂ ᠵᠠᠩ ᠵᠠᠩᠰᠢᠯ᠂ ᠤᠯᠠᠮᠵᠢᠯᠠᠯ ᠢᠶᠠᠨ ᠥᠪᠯᠡᠭᠦᠯᠬᠦ᠂ ᠲᠦᠭᠡᠭᠡᠨ ᠳᠡᠯᠭᠡᠷᠡᠭᠦᠯᠬᠦ᠂ ᠡᠬᠡ ᠣᠷᠤᠨ ᠢᠶᠠᠨ ᠰᠤᠷᠲᠠᠯᠴᠢᠯᠠᠨ ᠲᠠᠨᠢᠭᠤᠯᠬᠤ ᠵᠡᠷᠭᠡ ᠳᠥ ᠠᠩᠬᠠᠷᠴᠤ ᠠᠵᠢᠯᠯᠠᠬᠤ ᠢᠢ ᠡᠭᠦᠷᠭᠡ ᠪᠣᠯᠭᠠᠯ᠎ᠠ᠃
ᠮᠥᠨ ᠮᠣᠩ᠋ᠭᠤᠯ ᠢᠷᠭᠡᠳ ᠦᠨ ᠢᠶᠡᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠵᠤ᠂ ᠪᠣᠯᠤᠮᠵᠢᠲᠤ ᠪᠦᠬᠦ ᠬᠡᠯᠪᠡᠷᠢ ᠪᠡᠷ ᠳᠡᠮᠵᠢᠵᠦ ᠪᠠᠢᠢᠬᠤ ᠢᠢ ᠣᠨᠴᠠᠭᠠᠢᠢᠯᠠᠨ ᠵᠠᠬᠢᠯ᠎ᠠ᠃



