Та "Internet explorer"-ийн сүүлийн хувилбар болох "Microsoft edge"-г ашиглана уу

Хэрэв "Microsoft edge"-г татах бол энд дарж татаж авна уу

«ᠵᠠᠪᠬᠠᠨ ᠪᠠᠶᠠᠯᠢᠭ» ᠬᠤ᠊ ᠻᠣᠮᠫᠠᠨᠢ «ᠬᠦᠨᠡᠰᠦᠨ ᠦ ᠬᠤᠪᠢᠰᠬᠠᠯ» ᠤᠨ ᠦᠷ᠎ᠡ ᠳ᠋ᠦᠩ ᠳᠥ ᠰᠠᠪᠠᠯᠠᠭᠠᠨ ᠤ ᠱᠤᠭᠤᠮ᠂ ᠲᠣᠨᠤᠭ ᠲᠥᠬᠦᠭᠡᠷᠦᠮᠵᠢ ᠪᠡᠨ ᠰᠢᠨᠡᠴᠢᠯᠠᠵᠡᠶ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠪᠬᠠᠨ ᠠᠢᠢᠮᠠᠭ ᠤᠨ ᠤᠯᠢᠶᠠᠰᠤᠲᠠᠢ ᠬᠣᠲᠠ ᠳᠤ ᠦᠢᠯᠡ ᠠᠵᠢᠯᠯᠠᠭ᠎ᠠ ᠶᠠᠪᠤᠭᠤᠯᠳᠠᠭ «ᠵᠠᠪᠬᠠᠨ ᠪᠠᠶᠠᠯᠢᠭ» ᠬᠤᠪᠢᠴᠠᠭᠠᠲᠤ ᠻᠣᠮᠫᠠᠨᠢ ᠳᠤ ᠠᠵᠢᠯᠯᠠᠯ᠎ᠠ᠃

«ᠵᠠᠪᠬᠠᠨ ᠪᠠᠶᠠᠯᠢᠭ» ᠬᠦᠨᠡᠰᠦᠨ ᠦ ᠦᠢᠯᠡᠳᠪᠦᠷᠢ ᠑᠙᠒᠕ ᠣᠨ ᠳᠤ ᠠᠩᠬ᠎ᠠ ᠠᠷᠢᠬᠢᠨ ᠤ ᠬᠣᠷᠢᠶ᠎ᠠ ᠨᠡᠷ᠎ᠡ ᠲᠡᠶ ᠪᠡᠷ ᠪᠠᠢᠢᠭᠤᠯᠤᠭᠳᠠᠭᠰᠠᠨ ᠲᠡᠦᠬᠡ ᠲᠡᠶ᠃ ᠑᠙᠖᠐ ᠣᠨ ᠠᠴᠠ ᠠᠢᠢᠮᠠᠭ ᠤᠨ ᠬᠦᠨᠡᠰᠦᠨ ᠦ ᠬᠠᠩ᠋ᠭᠠᠮᠵᠢ ᠢᠢ ᠰᠢᠢᠳᠬᠦ ᠵᠣᠷᠢᠯᠭ᠎ᠠ ᠪᠠᠷ ᠬᠦᠨᠡᠰᠦᠨ ᠦ ᠢᠵᠢ ᠪᠦᠷᠢᠨ ᠦᠢᠯᠡᠳᠪᠦᠷᠢ ᠪᠣᠯᠤᠨ ᠥᠷᠭᠡᠵᠢᠵᠦ᠂ ᠑᠙᠙᠒ ᠣᠨ ᠠᠴᠠ «ᠵᠠᠪᠬᠠᠨ ᠪᠠᠶᠠᠯᠢᠭ» ᠬᠤ᠊ ᠻᠣᠮᠫᠠᠨᠢ ᠪᠣᠯᠵᠠᠶ᠃

