ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ «ᠬᠦᠨᠡᠰᠦᠨ ᠦ ᠬᠤᠪᠢᠰᠬᠠᠯ» ᠤᠨ ᠬᠦᠷᠢᠶᠡᠨ ᠳᠥ ᠤᠪᠰᠤ ᠠᠢᠢᠮᠠᠭ ᠲᠤ ᠦᠢᠯᠡ ᠠᠵᠢᠯᠯᠠᠭ᠎ᠠ ᠶᠠᠪᠤᠭᠤᠯᠳᠠᠭ ᠠᠵᠤ ᠠᠬᠤᠢ ᠢᠢᠨ ᠨᠢᠭᠡᠴᠡ ᠨᠤᠭᠦᠳ ᠲᠥ ᠠᠵᠢᠯᠯᠠᠯ᠎ᠠ᠃ ᠲᠡᠷᠡ ᠪᠡᠷ ᠠᠷᠠᠳ ᠢᠷᠭᠡᠳ ᠢᠶᠡᠨ ᠡᠷᠡᠭᠦᠯ᠂ ᠠᠶᠤᠯ ᠦᠭᠡᠢ ᠬᠦᠨᠡᠰᠦ ᠪᠡᠷ ᠬᠠᠩ᠋ᠭᠠᠨ᠂ ᠣᠯᠠᠨ ᠠᠵᠢᠯ ᠤᠨ ᠪᠠᠢᠢᠷᠢ ᠪᠤᠢ ᠪᠣᠯᠭᠠᠵᠤ᠂ ᠲᠠᠲᠠᠪᠤᠷᠢ ᠪᠠᠨ ᠲᠥᠯᠦᠵᠦ ᠪᠠᠢᠢᠭ᠎ᠠ ᠠᠵᠤ ᠠᠬᠤᠢ ᠢᠢᠨ ᠨᠢᠭᠡᠴᠡ᠂ ᠪᠠᠶᠠᠯᠢᠭ ᠪᠦᠲᠦᠭᠡᠭ᠍ᠴᠢᠳ ᠲᠥ ᠲᠠᠯᠠᠷᠬᠠᠯ ᠢᠯᠡᠷᠬᠡᠢᠢᠯᠡᠯ᠎ᠡ᠃
ᠶᠡᠷᠦᠩᠬᠡᠢᠢᠯᠡᠭᠴᠢ ᠢᠢᠨ ᠡᠬᠢᠯᠡᠵᠦ ᠣᠴᠢᠭᠰᠠᠨ «ᠮᠥᠩᠬᠡ ᠢᠢᠨ ᠴᠢᠨᠠᠷ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ ᠒᠐᠑᠐ ᠣᠨ ᠠᠴᠠ ᠭᠤᠯᠢᠷ ᠤᠨ ᠪᠦᠲᠦᠭᠡᠭ᠍ᠳᠡᠬᠦᠨ᠂ ᠬᠣᠭᠤᠯᠠ᠂ ᠬᠦᠨᠡᠰᠦ᠂ ᠠᠶᠠᠯᠠᠯ ᠵᠢᠭᠤᠯᠴᠢᠯᠠᠯ ᠵᠡᠷᠭᠡ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃
