ᠮᠣᠩ᠋ᠭᠣᠯ ᠴᠡᠷᠢᠭ ᠦᠨ ᠡᠳᠦᠷ᠂ ᠣᠷᠴᠢᠨ ᠴᠠᠭ ᠤᠨ ᠵᠡᠪᠰᠡᠭᠲᠦ ᠬᠦᠴᠦᠨ ᠡᠭᠦᠰᠴᠦ ᠬᠥᠭ᠍ᠵᠢᠭᠰᠡᠨ ᠦ ᠲᠡᠦᠬᠡᠲᠦ ᠑᠐᠕ ᠵᠢᠯ ᠦᠨ ᠣᠢ ᠢᠢᠨ ᠪᠠᠶᠠᠷ ᠤᠨ ᠬᠤᠷᠠᠯ ᠰᠣᠶᠤᠯ ᠤᠨ ᠲᠥᠪ ᠥᠷᠭᠦᠭᠡᠨ ᠳᠥ ᠪᠣᠯᠤᠯ᠎ᠠ᠃
ᠬᠤᠷᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠤᠬᠤᠨ᠎ᠠ ᠢᠢᠨ ᠬᠦᠷᠡᠯᠰᠦ᠋ᠬᠡ ᠣᠷᠤᠯᠴᠠᠨ ᠦᠶ᠎ᠡ ᠦᠶ᠎ᠡ ᠢᠢᠨ ᠡᠬᠡ ᠣᠷᠤᠨᠴᠢᠳ᠂ ᠠᠬᠠᠮᠠᠳ ᠳᠠᠢᠢᠴᠢᠳ᠂ ᠪᠠᠲᠤᠯᠠᠨ ᠬᠠᠮᠠᠭᠠᠯᠠᠬᠤ ᠰᠠᠯᠪᠤᠷᠢ᠂ ᠵᠡᠪᠰᠡᠭᠲᠦ ᠬᠦᠴᠦᠨ᠂ ᠲᠥᠷᠦ ᠢᠢᠨ ᠴᠡᠷᠢᠭ ᠦᠨ ᠪᠠᠢᠢᠭᠤᠯᠤᠯᠭ᠎ᠠ ᠢᠢᠨ ᠨᠡᠢᠢᠲᠡ ᠪᠡᠶ᠎ᠡ ᠪᠦᠷᠢᠯᠳᠦᠬᠦᠨ ᠳᠥ ᠪᠠᠶᠠᠷ ᠬᠦᠷᠭᠡᠵᠦ᠂ ᠲᠠᠯᠠᠷᠬᠠᠯ ᠢᠯᠡᠷᠬᠡᠢᠢᠯᠡᠯ᠎ᠡ᠃
ᠮᠥᠨ ᠲᠡᠳᠡᠨ ᠦ ᠨᠠᠢᠢᠳᠠᠪᠤᠷᠢᠲᠠᠶ ᠠᠷᠤ ᠲᠠᠯ᠎ᠠ ᠪᠣᠯᠳᠠᠭ ᠭᠡᠷ ᠪᠦᠯᠢ᠂ ᠦᠷ᠎ᠡ ᠬᠡᠦᠬᠡᠳ ᠦᠳ ᠲᠥ ᠡᠷᠡᠭᠦᠯ ᠡᠩᠬᠡ᠂ ᠠᠵᠠ ᠵᠢᠷᠭᠠᠯ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠯ᠎ᠡ᠃
