Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠤ·ᠬᠦᠷᠡᠯᠰᠦ᠋ᠬᠡ «ᠪᠠᠭᠠᠨᠠᠭᠤᠷ» ᠬᠤᠪᠢᠴᠠᠭᠠᠲᠤ ᠻᠣᠮᠫᠠᠨᠢ ᠢᠢᠨ ᠬᠠᠮᠲᠤ ᠣᠯᠠᠨ ᠳᠤ ᠲᠠᠯᠠᠷᠬᠠᠯ ᠢᠯᠡᠷᠬᠡᠢᠢᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠡᠢᠢᠰᠯᠡᠯ ᠦᠨ ᠪᠠᠭᠠᠨᠠᠭᠤᠷ ᠳᠡᠭᠦᠷᠭᠡ ᠳᠥ ᠠᠵᠢᠯᠯᠠᠬᠤ ᠦᠶ᠎ᠡ ᠪᠡᠷ ᠢᠶᠡᠨ «ᠡᠷᠳᠡᠨᠢᠰ ᠮᠣᠩ᠋ᠭᠣᠯ» ᠨᠢᠭᠡᠳᠦᠯ ᠦᠨ ᠬᠠᠷᠢᠶ᠎ᠠ «ᠪᠠᠭᠠᠨᠠᠭᠤᠷ» ᠬᠤᠪᠢᠴᠠᠭᠠᠲᠤ ᠻᠣᠮᠫᠠᠨᠢ ᠢᠢᠨ ᠠᠭᠤᠷᠬᠠᠢᠢᠴᠢᠳ᠂ ᠠᠵᠢᠯᠲᠠᠨ᠂ ᠠᠯᠪᠠᠨ ᠬᠠᠭᠠᠭᠴᠢᠳ ᠲᠠᠶ ᠠᠭᠤᠯᠵᠠᠯ᠎ᠠ᠃

᠔᠘ ᠵᠢᠯ ᠦᠨ ᠲᠤᠷᠰᠢ ᠲᠥᠪ ᠦᠨ ᠪᠦᠰᠡ ᠢᠢᠨ ᠡᠷᠴᠢᠮ ᠬᠦᠴᠦᠨ ᠦ ᠨᠡᠭᠦᠷᠡᠰᠦᠨ ᠦ ᠬᠡᠷᠡᠭᠴᠡᠭᠡ ᠢᠢ ᠲᠠᠰᠤᠷᠠᠯᠲᠠ ᠦᠭᠡᠢ ᠬᠠᠩ᠋ᠭᠠᠵᠤ᠂ ᠢᠷᠭᠡᠳ ᠦᠨ ᠠᠶ᠎ᠠ ᠲᠤᠬ᠎ᠠ ᠲᠠᠶ ᠠᠮᠢᠳᠤᠷᠠᠯ᠂ ᠣᠷᠤᠨ ᠨᠤᠲᠤᠭ᠂ ᠤᠯᠤᠰ ᠣᠷᠤᠨ ᠤ ᠪᠠᠨ ᠬᠥᠭ᠍ᠵᠢᠯ ᠴᠡᠴᠡᠭᠯᠡᠯᠲᠡ ᠢᠢᠨ ᠲᠥᠯᠦᠭᠡ ᠬᠦᠴᠦᠨ ᠵᠢᠳᠬᠦᠵᠦ ᠪᠠᠢᠢᠭ᠎ᠠ ᠦᠶ᠎ᠡ ᠦᠶ᠎ᠡ ᠢᠢᠨ ᠬᠠᠮᠲᠤ ᠣᠯᠠᠨ ᠳᠤ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠯ᠎ᠡ᠃

ᠲᠡᠷᠡ ᠪᠡᠷ ᠲᠥᠷᠦ ᠢᠢᠨ ᠲᠡᠷᠢᠭᠦᠨ ᠦ ᠪᠣᠳᠤᠯᠭ᠎ᠠ᠂ ᠦᠢᠯᠡ ᠠᠵᠢᠯᠯᠠᠭ᠎ᠠ᠂ ᠦᠨᠳᠦᠰᠦᠨ ᠦ ᠬᠡᠮᠵᠢᠶᠡᠨ ᠦ ᠬᠥᠳᠡᠯᠭᠡᠭᠡᠨ᠂ ᠬᠥᠲᠦᠯᠪᠦᠷᠢ ᠨᠤᠭᠦᠳ ᠦᠨ ᠬᠡᠷᠡᠭᠵᠢᠯᠲᠡ᠂ ᠤᠯᠤᠰ ᠣᠷᠤᠨ ᠤ ᠨᠡᠢᠢᠭᠡᠮ᠂ ᠡᠳ᠋ ᠦᠨ ᠵᠠᠰᠠᠭ ᠤᠨ ᠪᠠᠢᠢᠳᠠᠯ ᠤᠨ ᠲᠠᠯ᠎ᠠ ᠪᠠᠷ ᠲᠣᠪᠴᠢ ᠲᠠᠨᠢᠯᠴᠠᠭᠤᠯᠤᠯ᠎ᠠ᠃

«ᠪᠠᠭᠠᠨᠠᠭᠤᠷ» ᠬᠤᠪᠢᠴᠠᠭᠠᠲᠤ ᠻᠣᠮᠫᠠᠨᠢ ᠤᠯᠤᠰ ᠤᠨ ᠡᠷᠴᠢᠮ ᠬᠦᠴᠦᠨ ᠦ ᠨᠡᠭᠦᠷᠡᠰᠦᠨ ᠦ ᠬᠡᠷᠡᠭᠯᠡᠭᠡᠨ ᠦ ᠔᠗ ᠬᠤᠪᠢ᠂ ᠲᠥᠪ ᠦᠨ ᠪᠦᠰᠡ ᠢᠢᠨ ᠬᠡᠷᠡᠭᠯᠡᠭᠴᠢᠳ ᠦᠨ ᠕᠒ ᠬᠤᠪᠢ ᠢᠢ ᠳᠠᠩ ᠢᠶᠠᠷ ᠢᠶᠠᠨ ᠬᠠᠩ᠋ᠭᠠᠳᠠᠭ᠃

ᠥᠩ᠋ᠭᠡᠷᠡᠭᠰᠡᠨ ᠣᠨ ᠳᠤ ᠔·᠘ ᠰᠠᠶ᠎ᠠ ᠲᠣᠨᠠ ᠨᠡᠭᠦᠷᠡᠰᠦ ᠣᠯᠪᠤᠷᠢᠯᠠᠵᠤ᠂ ᠓᠗·᠒ ᠲᠡᠷᠪᠤᠮ ᠲᠥᠭᠦᠷᠢᠭ᠌ ᠦᠨ ᠬᠥᠷᠦᠩ᠋ᠭᠡ ᠣᠷᠤᠭᠤᠯᠤᠯᠲᠠ ᠬᠢᠭ᠍ᠰᠡᠨ ᠦ ᠵᠡᠷᠭᠡᠴᠡᠭᠡ ᠣᠯᠠᠨ ᠵᠢᠯ ᠬᠤᠷᠠᠮᠲᠤᠯᠠᠭᠳᠠᠭᠰᠠᠨ ᠥᠷᠢ ᠲᠥᠯᠦᠪᠦᠷᠢ ᠪᠡᠨ ᠪᠠᠷᠠᠭᠳᠠᠭᠤᠯᠤᠨ ᠒·᠗ ᠲᠡᠷᠪᠤᠮ ᠲᠥᠭᠦᠷᠢᠭ᠌ ᠦᠨ ᠠᠰᠢᠭ ᠲᠠᠶ ᠠᠵᠢᠯᠯᠠᠭᠰᠠᠨ᠃

ᠤᠯᠤᠰ ᠤᠨ ᠲᠥᠰᠦᠪ ᠲᠥ ᠑᠐᠕ ᠲᠡᠷᠪᠤᠮ᠂ ᠨᠡᠢᠢᠭᠡᠮ ᠦᠨ ᠳᠠᠭᠠᠳᠬᠠᠯ ᠳᠤ ᠑᠙ ᠲᠡᠷᠪᠤᠮ᠂ ᠦᠨᠳᠦᠰᠦᠨ ᠦ ᠪᠠᠶᠠᠯᠢᠭ ᠤᠨ ᠰᠠᠩ ᠳᠤ ᠑᠒᠖ ᠰᠠᠶ᠎ᠠ ᠲᠥᠭᠦᠷᠢᠭ᠌ ᠲᠥᠪᠯᠡᠷᠡᠭᠦᠯᠦᠭᠰᠡᠨ ᠪᠠᠢᠢᠨ᠎ᠠ᠃

ᠡᠨᠡ ᠵᠢᠯ ᠔·᠘ ᠰᠠᠶ᠎ᠠ ᠲᠣᠨ᠋᠊ᠨ᠋ ᠨᠡᠭᠦᠷᠡᠰᠦ ᠣᠯᠪᠤᠷᠢᠯᠠᠬᠤ ᠪᠥᠭᠡᠳ ᠒᠐᠒᠘ ᠣᠨ ᠭᠡᠬᠦ ᠳᠥ ᠣᠯᠪᠤᠷᠢᠯᠠᠯᠲᠠ ᠘ ᠰᠠᠶ᠎ᠠ ᠲᠣᠨ᠋᠊ᠨ᠋ ᠪᠣᠯᠵᠤ ᠨᠡᠮᠡᠭᠳᠡᠨ᠎ᠡ ᠭᠡᠳᠡᠭ ᠢ ᠭᠦᠢᠴᠡᠳᠬᠡᠬᠦ ᠵᠠᠬᠢᠷᠤᠯ ᠲ᠋᠊·ᠣᠳᠬᠠᠨᠪᠣᠯᠤᠳ ᠬᠡᠯᠡᠯ᠎ᠡ᠃