ᠻᠣᠮᠫᠠᠨᠢ ᠘᠐ ᠭᠠᠷᠤᠢ ᠬᠦᠮᠦᠨ ᠢ ᠠᠵᠢᠯ ᠤᠨ ᠪᠠᠢᠢᠷᠢ ᠪᠠᠷ ᠬᠠᠩ᠋ᠭᠠᠭᠰᠠᠨ ᠪᠥᠭᠡᠳ ᠙᠐ ᠬᠤᠪᠢ ᠨᠢ ᠡᠮᠡᠭᠲᠡᠢᠢᠴᠦᠳ ᠶᠤᠮ᠃ ᠠᠢᠢᠮᠠᠭ ᠲᠤ ᠪᠠᠨ ᠠᠩᠬᠠᠨ ᠤ ᠲᠦᠷᠭᠡᠨ ᠬᠣᠭᠤᠯᠠ᠂ ᠪᠧᠢᠢᠻᠧᠷᠢ᠂ ᠻᠣᠹᠧ ᠱᠣᠫ ᠠᠵᠢᠯᠯᠠᠭᠤᠯᠵᠤ ᠡᠬᠢᠯᠡᠭᠰᠡᠨ᠃




ᠠᠩᠬ᠎ᠠ ᠑᠐ ᠭᠠᠷᠤᠢ ᠪᠦᠲᠦᠭᠡᠭ᠍ᠳᠡᠬᠦᠨ ᠦᠢᠯᠡᠳᠪᠦᠷᠢᠯᠡᠳᠡᠭ ᠪᠠᠢᠢᠭᠰᠠᠨ ᠪᠣᠯ ᠡᠳᠦᠭᠡ ᠲᠠᠯᠬ᠎ᠠ᠂ ᠨᠠᠷᠢᠨ ᠪᠣᠣᠪᠤ᠂ ᠪᠢᠯᠠᠭᠤ ᠵᠡᠷᠭᠡ ᠒᠐᠐ ᠭᠠᠷᠤᠢ ᠨᠡᠷ᠎ᠡ ᠲᠥᠷᠦᠯ ᠦᠨ ᠪᠦᠲᠦᠭᠡᠭ᠍ᠳᠡᠬᠦᠨ ᠢᠶᠡᠷ ᠠᠢᠢᠮᠠᠭ ᠤᠨ ᠢᠶᠠᠨ ᠬᠡᠷᠡᠭᠴᠡᠭᠡ ᠢᠢ ᠪᠦᠷᠢᠨ ᠬᠠᠩ᠋ᠭᠠᠵᠤ᠂ ᠵᠡᠷᠭᠡᠯᠡᠳᠡᠭᠡ ᠠᠢᠢᠮᠠᠭ᠂ ᠰᠤᠮᠤ ᠨᠤᠭᠤᠳ ᠲᠤ ᠨᠡᠢᠢᠯᠡᠭᠦᠯᠵᠦ ᠪᠠᠢᠢᠭ᠎ᠠ ᠲᠤᠬᠠᠢ ᠻᠣᠮᠫᠠᠨᠢ ᠢᠢᠨ ᠵᠠᠬᠢᠷᠤᠯ ᠯ᠊·ᠣᠶᠤᠨ-ᠡᠷᠳᠡᠨᠢ ᠲᠠᠨᠢᠯᠴᠠᠭᠤᠯᠤᠯ᠎ᠠ᠃
ᠻᠣᠮᠫᠠᠨᠢ ᠒᠐᠒᠓ ᠣᠨ ᠳᠤ «ᠬᠦᠨᠡᠰᠦᠨ ᠦ ᠬᠤᠪᠢᠰᠬᠠᠯ» ᠤᠨ ᠬᠦᠷᠢᠶᠡᠨ ᠳᠥ ᠘᠐᠐ ᠰᠠᠶ᠎ᠠ ᠲᠥᠭᠦᠷᠢᠭ᠌ ᠦᠨ ᠬᠥᠩ᠋ᠭᠡᠯᠡᠯᠲᠡᠲᠡᠶ ᠵᠢᠭᠡᠯᠡ ᠠᠪᠴᠤ ᠦᠢᠯᠡᠳᠪᠦᠷᠢ ᠢᠢᠨ ᠰᠢᠨ᠎ᠡ ᠪᠠᠢᠢᠷᠢ ᠪᠠᠨ ᠪᠠᠷᠢᠵᠤ᠂ ᠲᠣᠨᠤᠭ ᠲᠥᠬᠦᠭᠡᠷᠦᠮᠵᠢ ᠪᠡᠨ ᠰᠢᠨᠡᠴᠢᠯᠠᠭᠰᠡᠨ ᠪᠠᠢᠢᠨ᠎ᠠ᠃
