Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠥᠰᠪᠦᠷᠢ ᠶᠢᠨ ᠵᠦ᠋ᠳᠣ᠋ ᠪᠥᠬᠡ ᠶᠢᠨ ᠲᠡᠮᠡᠴᠡᠭᠡᠨ ᠦ ᠢᠯᠠᠭᠴᠢᠳ ᠲᠤ ᠱᠠᠩᠨᠠᠯ ᠭᠠᠷᠳᠠᠭᠤᠯᠪᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠫᠦᠲ᠋ᠢᠨ᠂ ᠶᠠᠫᠣᠨ ᠤ ᠶᠡᠷᠦᠩᠬᠡᠢ ᠰᠠᠢᠢᠳ ᠱᠢᠨᠵᠣ‍ ᠠᠪᠧ ᠨᠠᠷ ᠤᠨ ᠬᠠᠮᠲᠤ ᠪᠠᠷ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭᠠᠨ ᠤ ᠬᠣᠶᠠᠷ ᠳᠠᠬᠢ ᠡᠳᠦᠷ ᠪᠣᠯᠤᠭᠰᠠᠨ ᠥᠰᠪᠦᠷᠢ ᠢᠢᠨ ᠵᠦ᠋ᠳᠣ᠋ ᠪᠥᠬᠡ ᠢᠢᠨ ᠲᠡᠮᠡᠴᠡᠭᠡᠨ ᠦ ᠹᠢᠨᠠᠯ ᠤᠨ ᠪᠠᠷᠢᠯᠳᠤᠭᠠᠨ ᠨᠤᠭᠤᠳ ᠢ ᠦᠵᠡᠵᠦ ᠰᠣᠨᠢᠷᠬᠠᠨ᠂ ᠮᠧᠳᠠᠯᠳᠤ ᠪᠠᠢᠢᠷᠢᠨ ᠳᠤ ᠰᠢᠯᠭᠠᠷᠠᠭᠰᠠᠨ ᠲᠠᠮᠢᠷᠴᠢᠳ ᠤᠨ ᠱᠠᠩᠨᠠᠯ ᠢ ᠭᠠᠷᠳᠠᠭᠤᠯᠪᠠ᠃

 

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠫᠦᠲ᠋ᠢᠨ᠂ ᠶᠠᠫᠣᠨ ᠤ ᠶᠡᠷᠦᠩᠬᠡᠢ ᠰᠠᠢᠢᠳ ᠱᠢᠨᠵᠣ‍ ᠠᠪᠸ ᠨᠠᠷ ᠤᠨ ᠢᠪᠡᠭᠡᠯ ᠳᠣᠣᠷ᠎ᠠ ᠵᠣᠬᠢᠶᠠᠨ ᠪᠠᠢᠢᠭᠤᠯᠤᠭᠳᠠᠭᠰᠠᠨ ᠤᠭ ᠲᠡᠮᠡᠴᠡᠭᠡᠨ ᠳᠥ ᠣᠷᠣᠰ ᠤᠨ ᠬᠣᠯᠪᠣᠭᠠᠨ ᠤ ᠤᠯᠤᠰ᠂ ᠶᠠᠫᠣᠨ᠂ ᠮᠣᠩᠭ᠋ᠣᠯ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠪᠦᠭᠦᠳᠡ ᠨᠠᠢᠢᠷᠠᠮᠳᠠᠬᠤ ᠰᠣᠯᠣᠩᠭ᠋ᠤᠰ ᠤᠯᠤᠰ᠍ ᠤᠨ ᠥᠰᠪᠦᠷᠢ ᠢᠢᠨ ᠲᠠᠮᠢᠷᠴᠢᠳ ᠥᠷᠢᠰᠦᠯᠳᠦᠭᠰᠡᠨ ᠶᠤᠮ᠃