᠑᠐᠐ ᠵᠢᠯ ᠦᠨ ᠲᠡᠦᠬᠡ ᠲᠡᠶ ᠬᠦᠨᠡᠰᠦᠨ ᠦ ᠦᠢᠯᠡᠳᠪᠦᠷᠢ ᠕᠘ ᠨᠡᠷ᠎ᠡ ᠲᠥᠷᠦᠯ ᠦᠨ ᠬᠦᠨᠡᠰᠦᠨ ᠦ ᠪᠦᠲᠦᠭᠡᠭ᠍ᠳᠡᠬᠦᠨ ᠦᠢᠯᠡᠳᠪᠦᠷᠢᠯᠡᠨ᠂ ᠵᠢᠯ ᠳᠥ ᠳᠤᠮᠳᠠᠵᠢ ᠪᠠᠷ ᠒-᠓ ᠲᠡᠷᠪᠤᠮ ᠲᠥᠭᠦᠷᠢᠭ᠌ ᠦᠨ ᠪᠣᠷᠤᠯᠠᠭᠤᠯᠤᠯᠲᠠ ᠬᠢᠵᠦ᠂ ᠒᠐᠐-᠒᠕᠐ ᠰᠠᠶ᠎ᠠ ᠲᠥᠭᠦᠷᠢᠭ᠌ ᠦᠨ ᠲᠠᠲᠠᠪᠤᠷᠢ ᠲᠥᠯᠦᠳᠡᠭ᠃

ᠥᠩ᠋ᠭᠡᠷᠡᠭᠰᠡᠨ ᠣᠨ ᠳᠤ ᠕᠐ ᠲᠣᠨ᠋᠊ᠨ᠋ ᠲᠠᠯᠬ᠎ᠠ᠂ ᠨᠠᠷᠢᠨ ᠪᠣᠣᠪᠤ᠂ ᠕᠐ ᠲᠣᠨ᠋᠊ᠨ᠋ ᠰᠢᠬᠢᠷ᠂ ᠑᠐᠐ ᠲᠣᠨ᠋᠊ᠨ᠋ ᠵᠢᠮᠢᠰ ᠦᠨ ᠰᠢᠭᠦᠰ᠂ ᠤᠮᠳᠠᠭ᠎ᠠ᠂ ᠴᠢᠨᠠᠮᠠᠯ᠂ ᠕ ᠲᠣᠨ᠋᠊ᠨ᠋ ᠴᠠᠢ᠂ ᠑᠂᠐᠐᠐ ᠲᠣᠨ᠋᠊ᠨ᠋ ᠢᠣᠳ᠋ᠵᠢᠭᠤᠯᠤᠭᠰᠠᠨ ᠳᠠᠪᠤᠰᠤ᠂ ᠓᠐᠐ ᠲᠣᠨ᠋᠊ᠨ᠋ ᠴᠡᠪᠡᠷ ᠤᠰᠤ᠂ ᠒᠐᠐ ᠲᠣᠨ᠋᠊ᠨ᠋ ᠠᠷᠢᠬᠢ᠂ ᠳᠠᠷᠠᠰᠤ᠂ ᠯᠢᠻᠢᠶᠣᠷ ᠦᠢᠯᠡᠳᠪᠦᠷᠢᠯᠡᠭᠰᠡᠨ ᠪᠠᠢᠢᠨ᠎ᠠ᠃

«ᠪᠠᠶᠠᠯᠢᠭ» ᠪᠷᠧᠨ᠋ᠳ᠋ ᠦᠨ ᠲᠥᠷᠦᠯ ᠪᠦᠷᠢ ᠢᠢᠨ ᠰᠢᠭᠦᠰ᠂ ᠨᠡᠷᠡᠰ᠂ ᠴᠢᠴᠠᠷᠭᠠᠨ᠎ᠠ ᠢᠢᠨ ᠴᠢᠨᠠᠮᠠᠯ᠂ ᠬᠠᠲᠠᠭᠤ ᠪᠣᠯᠤᠨ ᠰᠠᠮᠤᠷ ᠲᠠᠶ ᠵᠥᠭᠡᠯᠡᠨ ᠰᠢᠬᠢᠷ᠂ ᠲᠡᠷᠡ ᠳᠤᠮᠳᠠ ᠪᠠᠨ ᠵᠠᠪᠬᠠᠨ ᠤ «ᠰᠠᠷᠮᠠᠢ ᠳᠡᠪᠡᠯᠲᠦ» ᠬᠡᠮᠡᠨ ᠠᠯᠳᠠᠷᠰᠢᠭᠰᠠᠨ ᠰᠢᠬᠢᠷ ᠢ ᠭᠠᠷ ᠠᠷᠭ᠎ᠠ ᠪᠠᠷ ᠦᠢᠯᠡᠳᠪᠦᠷᠢᠯᠡᠳᠡᠭ᠃

