ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠻᠢᠷᠭᠢᠽ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠠᠢᠢᠪᠧᠻ ᠮᠣᠯᠳᠣᠭᠠᠽᠢᠶᠧᠸ ᠢᠲᠡᠬᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠡᠯᠴᠢᠨ ᠰᠠᠢᠢᠳ ᠢ ᠡᠭᠦᠷᠭᠡᠲᠦ ᠠᠵᠢᠯ ᠳᠤ ᠪᠠᠨ ᠣᠷᠤᠵᠤ ᠪᠠᠢᠢᠭᠠᠳ ᠪᠠᠶᠠᠷ ᠬᠦᠷᠭᠡᠵᠦ᠂ ᠠᠮᠵᠢᠯᠲᠠ ᠬᠦᠰᠡᠨ ᠢᠷᠦᠭᠡᠯ᠎ᠡ᠃
ᠬᠣᠶᠠᠷ ᠣᠷᠤᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠷᠭᠡᠵᠢᠨ ᠲᠡᠯᠡᠵᠦ᠂ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠵᠤ ᠪᠠᠢᠢᠭ᠎ᠠ ᠢᠢ ᠲᠡᠮᠳᠡᠭᠯᠡᠪᠡ᠃
ᠳᠡᠭᠡᠳᠦ᠂ ᠥᠨᠳᠦᠷ ᠲᠥᠪᠰᠢᠨ ᠦ ᠬᠠᠷᠢᠯᠴᠠᠨ ᠠᠢᠢᠯᠴᠢᠯᠠᠯ ᠪᠣᠯᠵᠤ᠂ ᠶᠠᠷᠢᠶ᠎ᠠ ᠬᠡᠯᠡᠯᠴᠡᠭᠡ ᠢᠳᠡᠪᠬᠢᠵᠢᠭᠰᠡᠨ ᠨᠢ ᠬᠠᠷᠢᠯᠴᠠᠭ᠎ᠠ ᠢᠢ ᠭᠦᠨᠵᠡᠭᠡᠢᠢᠷᠡᠭᠦᠯᠦᠨ᠂ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠪᠠᠲᠤᠳᠬᠠᠵᠤ ᠪᠠᠢᠢᠭ᠎ᠠ ᠢᠢ ᠲᠡᠮᠳᠡᠭᠯᠡᠯ᠎ᠡ᠃ ᠮᠥᠨ ᠮᠣᠩ᠋ᠭᠣᠯ᠂ ᠻᠢᠷᠭᠢᠽ ᠦᠨ «ᠢᠵᠢ ᠪᠦᠷᠢᠨ ᠲᠦᠩᠰᠢᠯᠡᠯ» ᠤᠨ ᠬᠠᠷᠢᠯᠴᠠᠭ᠎ᠠ ᠢᠢ ᠤᠯᠠᠮ ᠪᠡᠬᠢᠵᠢᠭᠦᠯᠦᠨ ᠬᠥᠭ᠍ᠵᠢᠭᠦᠯᠬᠦ ᠡᠷᠭᠦᠨ ᠪᠣᠯᠤᠮᠵᠢ ᠪᠠᠢᠢᠭ᠎ᠠ ᠢᠢ ᠬᠡᠯᠡᠯ᠎ᠡ᠃