ᠮᠣᠩ᠋ᠭᠣᠯ ᠴᠡᠷᠢᠭ ᠦᠨ ᠡᠳᠦᠷ ᠪᠣᠯ ᠡᠬᠡ ᠣᠷᠤᠨ ᠢᠶᠠᠨ ᠪᠠᠲᠤᠯᠠᠨ ᠬᠠᠮᠠᠭᠠᠯᠠᠵᠤ ᠶᠠᠪᠤᠭ᠎ᠠ ᠴᠡᠷᠢᠭ ᠡᠷᠡᠰ᠂ ᠤᠯᠤᠰ ᠤᠨ ᠢᠶᠠᠨ ᠲᠥᠯᠦᠭᠡ ᠬᠠᠯᠠᠭᠤᠨ ᠠᠮᠢ᠂ ᠪᠦᠯᠢᠶᠡᠨ ᠴᠢᠰᠤ ᠪᠠᠨ ᠦᠯᠦ ᠬᠠᠢᠢᠷᠠᠯᠠᠨ ᠲᠡᠮᠡᠴᠡᠭᠰᠡᠨ ᠡᠪᠦᠭᠡ ᠳᠡᠭᠡᠳᠦᠰ᠂ ᠰᠤᠤᠲᠤ ᠵᠠᠩᠵᠤᠨ ᠨᠤᠭᠤᠳ᠂ ᠠᠬᠠᠮᠠᠳ ᠳᠠᠢᠢᠴᠢᠳ ᠤᠨ ᠠᠯᠳᠠᠷ ᠭᠠᠪᠢᠶ᠎ᠠ᠂ ᠦᠢᠯᠡ ᠬᠡᠷᠡᠭ ᠢ ᠳᠤᠷᠠᠰᠬᠤ᠂ ᠰᠤᠷᠲᠠᠯᠴᠢᠯᠠᠨ ᠲᠠᠨᠢᠭᠤᠯᠬᠤ᠂ ᠠᠯᠳᠠᠷᠰᠢᠭᠤᠯᠤᠨ ᠲᠡᠮᠳᠡᠭᠯᠡᠬᠦ ᠤᠴᠢᠷ ᠲᠠᠶ ᠪᠠᠬᠠᠷᠬᠠᠯ-ᠬᠦᠨᠳᠦᠳᠬᠡᠯ ᠦᠨ ᠡᠳᠦᠷ ᠭᠡᠳᠡᠭ ᠢ ᠬᠡᠯᠡᠯ᠎ᠡ᠃
ᠵᠡᠪᠰᠡᠭᠲᠦ ᠬᠦᠴᠦᠨ ᠦ ᠨᠢᠭᠡᠨ ᠵᠠᠭᠤᠨ ᠤ ᠬᠥᠭ᠍ᠵᠢᠯ᠂ ᠰᠢᠨᠡᠴᠢᠯᠡᠯ ᠨᠢ ᠳᠠᠢᠢᠴᠢᠨ ᠤᠯᠠᠮᠵᠢᠯᠠᠯ ᠢᠶᠠᠨ ᠳᠡᠭᠡᠳᠦᠯᠡᠭᠰᠡᠨ ᠦᠶ᠎ᠡ ᠦᠶ᠎ᠡ ᠢᠢᠨ ᠠᠯᠪᠠ ᠬᠠᠭᠠᠭᠴᠢᠳ ᠤᠨ ᠬᠢᠴᠢᠶᠡᠯ ᠵᠢᠳᠬᠦᠯ᠂ ᠤᠷ᠎ᠠ ᠴᠢᠳᠠᠪᠤᠷᠢ᠂ ᠲᠥᠷᠦ ᠢᠢᠨ ᠪᠠᠲᠤᠯᠠᠨ ᠬᠠᠮᠠᠭᠠᠯᠠᠬᠤ ᠲᠣᠭᠲᠠᠪᠤᠷᠢᠲᠠᠶ ᠪᠣᠳᠤᠯᠭ᠎ᠠ᠂ ᠴᠡᠷᠢᠭ᠂ ᠠᠷᠠᠳ ᠲᠦᠮᠡᠨ ᠦ ᠪᠠᠲᠤ ᠪᠥᠬᠡ ᠢᠲᠡᠭᠡᠯᠴᠡᠯ ᠳᠥ ᠲᠤᠯᠭᠠᠭᠤᠷᠢᠯᠠᠵᠤ ᠢᠷᠡᠭᠰᠡᠨ ᠢ ᠣᠨᠴᠠᠯᠠᠪᠠ᠃
ᠣᠷᠴᠢᠨ ᠴᠠᠭ ᠤᠨ ᠵᠡᠪᠰᠡᠭᠲᠦ ᠬᠦᠴᠦᠨ ᠳᠠᠢᠢᠨ ᠤ ᠵᠢᠯ ᠦᠳ ᠲᠥ ᠡᠬᠡ ᠣᠷᠤᠨ ᠢᠶᠠᠨ ᠬᠠᠮᠠᠭᠠᠯᠠᠨ ᠲᠡᠮᠡᠴᠡᠵᠦ᠂ ᠡᠩᠬᠡ ᠴᠠᠭ ᠤᠨ ᠪᠦᠲᠦᠭᠡᠨ ᠪᠠᠢᠢᠭᠤᠯᠤᠯᠲᠠ ᠳᠤ ᠮᠠᠩᠯᠠᠢᠢᠯᠠᠨ᠂ ᠭᠠᠮᠰᠢᠭ᠂ ᠣᠰᠤᠯ ᠤᠨ ᠭᠣᠯᠤᠮᠲᠠ ᠳᠤ ᠬᠦᠮᠦᠨ ᠠᠷᠠᠳ ᠤᠨ ᠢᠶᠠᠨ ᠠᠮᠢ ᠨᠠᠰᠤ᠂ ᠡᠷᠡᠭᠦᠯ ᠮᠡᠨᠳᠦ᠂ ᠡᠳ᠋ ᠬᠥᠷᠦᠩ᠋ᠭᠡ ᠢᠢ ᠠᠪᠤᠷᠠᠨ ᠬᠠᠮᠠᠭᠠᠯᠠᠵᠤ᠂ ᠢᠷᠡᠭᠡᠳᠦᠢ ᠬᠣᠢᠢᠴᠢᠳ ᠢᠶᠠᠨ ᠡᠬᠡ ᠣᠷᠤᠨᠴᠢ ᠦᠵᠡᠯ᠂ ᠡᠷᠳᠡᠮ ᠮᠡᠳᠡᠯᠭᠡ ᠢᠢ ᠲᠦᠭᠡᠭᠡᠨ ᠳᠡᠯᠭᠡᠷᠡᠭᠦᠯᠬᠦ ᠡᠬᠢ ᠤᠨᠳᠤᠷᠭ᠎ᠠ᠂ ᠠᠶᠤᠯ ᠦᠭᠡᠢ ᠪᠠᠢᠢᠳᠠᠯ ᠤᠨ ᠪᠠᠲᠤᠯᠠᠭ᠎ᠠ ᠨᠢ ᠪᠣᠯᠵᠤ ᠢᠷᠡᠭᠰᠡᠨ ᠢ ᠲᠥᠷᠦ᠂ ᠵᠠᠰᠠᠭ᠂ ᠠᠷᠠᠳ ᠲᠦᠮᠡᠨ ᠢᠮᠠᠭᠲᠠ ᠲᠠᠯᠠᠷᠬᠠᠨ ᠳᠤᠷᠠᠰᠬᠤ ᠤᠴᠢᠷ ᠲᠠᠶ ᠢᠢ ᠬᠡᠯᠡᠯ᠎ᠡ᠃

ᠴᠢᠨᠠᠭᠰᠢᠳᠠ ᠲᠥᠷᠦ ᠢᠢᠨ ᠴᠡᠷᠢᠭ ᠦᠨ ᠰᠢᠨᠡᠴᠢᠯᠡᠯ ᠦᠨ ᠪᠣᠳᠤᠯᠭ᠎ᠠ ᠢᠢ ᠡᠷᠴᠢᠮᠵᠢᠭᠦᠯᠵᠦ᠂ ᠡᠭᠦᠷᠭᠡ ᠭᠦᠢᠴᠡᠳᠬᠡᠬᠦ ᠴᠢᠳᠠᠪᠬᠢ᠂ ᠪᠡᠯᠡᠨ ᠪᠠᠢᠢᠳᠠᠯ ᠢᠶᠠᠨ ᠪᠠᠢᠢᠩ᠋ᠭᠤ ᠬᠠᠩ᠋ᠭᠠᠨ᠂ ᠮᠡᠷᠭᠡᠵᠢᠯ ᠦᠨ ᠴᠡᠷᠢᠭ ᠲᠥ ᠰᠠᠭᠤᠷᠢᠯᠠᠭᠰᠠᠨ ᠴᠢᠳᠠᠪᠤᠷᠢᠯᠢᠭ᠋ ᠵᠡᠪᠰᠡᠭᠲᠦ ᠬᠦᠴᠦᠨ ᠢ ᠪᠡᠬᠢᠵᠢᠭᠦᠯᠵᠦ᠂ ᠦᠨᠳᠦᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ ᠨᠢᠭᠡᠳᠦᠮᠡᠯ ᠲᠣᠭᠲᠠᠯᠴᠠᠭ᠎ᠠ ᠢᠢ ᠪᠦᠷᠢᠳᠦᠭᠦᠯᠬᠦ ᠳᠥ ᠠᠩᠬᠠᠷᠴᠤ᠂ ᠠᠬᠢᠴᠠ᠂ ᠦᠷ᠎ᠡ ᠳ᠋ᠦᠩ ᠭᠠᠷᠭᠠᠨ᠎ᠠ ᠭᠡᠳᠡᠭ ᠲᠥ ᠢᠲᠡᠭᠡᠯᠲᠡᠶ ᠪᠠᠢᠢᠭ᠎ᠠ ᠪᠠᠨ ᠢᠯᠡᠷᠬᠡᠢᠢᠯᠡᠯ᠎ᠡ᠃
