ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠭᠠᠳᠠᠭᠠᠳᠤ ᠢᠢᠨ ᠣᠷᠤᠨ ᠨᠤᠭᠤᠳ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠢᠢᠳ ᠤᠳ ᠢᠲᠡᠬᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠳᠥ:
- ᠢᠽᠷᠠᠢᠢᠯ ᠤᠯᠤᠰ ᠤᠨ ᠡᠯᠴᠢᠨ ᠰᠠᠢᠢᠳ ᠧᠯᠢᠶᠠᠸ ᠪᠧᠯᠣᠷᠼᠧᠷᠻᠣᠸᠰᠻᠢ᠂
- ᠪᠦᠭᠦᠳᠡ ᠨᠠᠢᠢᠷᠠᠮᠳᠠᠬᠤ ᠠᠦ᠋ᠰᠲ᠋ᠷᠢᠶ᠎ᠠ ᠤᠯᠤᠰ ᠤᠨ ᠡᠯᠴᠢᠨ ᠰᠠᠢᠢᠳ ᠸᠣᠯᠹ ᠳ᠋ᠢᠲ᠋ᠷᠢᠾ ᠾᠠᠢᠢᠮ᠂
- ᠰᠸᠢᠴᠧᠷᠯᠠᠨ᠋ᠳ᠋ ᠤᠨ ᠬᠣᠯᠪᠤᠭᠠᠨ ᠤ ᠤᠯᠤᠰ ᠤᠨ ᠡᠯᠴᠢᠨ ᠰᠠᠢᠢᠳ ᠻᠷᠢᠰᠲ᠋ᠢᠨᠠ ᠮᠠᠷᠲ᠋ᠢ᠂
- ᠭᠦᠷᠵᠢ ᠤᠯᠤᠰ ᠤᠨ ᠡᠯᠴᠢᠨ ᠰᠠᠢᠢᠳ ᡀᠧᠸᠠᠨ ᠳ᠋ᠢᠶᠠᠰᠠᠮᠢᠳ᠋ᠽᠧ᠂
- ᠪᠦᠭᠦᠳᠡ ᠨᠠᠢᠢᠷᠠᠮᠳᠠᠬᠤ ᠨᠢᠵᠧᠷ ᠤᠯᠤᠰ ᠤᠨ ᠡᠯᠴᠢᠨ ᠰᠠᠢᠢᠳ ᠭᠠᠷᠪᠠ ᠰᠧᠢᠢᠨᠢ ᠨᠠᠷ ᠢᠲᠡᠬᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠡᠯᠴᠢᠨ ᠰᠠᠢᠢᠳ ᠨᠠᠷ ᠢ ᠡᠭᠦᠷᠭᠡᠲᠦ ᠠᠵᠢᠯ ᠳᠤ ᠪᠠᠨ ᠣᠷᠤᠵᠤ ᠪᠤᠢ ᠳᠤ ᠨᠢ ᠪᠠᠶᠠᠷ ᠬᠦᠷᠭᠡᠵᠦ᠂ ᠠᠮᠵᠢᠯᠲᠠ ᠬᠦᠰᠡᠯ᠎ᠡ᠃ ᠡᠯᠴᠢᠨ ᠰᠠᠢᠢᠳ ᠤᠳ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠢᠢᠨ ᠲᠥᠯᠦᠭᠡ ᠴᠢᠷᠮᠠᠢᠢᠨ ᠠᠵᠢᠯᠯᠠᠨ᠎ᠠ ᠭᠡᠳᠡᠭ ᠲᠥ ᠢᠲᠡᠭᠡᠯ ᠲᠡᠶ ᠪᠠᠢᠢᠭ᠎ᠠ ᠪᠠᠨ ᠬᠡᠯᠡᠵᠦ᠂ ᠲᠥᠷᠦ᠂ ᠵᠠᠰᠠᠭ ᠠᠴᠠ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃
ᠲᠡᠭᠦᠨᠴᠢᠯᠡᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳᠥ ᠬᠠᠷᠢᠯᠴᠠᠭ᠎ᠠ ᠢᠢ ᠪᠡᠬᠢᠵᠢᠭᠦᠯᠬᠦ ᠢᠢᠨ ᠲᠥᠯᠦᠭᠡ ᠪᠠᠢᠢᠭ᠎ᠠ ᠪᠠᠨ ᠲᠡᠮᠳᠡᠭᠯᠡᠯ᠎ᠡ᠃







