Та "Internet explorer"-ийн сүүлийн хувилбар болох "Microsoft edge"-г ашиглана уу

Хэрэв "Microsoft edge"-г татах бол энд дарж татаж авна уу

ᠬᠠᠪᠰᠤᠷᠤᠨ ᠰᠠᠭᠤᠬᠤ ᠡᠯᠴᠢᠨ ᠰᠠᠢᠢᠳ ᠨᠠᠷ ᠢᠲᠡᠬᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠭᠠᠳᠠᠭᠠᠳᠤ ᠢᠢᠨ ᠣᠷᠤᠨ ᠨᠤᠭᠤᠳ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠢᠢᠳ ᠤᠳ ᠢᠲᠡᠬᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ᠎ᠠ᠃

  • ᠪᠦᠭᠦᠳᠡ ᠨᠠᠢᠢᠷᠠᠮᠳᠠᠬᠤ ᠭᠷᠧᠻ ᠤᠯᠤᠰ ᠤᠨ ᠡᠯᠴᠢᠨ ᠰᠠᠢᠢᠳ ᠧᠸᠭᠧᠨᠢᠣᠰ ᠳ᠋ᠢᠮᠢᠲ᠋ᠷᠢᠣᠰ ᠻᠠᠯᠫᠢᠷᠢᠰ᠂
  • ᠪᠦᠭᠦᠳᠡ ᠨᠠᠢᠢᠷᠠᠮᠳᠠᠬᠤ ᠲᠦᠨᠢᠰᠢᠶ᠎ᠠ ᠤᠯᠤᠰ ᠤᠨ ᠡᠯᠴᠢᠨ ᠰᠠᠢᠢᠳ ᠠᠳᠧᠯ ᠧᠯᠠᠷᠪᠢ᠂
  • ᠳ᠋ᠣᠮᠢᠨᠢᠻᠠᠨ ᠤ ᠪᠦᠭᠦᠳᠡ ᠨᠠᠢᠢᠷᠠᠮᠳᠠᠬᠤ ᠤᠯᠤᠰ ᠤᠨ ᠡᠯᠴᠢᠨ ᠰᠠᠢᠢᠳ ᠠᠯᠧᠾᠠᠨ᠋ᠳ᠋ᠷᠣ᠋ ᠠᠷᠢᠠᠰ ᠽᠠᠷᠽᠦ᠋ᠸᠧᠯᠠ᠂
  • ᠢᠰᠫᠠᠨᠢ ᠢᠢᠨ ᠬᠠᠭᠠᠨᠲᠤ ᠤᠯᠤᠰ ᠤᠨ ᠡᠯᠴᠢᠨ ᠰᠠᠢᠢᠳ ᠮᠠᠷᠲ᠋ᠠ ᠪᠧᠲ᠋ᠠᠨ᠋ᠽᠣᠰ ᠷᠣᠢ᠂
  • ᠳ᠋ᠧᠨ᠋ᠮᠠᠷᠻ ᠤᠨ ᠬᠠᠭᠠᠨᠲᠤ ᠤᠯᠤᠰ ᠤᠨ ᠡᠯᠴᠢᠨ ᠰᠠᠢᠢᠳ ᠰᠲ᠋ᠠᠷᠪᠧᠻ ᠻᠷᠢᠰᠲ᠋ᠧᠨ᠋ᠰᠧᠨ᠎ ᠨᠠᠷ ᠢᠲᠡᠬᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ᠎ᠠ᠃

ᠶᠡᠷᠦᠩᠬᠡᠢᠢᠯᠡᠭᠴᠢ ᠤ·ᠬᠦᠷᠡᠯᠰᠦ᠋ᠬᠡ ᠡᠯᠴᠢᠨ ᠰᠠᠢᠢᠳ ᠨᠠᠷ ᠢ ᠡᠭᠦᠷᠭᠡᠲᠦ ᠠᠵᠢᠯ ᠳᠤ ᠪᠠᠨ ᠣᠷᠤᠵᠤ ᠪᠤᠢ ᠳᠤ ᠨᠢ ᠪᠠᠶᠠᠷ ᠬᠦᠷᠭᠡᠵᠦ᠂ ᠠᠮᠵᠢᠯᠲᠠ ᠬᠦᠰᠡᠯ᠎ᠡ᠃ ᠡᠯᠴᠢᠨ ᠰᠠᠢᠢᠳ ᠤᠳ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠢᠢᠨ ᠲᠥᠯᠦᠭᠡ ᠴᠢᠷᠮᠠᠢᠢᠨ ᠠᠵᠢᠯᠯᠠᠨ᠎ᠠ ᠭᠡᠳᠡᠭ ᠲᠥ ᠢᠲᠡᠭᠡᠯ ᠲᠡᠶ ᠪᠠᠢᠢᠭ᠎ᠠ ᠪᠠᠨ ᠬᠡᠯᠡᠵᠦ᠂ ᠲᠥᠷᠦ᠂ ᠵᠠᠰᠠᠭ ᠠᠴᠠ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃

ᠲᠡᠭᠦᠨᠴᠢᠯᠡᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳᠥ ᠬᠠᠷᠢᠯᠴᠠᠭ᠎ᠠ ᠢᠢ ᠪᠡᠬᠢᠵᠢᠭᠦᠯᠬᠦ ᠢᠢᠨ ᠲᠥᠯᠦᠭᠡ ᠪᠠᠢᠢᠭ᠎ᠠ ᠪᠠᠨ ᠲᠡᠮᠳᠡᠭᠯᠡᠯ᠎ᠡ᠃