ᠢᠩ᠋ᠭᠢᠭ᠍ᠰᠡᠨ ᠢᠶᠡᠷ ᠬᠦᠴᠦᠨ ᠴᠢᠳᠠᠯ ᠨᠢ ᠓-᠕ ᠳᠠᠬᠢᠨ ᠨᠡᠮᠡᠭᠳᠡᠨ᠂ ᠓᠐ ᠭᠠᠷᠤᠢ ᠨᠡᠷ᠎ᠡ ᠲᠥᠷᠦᠯ ᠦᠨ ᠪᠦᠲᠦᠭᠡᠭ᠍ᠳᠡᠬᠦᠨ ᠢ ᠰᠢᠨ᠎ᠡ ᠪᠡᠷ ᠭᠠᠷᠭᠠᠵᠤ᠂ ᠑᠕ ᠬᠦᠮᠦᠨ ᠢ ᠠᠵᠢᠯ ᠤᠨ ᠪᠠᠢᠢᠷᠢ ᠪᠠᠷ ᠬᠠᠩ᠋ᠭᠠᠵᠠᠶ᠃
ᠡᠭᠦᠨ ᠦ ᠵᠡᠷᠭᠡᠴᠡᠭᠡ «ᠦᠳᠡ ᠢᠢᠨ ᠴᠠᠢ» ᠬᠥᠲᠦᠯᠪᠦᠷᠢ ᠢᠢᠨ ᠬᠦᠷᠢᠶᠡᠨ ᠳᠥ ᠠᠢᠢᠮᠠᠭ ᠤᠨ ᠰᠤᠷᠭᠠᠭᠤᠯᠢ᠂ ᠴᠡᠴᠡᠷᠯᠢᠭ ᠦᠳ ᠲᠥ ᠪᠦᠲᠦᠭᠡᠭ᠍ᠳᠡᠬᠦᠨ ᠢᠶᠡᠨ ᠨᠡᠢᠢᠯᠡᠭᠦᠯᠵᠦ ᠪᠠᠢᠢᠨ᠎ᠠ᠃
«ᠮᠥᠩᠬᠡ ᠢᠢᠨ ᠴᠢᠨᠠᠷ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ ᠨᠡᠢᠢᠭᠡᠮ ᠦᠨ ᠬᠠᠷᠢᠭᠤᠴᠠᠯᠭ᠎ᠠ ᠢᠢᠨ ᠬᠦᠷᠢᠶᠡᠨ ᠳᠥ ᠬᠡᠦᠬᠡᠳ ᠦᠨ ᠲᠥᠯᠦᠭᠡ ᠰᠠᠢᠢᠨ ᠦᠢᠯᠡᠰ ᠦᠨ ᠠᠶᠠᠨ ᠳᠤ ᠣᠷᠤᠯᠴᠠᠨ᠂ ᠰᠡᠭᠦᠯ ᠦᠨ ᠭᠤᠷᠪᠠᠨ ᠵᠢᠯ ᠳᠥ ᠗᠐ ᠭᠠᠷᠤᠢ ᠰᠠᠶ᠎ᠠ ᠲᠥᠭᠦᠷᠢᠭ᠌ ᠦᠨ ᠬᠠᠨᠳᠢᠪ᠂ ᠲᠤᠰᠠᠯᠠᠮᠵᠢ ᠦᠵᠡᠭᠦᠯᠦᠭᠰᠡᠨ ᠪᠠᠢᠢᠨ᠎ᠠ᠃ ᠮᠥᠨ ᠥᠰᠪᠦᠷᠢ ᠦᠶ᠎ᠡ ᠢᠢᠨ ᠬᠢᠨ ᠦ ᠳᠤᠮᠳᠠ ᠰᠫᠣᠷᠲ ᠤᠨ ᠤᠷᠤᠯᠳᠤᠭᠠᠨ᠂ ᠲᠡᠮᠡᠴᠡᠭᠡᠨ ᠲᠣᠭᠲᠠᠮᠠᠯ ᠵᠣᠬᠢᠶᠠᠳᠠᠭ ᠤᠯᠠᠮᠵᠢᠯᠠᠯ ᠲᠠᠶ ᠪᠣᠯᠵᠠᠶ᠃




ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠳᠠᠷᠠᠭ᠎ᠠ ᠨᠢ ᠘᠔ ᠵᠢᠯ ᠦᠨ ᠲᠡᠦᠬᠡ ᠲᠡᠶ «ᠤᠪᠰᠤ ᠬᠦᠨᠡᠰᠦ» ᠬᠤᠪᠢᠴᠠᠭᠠᠲᠤ ᠻᠣᠮᠫᠠᠨᠢ ᠳ᠋ᠤ ᠣᠴᠢᠯ᠎ᠠ᠃
᠑᠙᠔᠒ ᠣᠨ ᠳᠤ ᠪᠦᠭᠦᠳᠡ ᠨᠠᠢᠢᠷᠠᠮᠳᠠᠬᠤ ᠮᠣᠩ᠋ᠭᠤᠯ ᠠᠷᠠᠳ ᠤᠯᠤᠰ ᠤᠨ ᠵᠠᠰᠠᠭ ᠤᠨ ᠭᠠᠵᠠᠷ ᠬᠦᠮᠦᠨ ᠠᠮᠠ ᠢᠢ ᠬᠦᠨᠡᠰᠦ ᠪᠡᠷ ᠬᠠᠩ᠋ᠭᠠᠬᠤ ᠵᠣᠷᠢᠯᠭ᠎ᠠ ᠪᠠᠷ ᠠᠢᠢᠮᠠᠭ ᠤᠨ ᠲᠥᠪ ᠦᠳ ᠲᠥ «ᠢᠳᠡᠰᠢ ᠲᠡᠵᠢᠭᠡᠯ ᠦᠨ ᠻᠣᠮᠪᠢᠨᠠᠲ᠋» ᠪᠠᠢᠢᠭᠤᠯᠬᠤ ᠰᠢᠢᠳᠪᠦᠷᠢ ᠭᠠᠷᠭᠠᠭᠰᠠᠨ ᠨᠢ ᠥᠨᠦ ᠢᠢᠨ «ᠤᠪᠰᠤ ᠬᠦᠨᠡᠰᠦ» ᠬᠤᠪᠢᠴᠠᠭᠠᠲᠤ ᠻᠣᠮᠫᠠᠨᠢ ᠢᠢᠨ ᠰᠠᠭᠤᠷᠢ ᠪᠣᠯᠤᠭᠰᠠᠨ ᠶᠤᠮ᠃
᠘᠐ ᠭᠠᠷᠤᠢ ᠬᠦᠮᠦᠨ ᠲᠡᠶ ᠲᠤᠰ ᠻᠣᠮᠫᠠᠨᠢ ᠡᠳᠦᠭᠡ ᠴᠢᠴᠠᠷᠭᠠᠨ᠎ᠠ᠂ ᠭᠤᠯᠢᠷ᠂ ᠰᠦᠨ᠂ ᠰᠦᠨ ᠪᠦᠲᠦᠭᠡᠭ᠍ᠳᠡᠬᠦᠨ᠂ ᠰᠢᠩ᠋ᠭᠡᠨ ᠬᠦᠨᠡᠰᠦ ᠦᠢᠯᠡᠳᠪᠦᠷᠢᠯᠡᠳᠡᠭ᠃