ᠡᠯᠴᠢᠨ ᠰᠠᠢᠢᠳ ᠠᠢᠢᠪᠧᠻ ᠮᠣᠯᠳᠣᠭᠠᠽᠢᠶᠧᠸ ᠡᠯᠴᠢᠨ ᠰᠠᠢᠢᠳ ᠢᠶᠠᠷ ᠲᠣᠮᠢᠯᠠᠭᠳᠠᠭᠰᠠᠨ ᠨᠢ ᠨᠡᠷ᠎ᠡ ᠲᠥᠷᠦ ᠢᠢᠨ ᠬᠡᠷᠡᠭ ᠭᠡᠳ᠂ «ᠢᠵᠢ ᠪᠦᠷᠢᠨ ᠲᠦᠩᠰᠢᠯᠡᠯ» ᠤᠨ ᠬᠦᠷᠢᠶᠡᠨ ᠳᠥ ᠬᠠᠷᠢᠯᠴᠠᠨ ᠠᠰᠢᠭᠲᠠᠶ ᠬᠠᠮᠲᠤ ᠢᠢᠨ ᠠᠵᠢᠯᠯᠠᠭ᠎ᠠ ᠢᠢ ᠤᠯᠠᠮ ᠭᠦᠨᠵᠡᠭᠡᠢᠢᠷᠡᠭᠦᠯᠬᠦ ᠢᠢᠨ ᠲᠥᠯᠦᠭᠡ ᠢᠳᠡᠪᠬᠢᠲᠡᠢ ᠠᠵᠢᠯᠯᠠᠬᠤ ᠪᠠᠨ ᠢᠯᠡᠷᠬᠡᠢᠢᠯᠡᠯ᠎ᠡ᠃

ᠮᠣᠩ᠋ᠭᠣᠯ ᠤᠯᠤᠰ ᠪᠦᠭᠦᠳᠡ ᠨᠠᠢᠢᠷᠠᠮᠳᠠᠬᠤ ᠻᠢᠷᠭᠢᠽ ᠤᠯᠤᠰ ᠲᠠᠶ ᠑᠙᠙᠒ ᠣᠨ ᠤ ᠐᠔ ᠊ᠳ᠋ᠦᠭᠡᠷ ᠰᠠᠷ᠎ᠠ ᠢᠢᠨ ᠒᠒ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠲᠡᠦᠬᠡ ᠲᠡᠶ᠃
ᠻᠢᠷᠭᠢᠽ ᠤᠯᠤᠰ ᠤᠨ ᠶᠡᠷᠦᠩᠬᠡᠢᠢᠯᠡᠭᠴᠢ ᠰ·ᠨ·ᠵᠠᠫᠠᠷᠣᠸ ᠒᠐᠒᠓ ᠣᠨ ᠳᠤ ᠮᠠᠨ ᠤ ᠤᠯᠤᠰ ᠲᠤ᠂ ᠶᠡᠷᠦᠩᠬᠡᠢᠢᠯᠡᠭᠴᠢ ᠤ·ᠬᠦᠷᠡᠯᠰᠦ᠋ᠬᠡ ᠥᠩ᠋ᠭᠡᠷᠡᠭᠰᠡᠨ ᠣᠨ ᠳᠤ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠭ᠍ᠰᠡᠨ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠠᠢᠢᠯᠴᠢᠯᠠᠯ ᠢᠶᠠᠷ ᠬᠣᠶᠠᠷ ᠤᠯᠤᠰ ᠤᠨ ᠲᠥᠷᠦ ᠢᠢᠨ ᠲᠡᠷᠢᠭᠦᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠱᠠᠲᠤ ᠠᠬᠢᠭᠤᠯᠵᠤ᠂ «ᠢᠵᠢ ᠪᠦᠷᠢᠨ ᠲᠦᠩᠰᠢᠯᠡᠯ» ᠤᠨ ᠲᠥᠪᠰᠢᠨ ᠳᠥ ᠬᠦᠷᠭᠡᠭ᠍ᠰᠡᠨ ᠶᠤᠮ᠃
ᠢᠩ᠋ᠭᠢᠭ᠍ᠰᠡᠨ ᠢᠶᠡᠷ ᠻᠢᠷᠭᠢᠽ ᠨᠢ ᠮᠠᠨ ᠤ ᠤᠯᠤᠰ ᠲᠠᠶ «ᠢᠵᠢ ᠪᠦᠷᠢᠨ ᠲᠦᠩᠰᠢᠯᠡᠯ» ᠤᠨ ᠬᠠᠷᠢᠯᠴᠠᠭ᠎ᠠ ᠲᠣᠭᠲᠠᠭᠠᠭᠰᠠᠨ ᠲᠥᠪ ᠠᠽᠢ ᠢᠢᠨ ᠬᠣᠶᠠᠷ ᠳ᠋ᠠᠬᠢ ᠤᠯᠤᠰ ᠪᠣᠯᠵᠤ ᠪᠠᠢᠢᠯ᠎ᠠ᠃





