Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠰᠠᠯᠪᠤᠷᠢ ᠬᠤᠷᠠᠯᠳᠤᠭᠠᠨ ᠳᠤ ᠣᠷᠣᠯᠴᠠᠯ᠎ᠠ

ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠᠨ᠎ᠠ ᠪᠣᠯᠵᠤ ᠪᠤᠢ ᠳᠣᠷᠣᠨ᠎ᠠ ᠢᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠬᠣᠶᠠᠷ ᠳ᠋ᠠᠬᠢ ᠡᠳᠦᠷ ᠢᠶᠡᠨ ᠦᠷᠭᠦᠯᠵᠢᠯᠡᠵᠦ ᠪᠠᠢᠢᠨ᠎ᠠ᠃

 

ᠴᠢᠭᠤᠯᠭᠠᠨ ᠤ ᠬᠦᠷᠢᠶᠡᠨ ᠳᠥ ᠰᠠᠯᠪᠤᠷᠢ ᠬᠤᠷᠠᠯᠳᠤᠭᠠᠨ ᠨᠤᠭᠤᠳ ᠡᠬᠢᠯᠡᠵᠦ᠂ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠪᠡᠶ᠎ᠡ ᠲᠥᠯᠥᠭᠡᠯᠡᠭᠴᠢ ᠲ ∙ ᠳᠠᠭᠪᠠᠳᠣᠷᠵᠢ 《ᠳᠡᠯᠡᠬᠡᠢ ᠢᠢᠨ ᠰᠫᠣᠷᠲ᠄ ᠲᠣᠺᠢᠣ᠋-2020᠂ ᠪᠡᠭᠡᠵᠢᠩ-2022 ᠰᠫᠣᠷᠲ ᠤᠨ ᠨᠠᠭᠠᠳᠤᠮ ᠤᠨ ᠡᠮᠦᠨᠡᠬᠢ ᠠᠽᠢᠶ᠎ᠠ᠂ ᠨᠣᠮᠣᠬᠠᠨ ᠳᠠᠯᠠᠢ ᠢᠢᠨ ᠪᠥᠰᠡ ᠨᠤᠲᠤᠭ ᠤᠨ ᠳᠦᠷᠢ ᠵᠢᠷᠤᠭ》 ᠰᠡᠳᠦᠪᠲᠦ ᠰᠠᠯᠪᠤᠷᠢ ᠬᠤᠷᠠᠯᠳᠤᠭᠠᠨ ᠳᠤ ᠣᠷᠣᠯᠴᠠᠯ᠎ᠠ᠃

 

ᠮᠥᠨ ᠡᠨᠡ ᠬᠤᠷᠠᠯᠳᠤᠭᠠᠨ ᠳᠤ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠨᠳᠦᠲᠦ ᠵᠣᠴᠢᠨ ᠢᠶᠠᠷ ᠣᠷᠣᠯᠴᠠᠵᠤ᠂ ᠬᠤᠷᠠᠯᠳᠤᠭᠠᠨ ᠤ ᠨᠡᠭᠡᠭᠡᠯᠲᠡ ᠢᠢᠨ ᠦᠶ᠎ᠡ ᠪᠡᠷ 2020 ᠣᠨ ᠳᠤ ᠮᠣᠩᠭ᠋ᠣᠯ ᠤᠯᠤᠰ ᠲᠤ ᠠᠽᠢ ᠢᠢᠨ ᠬᠡᠦᠬᠡᠳ ᠦᠨ ᠶᠡᠬᠡ ᠨᠠᠭᠠᠳᠤᠮ ᠪᠣᠯᠬᠤ ᠲᠠᠯ᠎ᠠ ᠪᠠᠷ ᠲᠠᠨᠢᠯᠴᠠᠭᠤᠯᠵᠤ᠂ ᠤᠯᠤᠰ ᠣᠷᠣᠨ ᠨᠤᠭᠤᠳ ᠢ ᠬᠠᠮᠲᠤᠷᠠᠨ ᠠᠵᠢᠯᠯᠠᠬᠤ ᠢᠢ ᠤᠷᠢᠶᠠᠯᠠᠪᠠ᠃