«ᠬᠦᠨᠡᠰᠦᠨ ᠦ ᠬᠤᠪᠢᠰᠬᠠᠯ» ᠦᠨᠳᠦᠰᠦᠨ ᠦ ᠬᠥᠳᠡᠯᠭᠡᠭᠡᠨ ᠠᠵᠤ ᠠᠬᠤᠢ ᠢᠢᠨ ᠨᠢᠭᠡᠴᠡ ᠨᠤᠭᠦᠳ᠂ ᠲᠡᠷᠡ ᠳᠤᠮᠳᠠ ᠪᠠᠨ ᠣᠷᠤᠨ ᠨᠤᠲᠤᠭ ᠲᠤ ᠦᠢᠯᠡ ᠠᠵᠢᠯᠯᠠᠭ᠎ᠠ ᠶᠠᠪᠤᠭᠤᠯᠳᠠᠭ ᠻᠣᠮᠫᠠᠨᠢ ᠦᠢᠯᠡᠳᠪᠦᠷᠢᠯᠡᠯ ᠦᠨ ᠬᠦᠴᠦᠨ ᠴᠢᠳᠠᠯ ᠢᠶᠠᠨ ᠨᠡᠮᠡᠬᠦ᠂ ᠲᠣᠨᠤᠭ ᠲᠥᠬᠦᠭᠡᠷᠦᠮᠵᠢ ᠪᠡᠨ ᠰᠠᠢᠢᠵᠢᠷᠠᠭᠤᠯᠬᠤ᠂ ᠡᠨᠡ ᠬᠢᠷᠢ ᠪᠡᠷ ᠠᠵᠢᠯ ᠤᠨ ᠪᠠᠢᠢᠷᠢ ᠪᠤᠢ ᠪᠣᠯᠭᠠᠬᠤ ᠪᠣᠯᠤᠮᠵᠢ ᠣᠯᠭᠤᠵᠤ ᠪᠠᠢᠢᠭᠠᠳ ᠻᠣᠮᠫᠠᠨᠢ ᠢᠢᠨ ᠤᠳᠤᠷᠢᠳᠤᠯᠭ᠎ᠠ ᠨᠤᠭᠤᠳ ᠲᠠᠯᠠᠷᠬᠠᠯ ᠢᠯᠡᠷᠬᠡᠢᠢᠯᠡᠯ᠎ᠡ᠃

ᠲᠤᠰ ᠻᠣᠮᠫᠠᠨᠢ ᠥᠩ᠋ᠭᠡᠷᠡᠭᠰᠡᠨ ᠣᠨ ᠳᠤ ᠔᠐᠐ ᠰᠠᠶ᠎ᠠ ᠲᠥᠭᠦᠷᠢᠭ᠌ ᠦᠨ ᠵᠢᠭᠡᠯᠡ ᠠᠪᠴᠤ᠂ ᠰᠠᠪᠠᠯᠠᠭᠠᠨ ᠤ ᠱᠤᠭᠤᠮ ᠪᠣᠯᠤᠨ ᠪᠤᠰᠤᠳ ᠲᠣᠨᠤᠭ ᠲᠥᠬᠦᠭᠡᠷᠦᠮᠵᠢ ᠪᠡᠨ ᠰᠢᠨᠡᠴᠢᠯᠠᠵᠦ ᠪᠠᠢᠢᠨ᠎ᠠ᠃ ᠢᠩ᠋ᠭᠢᠭ᠍ᠰᠡᠨ ᠢᠶᠡᠷ ᠭᠠᠷ ᠠᠵᠢᠯᠯᠠᠭ᠎ᠠ ᠔᠐ ᠬᠤᠪᠢ ᠪᠠᠷ ᠪᠠᠭᠠᠰᠴᠤ᠂ ᠦᠢᠯᠡᠳᠪᠦᠷᠢ ᠢᠢᠨ ᠪᠦᠲᠦᠭᠡᠮᠵᠢ ᠓᠐ ᠬᠤᠪᠢ ᠪᠠᠷ ᠨᠡᠮᠡᠭᠳᠡᠬᠦ ᠶᠤᠮ᠃