ᠲᠤᠰ ᠻᠣᠮᠫᠠᠨᠢ ᠒᠐᠒᠓ ᠣᠨ ᠳᠤ «ᠬᠦᠨᠡᠰᠦᠨ ᠦ ᠬᠤᠪᠢᠰᠬᠠᠯ» ᠬᠥᠳᠡᠯᠭᠡᠭᠡᠨ ᠦ ᠬᠦᠷᠢᠶᠡᠨ ᠳᠥ ᠬᠥᠩ᠋ᠭᠡᠯᠡᠯᠲᠡᠲᠡᠶ ᠵᠢᠭᠡᠯᠡ ᠠᠪᠴᠤ ᠲᠣᠨᠤᠭ ᠲᠥᠬᠦᠭᠡᠷᠦᠮᠵᠢ ᠪᠡᠨ ᠰᠢᠨᠡᠴᠢᠯᠠᠨ ᠪᠦᠲᠦᠭᠡᠭ᠍ᠳᠡᠬᠦᠨ ᠦ ᠴᠢᠨᠠᠷ᠂ ᠰᠲ᠋ᠠᠨ᠋ᠳᠠᠷᠲ ᠢ ᠰᠠᠢᠢᠵᠢᠷᠠᠭᠤᠯᠵᠠᠶ᠃
ᠵᠢᠯ ᠢᠷᠡᠬᠦ ᠲᠤᠰᠤᠮ ᠤᠯᠤᠰ ᠲᠤ ᠲᠥᠯᠦᠬᠦ ᠲᠠᠲᠠᠪᠤᠷᠢ ᠢᠢᠨ ᠬᠡᠮᠵᠢᠶ᠎ᠡ ᠨᠡᠮᠡᠭᠳᠡᠵᠦ᠂ ᠥᠩ᠋ᠭᠡᠷᠡᠭᠰᠡᠨ ᠵᠢᠯ ᠭᠡᠬᠦ ᠳᠥ ᠯᠠ ᠑᠂᠒ ᠲᠡᠷᠪᠤᠮ ᠲᠥᠭᠦᠷᠢᠭ᠌ ᠦᠨ ᠲᠠᠲᠠᠪᠤᠷᠢ ᠲᠥᠯᠦᠭᠡᠳ ᠪᠠᠢᠢᠨ᠎ᠠ᠃
«ᠤᠪᠰᠤ ᠬᠦᠨᠡᠰᠦ» ᠬᠤᠪᠢᠴᠠᠭᠠᠲᠤ ᠻᠣᠮᠫᠠᠨᠢ ᠮᠠᠨ ᠤ ᠤᠯᠤᠰ ᠤᠨ ᠨᠡᠢᠢᠲᠡ ᠵᠡᠷᠯᠢᠭ ᠴᠢᠴᠠᠷᠭᠠᠨ᠎ᠠ ᠢᠢᠨ ᠗᠐᠂ ᠲᠠᠷᠢᠮᠠᠯ ᠴᠢᠴᠠᠷᠭᠠᠨ᠎ᠠ ᠢᠢᠨ ᠕᠐ ᠭᠠᠷᠤᠢ ᠬᠤᠪᠢ ᠨᠢ ᠤᠷᠭᠤᠳᠠᠭ ᠤᠪᠰᠤ ᠠᠢᠢᠮᠠᠭ ᠤᠨ ᠴᠢᠴᠠᠷᠭᠠᠨ᠎ᠠ ᠢᠢ ᠧᠦ᠋ᠷᠣᠫᠠ ᠢᠢᠨ ᠬᠣᠯᠪᠤᠭᠠᠨ ᠤ ᠤᠯᠤᠰ ᠲᠤ ᠣᠶᠤᠨ ᠤ ᠥᠮᠴᠢ ᠪᠡᠷ ᠪᠦᠷᠢᠳᠬᠡᠭᠦᠯᠵᠦ᠂ ᠤᠯᠤᠰ ᠲᠤ ᠪᠠᠨ ᠠᠩᠬ᠎ᠠ ᠤᠳᠠᠭ᠎ᠠ ᠭᠠᠵᠠᠷ ᠵᠦᠢ ᠢᠢᠨ ᠵᠢᠭᠠᠯᠲᠠ ᠲᠠᠶ ᠪᠦᠲᠦᠭᠡᠭ᠍ᠳᠡᠬᠦᠨ ᠪᠣᠯᠭᠠᠵᠠᠶ᠃




ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠠᠢᠢᠭ᠎ᠠ «ᠬᠦᠨᠡᠰᠦᠨ ᠦ ᠬᠤᠪᠢᠰᠬᠠᠯ» ᠬᠥᠳᠡᠯᠭᠡᠭᠡᠨ ᠠᠵᠤ ᠠᠬᠤᠢ ᠢᠢᠨ ᠨᠢᠭᠡᠴᠡ ᠨᠤᠭᠦᠳ ᠲᠥ ᠬᠦᠴᠦᠨ ᠴᠢᠳᠠᠯ ᠢᠶᠠᠨ ᠨᠡᠮᠡᠵᠦ᠂ ᠲᠣᠨᠤᠭ ᠲᠥᠬᠦᠭᠡᠷᠦᠮᠵᠢ ᠪᠡᠨ ᠰᠠᠢᠢᠵᠢᠷᠠᠭᠤᠯᠬᠤ᠂ ᠣᠷᠤᠨ ᠨᠤᠲᠤᠭ ᠤᠨ ᠢᠷᠭᠡᠳ ᠢ ᠠᠵᠢᠯ ᠤᠨ ᠪᠠᠢᠢᠷᠢ ᠪᠠᠷ ᠬᠠᠩ᠋ᠭᠠᠬᠤ ᠳᠤ ᠮᠠᠰᠢ ᠲᠣᠮᠤ ᠳᠡᠮᠵᠢᠯᠭᠡ ᠪᠣᠯᠵᠤ ᠪᠠᠢᠢᠭ᠎ᠠ ᠢᠢ ᠠᠵᠤ ᠠᠬᠤᠢ ᠢᠢᠨ ᠨᠢᠭᠡᠴᠡ ᠨᠤᠭᠦᠳ ᠦᠨ ᠤᠳᠤᠷᠢᠳᠤᠯᠭ᠎ᠠ ᠨᠤᠭᠤᠳ ᠬᠡᠯᠡᠯ᠎ᠡ᠃
ᠡᠨᠡ ᠬᠥᠳᠡᠯᠭᠡᠭᠡᠨ ᠢ ᠴᠢᠨᠠᠭᠰᠢᠳᠠ ᠳᠣᠣᠷ᠎ᠠ ᠬᠠᠶᠠᠵᠤ ᠑᠐-᠑᠕ ᠵᠢᠯ ᠲᠤᠭᠤᠰᠢᠲᠠᠢ ᠬᠡᠷᠡᠭᠵᠢᠭᠦᠯᠵᠦ᠂ ᠬᠥᠩ᠋ᠭᠡᠯᠡᠯᠲᠡᠲᠡᠶ ᠵᠢᠭᠡᠯᠡ᠂ ᠲᠠᠲᠠᠪᠤᠷᠢ ᠢᠢᠨ ᠪᠣᠳᠤᠯᠭ᠎ᠠ ᠪᠠᠷ ᠲᠦᠯᠬᠢᠭᠦᠦ ᠳᠡᠮᠵᠢᠪᠡᠯ ᠦᠨᠳᠦᠰᠦᠨ ᠦ ᠦᠢᠯᠡᠳᠪᠦᠷᠢᠯᠡᠯ ᠤᠯᠠᠮ ᠬᠥᠭ᠍ᠵᠢᠨ᠎ᠡ ᠭᠡᠳᠡᠭ ᠲᠥ ᠡᠷᠡᠭᠡᠯᠵᠡᠬᠦ ᠦᠭᠡᠢ ᠪᠠᠢᠢᠭ᠎ᠠ ᠪᠠᠨ ᠢᠯᠡᠷᠬᠡᠢᠢᠯᠡᠵᠦ ᠪᠠᠢᠢᠯ᠎ᠠ᠃