ᠰᠡᠭᠦᠯ ᠦᠨ ᠒᠐ ᠭᠠᠷᠤᠢ ᠵᠢᠯ ᠦᠨ ᠬᠤᠭᠤᠴᠠᠭᠠᠨ ᠳᠤ ᠮᠣᠩ᠋ᠭᠤᠯ ᠴᠡᠷᠢᠭ ᠡᠷᠡᠰ ᠳᠠᠶᠠᠩ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠥᠯᠦᠭᠡᠬᠢ ᠦᠢᠯᠡ ᠬᠡᠷᠡᠭ ᠲᠥ ᠣᠷᠤᠯᠴᠠᠨ «ᠳᠡᠯᠡᠬᠡᠢ ᠢᠢᠨ ᠴᠡᠷᠢᠭ» ᠪᠣᠯᠤᠭᠰᠠᠨ ᠢ ᠣᠨᠴᠠᠯᠠᠨ ᠲᠡᠮᠳᠡᠭᠯᠡᠯ᠎ᠡ᠃
᠒᠓ ᠮᠢᠩ᠋ᠭ᠎ᠠ ᠭᠠᠷᠤᠢ ᠴᠡᠩᠬᠡᠷ ᠳᠤᠭᠤᠯᠠᠭᠠᠲᠠᠨ ᠨᠢ᠊ ᠦ᠊ ᠪᠠᠢᠢᠭᠤᠯᠤᠯᠭ᠎ᠠ ᠢᠢᠨ ᠡᠩᠬᠡ ᠢᠢ ᠰᠠᠬᠢᠭᠤᠯᠬᠤ ᠠᠵᠢᠯᠯᠠᠭᠠᠨ ᠳᠤ ᠡᠭᠦᠷᠭᠡ ᠭᠦᠢᠴᠡᠳᠬᠡᠵᠦ᠂ ᠬᠣᠰᠢᠭᠤᠴᠢ ᠭᠧᠨᠧᠷᠠᠯ ᠪᠠ᠊·ᠡᠷᠳᠡᠨᠢᠪᠠᠲᠤ ᠻᠢᠫᠷ ᠤᠯᠤᠰ ᠳ᠋ᠠᠬᠢ ᠴᠡᠷᠢᠭ ᠦᠨ ᠬᠦᠴᠦᠨ ᠦ ᠻᠣᠮᠠᠨ᠋ᠳ᠋᠋ᠯᠠᠭᠴᠢ ᠪᠠᠷ ᠲᠣᠮᠢᠯᠠᠭᠳᠠᠨ ᠠᠵᠢᠯᠯᠠᠭᠰᠠᠨ ᠨᠢ ᠡᠭᠦᠨ ᠦ ᠨᠢᠭᠡ ᠲᠣᠳᠤ ᠢᠯᠡᠷᠡᠯ ᠭᠡᠳᠡᠭ ᠢ ᠬᠡᠯᠡᠯ᠎ᠡ᠃

ᠲᠥᠷᠦ ᠢᠢᠨ ᠴᠡᠷᠢᠭ ᠦᠨ ᠪᠠᠢᠢᠭᠤᠯᠤᠯᠭ᠎ᠠ ᠨᠤᠭᠤᠳ «ᠬᠦᠨᠡᠰᠦᠨ ᠦ ᠬᠤᠪᠢᠰᠬᠠᠯ»᠂ «ᠲᠡᠷᠪᠤᠮ ᠮᠣᠳᠤ»᠂ «ᠡᠷᠡᠭᠦᠯ ᠮᠣᠩ᠋ᠭᠤᠯ ᠬᠦᠮᠦᠨ»᠂ «ᠡᠬᠡ ᠣᠷᠤᠨᠴᠢ ᠮᠣᠩ᠋ᠭᠤᠯ» ᠦᠨᠳᠦᠰᠦᠨ ᠦ ᠬᠥᠳᠡᠯᠭᠡᠭᠡᠨ ᠳᠥ ᠢᠳᠡᠪᠬᠢᠲᠡᠢ ᠣᠷᠤᠯᠴᠠᠵᠤ᠂ ᠤᠯᠤᠰ ᠣᠷᠤᠨ ᠤ ᠠᠶᠤᠯ ᠦᠭᠡᠢ ᠪᠠᠢᠢᠳᠠᠯ᠂ ᠬᠥᠭ᠍ᠵᠢᠯ ᠳᠡᠪᠰᠢᠯ᠂ ᠮᠣᠩ᠋ᠭᠤᠯ ᠬᠦᠮᠦᠨ ᠦ ᠠᠮᠢᠳᠤᠷᠠᠯ ᠤᠨ ᠴᠢᠨᠠᠷ ᠢ ᠰᠠᠢᠢᠵᠢᠷᠠᠭᠤᠯᠬᠤ ᠳᠤ ᠴᠢᠭᠯᠡᠭᠰᠡᠨ ᠲᠥᠷᠦ ᠢᠢᠨ ᠪᠣᠳᠤᠯᠭ᠎ᠠ ᠢᠢ ᠬᠡᠷᠡᠭᠵᠢᠭᠦᠯᠬᠦ ᠳᠥ ᠮᠠᠩᠯᠠᠢᠢᠯᠠᠨ ᠠᠵᠢᠯᠯᠠᠵᠤ ᠪᠠᠢᠢᠭ᠎ᠠ ᠢᠢ ᠲᠡᠮᠳᠡᠭᠯᠡᠪᠡ᠃
ᠨᠡᠢᠢᠲᠡ ᠪᠡᠶ᠎ᠡ ᠪᠦᠷᠢᠯᠳᠦᠬᠦᠨ ᠴᠢᠨᠠᠭᠰᠢᠳᠠ ᠲᠥᠷᠦ ᠢᠢᠨ ᠪᠣᠯᠤᠨ ᠴᠡᠷᠢᠭ ᠦᠨ ᠠᠯᠪᠠᠨ ᠤ ᠦᠨᠡᠯᠡᠮᠵᠢ᠂ ᠨᠡᠷ᠎ᠡ ᠬᠦᠨᠳᠦ ᠢᠢ ᠥᠨᠳᠦᠷ ᠲᠥ ᠡᠷᠭᠦᠨ᠂ ᠮᠡᠳᠡᠯᠭᠡ᠂ ᠪᠣᠯᠪᠠᠰᠤᠷᠠᠯ᠂ ᠤᠷ᠎ᠠ ᠴᠢᠳᠠᠪᠤᠷᠢ ᠪᠠᠷ ᠢᠶᠠᠨ ᠮᠠᠩᠯᠠᠢᠢᠯᠠᠨ᠂ ᠠᠯᠢᠪᠠ ᠠᠶᠤᠯ ᠲᠠᠶ ᠲᠡᠮᠡᠴᠡᠬᠦ ᠦᠨᠳᠦᠰᠦᠨ ᠦ ᠴᠢᠳᠠᠮᠵᠢ ᠢᠢ ᠨᠡᠮᠡᠭᠳᠡᠭᠦᠯᠬᠦ᠂ ᠡᠭᠦᠷᠭᠡ ᠭᠦᠢᠴᠡᠳᠬᠡᠬᠦ ᠴᠢᠳᠠᠪᠬᠢ᠂ ᠪᠡᠯᠡᠨ ᠪᠠᠢᠢᠳᠠᠯ ᠢᠶᠠᠨ ᠳᠡᠭᠡᠭ᠍ᠰᠢᠯᠠᠭᠦᠯᠬᠦ ᠢᠢᠨ ᠲᠥᠯᠦᠭᠡ ᠬᠦᠴᠦᠨ ᠵᠢᠳᠬᠦᠨ᠎ᠡ ᠭᠡᠳᠡᠭ ᠲᠥ ᠢᠲᠡᠭᠡᠯ ᠲᠡᠭᠦᠰ ᠪᠠᠢᠢᠭ᠎ᠠ ᠪᠠᠨ ᠢᠯᠡᠷᠬᠡᠢᠢᠯᠡᠪᠡ᠃


ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠤ·ᠬᠦᠷᠡᠯᠰᠦ᠋ᠬᠡ ᠮᠥᠨ ᠬᠠᠯᠬ ᠠ ᠢᠢᠨ ᠭᠣᠣᠯ ᠤᠨ ᠳᠠᠢᠢᠨ᠂ ᠴᠢᠯᠦᠭᠡᠯᠡᠬᠦ ᠳᠠᠢᠢᠨ ᠳᠤ ᠣᠷᠤᠯᠴᠠᠨ ᠡᠬᠡ ᠣᠷᠤᠨ ᠤ ᠪᠠᠨ ᠲᠥᠯᠦᠭᠡ ᠠᠮᠢ ᠪᠡᠶ᠎ᠡ ᠪᠡᠨ ᠦᠯᠦ ᠬᠠᠢᠢᠷᠠᠯᠠᠨ ᠲᠡᠮᠡᠴᠡᠵᠦ ᠶᠠᠪᠤᠭᠰᠠᠨ ᠠᠬᠠᠮᠠᠳ ᠳᠠᠢᠢᠴᠢᠳ᠂ ᠲᠡᠳᠡᠨ ᠦ ᠭᠡᠷ ᠪᠦᠯᠢ᠂ ᠦᠷ᠎ᠡ ᠬᠡᠦᠬᠡᠳ ᠦᠳ ᠲᠥ ᠲᠥᠷᠦ ᠢᠢᠨ ᠨᠡᠷ᠎ᠡ ᠢᠢᠨ ᠡᠮᠦᠨ᠎ᠡ ᠡᠴᠡ ᠲᠠᠯᠠᠷᠬᠠᠯ ᠢᠯᠡᠷᠬᠡᠢᠢᠯᠡᠵᠦ᠂ ᠬᠦᠨᠳᠦᠳᠬᠡᠯ ᠦᠵᠡᠭᠦᠯᠦᠯ᠎ᠡ᠃
ᠪᠠᠶᠠᠷ ᠤᠨ ᠬᠤᠷᠠᠯ ᠳᠤ ᠪᠠᠲᠤᠯᠤᠨ ᠬᠠᠮᠠᠭᠠᠯᠠᠬᠤ ᠢᠢᠨ ᠰᠠᠢᠢᠳ ᠳᠠ᠊·ᠪᠠᠲᠤᠯᠤᠲᠤ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠳᠡᠰᠯᠡᠭᠴᠢ ᠭᠧᠨᠧᠷᠠᠯ ᠰ·ᠭᠠᠩᠪᠢᠮᠪᠠ ᠪᠣᠯᠤᠨ ᠪᠠᠲᠤᠯᠤᠨ ᠬᠠᠮᠠᠭᠠᠯᠠᠬᠤ ᠶᠠᠮᠤ᠂ ᠵᠡᠪᠰᠡᠭᠲᠦ ᠬᠦᠴᠦᠨ ᠦ ᠵᠠᠩᠵᠤᠨ ᠱᠲ᠋ᠠᠪ᠂ ᠲᠥᠷᠦᠯ ᠦᠨ ᠴᠡᠷᠢᠭ ᠦᠨ ᠻᠣᠮᠠᠨ᠋ᠳ᠋᠋ᠯᠠᠯ᠂ ᠤᠳᠤᠷᠢᠳᠬᠤ ᠪᠡᠶ᠎ᠡ ᠪᠦᠷᠢᠯᠳᠦᠬᠦᠨ᠂ ᠠᠬᠠᠮᠠᠳ ᠳᠠᠢᠢᠴᠢᠳ᠂ ᠭᠧᠨᠧᠷᠠᠯ᠂ ᠣᠹᠢᠼᠧᠷ᠂ ᠠᠬᠠᠯᠠᠭᠴᠢ᠂ ᠲᠦᠷᠦᠭᠦᠴᠢ᠂ ᠪᠠᠢᠢᠯᠳᠤᠭᠴᠢ᠂ ᠰᠣᠨᠤᠰᠤᠭᠴᠢᠳ ᠤᠨ ᠲᠥᠯᠦᠭᠡᠯᠡᠯ ᠣᠷᠤᠯᠴᠠᠯ᠎ᠠ᠃