᠒᠐᠒᠑ ᠣᠨ ᠳᠤ ᠤᠯᠠᠭᠠᠨᠪᠠᠭᠠᠲᠤᠷ ᠬᠣᠲᠠ ᠳᠤ ᠰᠠᠯᠪᠤᠷᠢ ᠦᠢᠯᠡᠳᠪᠦᠷᠢ ᠪᠡᠨ ᠪᠠᠢᠢᠭᠤᠯᠵᠤ᠂ ᠒᠐᠒᠒ ᠣᠨ ᠳᠤ ᠒·᠕ ᠲᠡᠷᠪᠤᠮ ᠲᠥᠭᠦᠷᠢᠭ᠌ ᠦᠨ ᠬᠥᠷᠦᠩ᠋ᠭᠡ ᠣᠷᠤᠭᠤᠯᠵᠤ ᠬᠦᠨᠡᠰᠦᠨ ᠦ ᠪᠦᠲᠦᠭᠡᠭ᠍ᠳᠡᠬᠦᠨ ᠦ ᠲᠦᠭᠡᠭᠡᠯᠲᠡ᠂ ᠬᠠᠳᠠᠭᠠᠯᠠᠯᠲᠠ ᠢᠢᠨ ᠠᠭᠤᠯᠬᠤ ᠪᠠᠨ ᠪᠠᠷᠢᠵᠠᠶ᠃

ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠠᠢᠢᠭ᠎ᠠ «ᠲᠡᠷᠪᠤᠮ ᠮᠣᠳᠤ» ᠬᠥᠳᠡᠯᠭᠡᠭᠡᠨ ᠦ ᠬᠦᠷᠢᠶᠡᠨ ᠳᠥ ᠬᠥᠳᠡᠯᠮᠦᠷᠢ ᠢᠢᠨ ᠪᠠᠭᠠᠲᠤᠷ᠂ ᠵᠥᠪᠯᠡᠬᠦ ᠯᠠ᠊·ᠶᠦᠷᠠ ᠢᠢᠨ ᠰᠠᠨᠠᠭᠠᠴᠢᠯᠠᠭ᠎ᠠ ᠪᠠᠷ ᠕᠐ ᠮᠢᠩ᠋ᠭᠠᠨ ᠮᠣᠳᠤ ᠪᠦᠬᠦᠢ ᠮᠣᠳᠤ ᠦᠷᠡᠵᠢᠭᠦᠯᠭᠡ᠂ ᠵᠢᠮᠢᠰ ᠵᠢᠮᠢᠰᠬᠡᠨ᠎ᠡ ᠢᠢᠨ ᠠᠵᠤ ᠠᠬᠤᠢ ᠪᠠᠢᠢᠭᠤᠯᠤᠭᠰᠠᠨ᠃ ᠮᠥᠨ ᠵᠠᠪᠬᠠᠨ ᠠᠢᠢᠮᠠᠭ ᠲᠤ ᠲᠠᠷᠢᠵᠤ ᠤᠷᠭᠤᠭᠤᠯᠬᠤ ᠒᠕ ᠰᠠᠶ᠎ᠠ ᠮᠣᠳᠤᠨ ᠤ ᠨᠢᠭᠡ ᠰᠠᠶ᠎ᠠ ᠢᠢ ᠨᠢ ᠲᠠᠷᠢᠬᠤ ᠪᠠᠷ ᠲᠥᠯᠦᠪᠯᠡᠵᠡᠶ᠃