 

ᠲᠤᠬᠠᠢᠢᠯᠠᠪᠠᠯ᠂ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠳᠣᠷᠣᠨ᠎ᠠ ᠢᠢᠨ ᠡᠳ᠋ ᠍ ᠦᠨ ᠵᠠᠰᠠᠭ ᠤᠨ ᠠᠭᠤᠯᠵᠠᠯᠲᠠ ᠢᠢᠨ ᠦᠶ᠎ᠡ ᠪᠡᠷ ᠰᠫᠣᠷᠲ ᠤᠨ ᠠᠰᠠᠭᠤᠳᠠᠯ ᠢ ᠴᠤ ᠣᠷᠬᠢᠭᠳᠠᠭᠤᠯᠤᠯ ᠦᠭᠡᠢ ᠶᠠᠷᠢᠵᠤ ᠪᠠᠢᠢᠭ᠎ᠠ ᠳᠤ ᠪᠠᠶᠠᠷᠲᠠᠢ ᠪᠠᠢᠢᠨ᠎ᠠ᠃ 2020 ᠣᠨ ᠳᠤ ᠤᠯᠠᠭᠠᠨᠪᠠᠭᠠᠲᠤᠷ ᠬᠣᠲᠠ ᠳᠤ ᠠᠽᠢ ᠢᠢᠨ ᠬᠡᠦᠬᠡᠳ ᠦᠨ ᠶᠡᠬᠡ ᠨᠠᠭᠠᠳᠤᠮ ᠪᠣᠯᠬᠤ ᠭᠡᠵᠦ ᠪᠠᠢᠢᠭ᠎ᠠ᠃ ᠪᠢᠳᠡ ᠡᠨᠡᠬᠦ ᠲᠣᠮᠣᠬᠠᠨ ᠰᠫᠣᠷᠲ ᠤᠨ ᠨᠠᠭᠠᠳᠤᠮ ᠢ ᠠᠩᠬ᠎ᠠ ᠤᠳᠤᠭ᠎ᠠ ᠪᠠᠨ ᠵᠣᠬᠢᠶᠠᠨ ᠪᠠᠢᠢᠭᠤᠯᠬᠤ ᠭᠡᠵᠦ ᠪᠠᠢᠢᠭ᠎ᠠ ᠤᠴᠢᠷ ᠠᠴᠠ ᠲᠠ ᠪᠦᠬᠦᠨ ᠢ ᠬᠠᠮᠲᠤᠷᠠᠨ ᠠᠵᠢᠯᠯᠠᠬᠤ ᠢᠢ ᠤᠷᠢᠶᠠᠯᠠᠵᠤ ᠪᠠᠢᠢᠨ᠎ᠠ》 ᠭᠡᠰᠡᠨ ᠶᠤᠮ᠃

 

ᠦᠷᠭᠦᠯᠵᠢᠯᠡᠭᠦᠯᠦᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠪᠡᠶ᠎ᠡ ᠲᠥᠯᠥᠭᠡᠯᠡᠭᠴᠢ ᠲ ∙ ᠳᠠᠭᠪᠠᠳᠣᠷᠵᠢ ᠠᠽᠢ ᠢᠢᠨ ᠬᠡᠦᠬᠡᠳ ᠦᠨ ᠶᠡᠬᠡ ᠨᠠᠭᠠᠳᠤᠮ ᠤᠨ ᠲᠠᠯ᠎ᠠ ᠪᠠᠷ ᠳᠡᠯᠭᠡᠷᠡᠩᠭᠦᠢ ᠮᠡᠳᠡᠭᠡᠯᠡᠯ ᠥᠭᠴᠦ᠂ ᠪᠤᠰᠤᠳ ᠠᠰᠠᠭᠤᠳᠠᠯ ᠢᠶᠠᠷ ᠶᠠᠷᠢᠯᠴᠠᠯ᠎ᠠ᠃