ᠶᠡᠷᠦᠩᠬᠡᠢᠢᠯᠡᠭᠴᠢ ᠤ·ᠬᠦᠷᠡᠯᠰᠦ᠋ᠬᠡ «ᠬᠦᠨᠡᠰᠦᠨ ᠦ ᠬᠤᠪᠢᠰᠬᠠᠯ» ᠳ᠋ᠤ ᠨᠢᠭᠡᠳᠦᠨ᠂ ᠦᠢᠯᠡᠳᠪᠦᠷᠢᠯᠡᠯ ᠡᠷᠬᠢᠯᠡᠵᠦ᠂ ᠣᠷᠤᠨ ᠨᠤᠲᠤᠭ ᠲᠤ ᠪᠠᠨ ᠣᠯᠠᠨ ᠠᠵᠢᠯ ᠤᠨ ᠪᠠᠢᠢᠷᠢ ᠪᠤᠢ ᠪᠣᠯᠭᠠᠨ᠂ ᠲᠠᠲᠠᠪᠤᠷᠢ ᠪᠠᠨ ᠲᠥᠯᠦᠬᠦ ᠢᠢᠨ ᠵᠡᠷᠭᠡᠴᠡᠭᠡ «ᠲᠡᠷᠪᠤᠮ ᠮᠣᠳᠤ» ᠬᠥᠳᠡᠯᠭᠡᠭᠡᠨ ᠳᠥ ᠬᠤᠪᠢ ᠨᠡᠮᠡᠷᠢ ᠪᠡᠨ ᠣᠷᠤᠭᠤᠯᠵᠤ ᠪᠠᠢᠢᠭᠠᠳ ᠨᠢ ᠲᠠᠯᠠᠷᠬᠠᠯ ᠢᠯᠡᠷᠬᠡᠢᠢᠯᠡᠯ᠎ᠡ᠃

«ᠵᠠᠪᠬᠠᠨ ᠪᠠᠶᠠᠯᠢᠭ» ᠬᠤ᠊ ᠻᠣᠮᠫᠠᠨᠢ ᠢᠷᠡᠬᠦ ᠬᠣᠶᠠᠷ ᠵᠢᠯ ᠳᠥ ᠴᠢᠴᠠᠷᠭᠠᠨ᠎ᠠ ᠢᠢᠨ ᠦᠢᠯᠡᠳᠪᠦᠷᠢᠯᠡᠯ ᠢᠶᠡᠨ ᠥᠷᠭᠡᠵᠢᠭᠦᠯᠵᠦ᠂ ᠑᠐᠐ ᠭᠠ ᠳ᠋ᠤ ᠴᠢᠴᠠᠷᠭᠠᠨ᠎ᠠ ᠲᠠᠷᠢᠶᠠᠯᠠᠩ᠂ ᠵᠢᠮᠢᠰ᠂ ᠵᠢᠮᠢᠰᠬᠡᠨ᠎ᠡ ᠢᠢᠨ ᠦᠢᠯᠡᠳᠪᠦᠷᠢᠯᠡᠯ ᠢᠶᠡᠨ ᠕᠐ ᠬᠤᠪᠢ ᠨᠡᠮᠡᠬᠦ ᠶᠤᠮ᠃

ᠻᠣᠮᠫᠠᠨᠢ ᠢᠢᠨ ᠬᠦᠨᠡᠰᠦᠨ ᠦ ᠦᠢᠯᠡᠳᠪᠦᠷᠢ᠂ ᠬᠤᠳᠠᠯᠳᠤᠭ᠎ᠠ᠂ ᠪᠡᠯᠡᠳᠬᠡᠨ ᠨᠡᠢᠢᠯᠡᠭᠦᠯᠦᠯᠲᠡ ᠢᠢᠨ ᠰᠦᠯᠵᠢᠶᠡᠨ ᠳᠥ ᠳᠠᠪᠬᠤᠷᠳᠠᠭᠰᠠᠨ ᠲᠣᠭ᠎ᠠ ᠪᠠᠷ ᠑᠂᠒᠐᠐ ᠭᠠᠷᠤᠢ ᠬᠦᠮᠦᠨ ᠠᠵᠢᠯᠯᠠᠵᠤ ᠪᠠᠢᠢᠨ᠎ᠠ᠃