«ᠡᠷᠳᠡᠨᠢᠰ ᠮᠣᠩ᠋ᠭᠣᠯ» ᠨᠢᠭᠡᠳᠦᠯ ᠦᠨ ᠒᠕᠕ ᠲᠡᠷᠪᠤᠮ ᠲᠥᠭᠦᠷᠢᠭ᠌ ᠦᠨ ᠰᠠᠩᠬᠦᠵᠢᠯᠲᠡ ᠪᠡᠷ ᠪᠠᠷᠢᠬᠤ ᠨᠡᠭᠦᠷᠡᠰᠦ ᠫᠢᠷᠣᠯᠢᠽ ᠤᠨ ᠦᠢᠯᠡᠳᠪᠦᠷᠢ ᠠᠰᠢᠭᠯᠠᠯᠲᠠ ᠳᠤ ᠣᠷᠤᠭᠰᠠᠨ ᠢᠶᠠᠷ ᠵᠢᠯ ᠳᠥ ᠖᠐᠐ ᠮᠢᠩ᠋ᠭᠠᠨ ᠲᠣᠨ᠋᠊ᠨ᠋ ᠬᠥᠬᠡ ᠨᠡᠭᠦᠷᠡᠰᠦ᠂ ᠘᠒ ᠮᠢᠩ᠋ᠭᠠᠨ ᠲᠣᠨ᠋᠊ᠨ᠋ ᠨᠠᠮ ᠲᠧᠮᠫᠧᠷᠠᠲ᠋ᠦ᠋ᠷ ᠤᠨ ᠳᠠᠪᠠᠷᠬᠠᠢ ᠦᠢᠯᠡᠳᠪᠦᠷᠢᠯᠡᠵᠦ᠂ ᠔᠐ ᠮᠧᠭᠠᠸᠠᠲ᠋ᠲ ᠤᠨ ᠡᠷᠴᠢᠮ ᠬᠦᠴᠦ ᠦᠢᠯᠡᠳᠪᠦᠷᠢᠯᠡᠨ᠎ᠡ᠃

ᠢᠩ᠋ᠭᠢᠭ᠍ᠰᠡᠨ ᠢᠶᠡᠷ ᠣᠷᠤᠨ ᠨᠤᠲᠤᠭ ᠲᠤ ᠔᠐᠐ ᠭᠠᠷᠤᠢ ᠠᠵᠢᠯ ᠤᠨ ᠪᠠᠢᠢᠷᠢ ᠪᠤᠢ ᠪᠣᠯᠬᠤ ᠲᠣᠭᠠᠴᠠᠭ᠎ᠠ ᠭᠠᠷᠤᠭᠰᠠᠨ ᠪᠠᠢᠢᠨ᠎ᠠ᠃

«ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠤᠯᠤᠰ ᠤᠨ ᠬᠡᠮᠵᠢᠶᠡᠨ ᠳᠥ ᠑᠑᠖ ᠰᠠᠶ᠎ᠠ ᠮᠣᠳᠤ ᠲᠠᠷᠢᠵᠤ᠂ ᠤᠷᠭᠤᠭᠤᠯᠤᠭᠠᠳ ᠪᠠᠢᠢᠭ᠎ᠠ᠃ «ᠪᠠᠭᠠᠨᠠᠭᠤᠷ» ᠬᠤᠪᠢᠴᠠᠭᠠᠲᠤ ᠻᠣᠮᠫᠠᠨᠢ ᠬᠥᠳᠡᠯᠭᠡᠭᠡᠨ ᠳᠥ ᠨᠢᠭᠡᠳᠦᠨ ᠕᠒᠐ ᠣᠷᠴᠢᠮ ᠮᠢᠩ᠋ᠭᠠᠨ ᠮᠣᠳᠤ᠂ ᠪᠤᠲᠠ ᠢᠢᠨ ᠰᠠᠭᠤᠯᠭᠠᠴᠠ ᠢᠢ ᠮᠣᠳᠤ ᠦᠷᠡᠵᠢᠭᠦᠯᠭᠡ ᠢᠢᠨ ᠭᠠᠵᠠᠷ ᠲᠤ ᠪᠠᠨ ᠪᠣᠢᠢᠵᠢᠭᠤᠯᠵᠤ᠂ ᠒ ᠲᠡᠷᠪᠤᠮ ᠲᠥᠭᠦᠷᠢᠭ᠌ ᠢ ᠨᠥᠬᠦᠨ ᠰᠡᠷᠭᠦᠭᠡᠯᠲᠡ ᠵᠡᠷᠭᠡ ᠳᠥ ᠵᠠᠷᠤᠴᠠᠭᠤᠯᠵᠠᠶ᠃

ᠶᠡᠷᠦᠩᠬᠡᠢᠢᠯᠡᠭᠴᠢ ᠤ·ᠬᠦᠷᠡᠯᠰᠦ᠋ᠬᠡ ᠶᠡᠷᠦᠩᠬᠡᠢ ᠰᠠᠢᠢᠳ ᠢᠶᠠᠷ ᠠᠵᠢᠯᠯᠠᠵᠤ ᠪᠠᠢᠢᠬᠤ ᠳᠤ ᠪᠠᠨ ᠶᠠᠫᠣᠨ ᠤ ᠬᠥᠩ᠋ᠭᠡᠯᠡᠯᠲᠡᠲᠡᠶ ᠵᠢᠭᠡᠯᠡ ᠢᠢᠨ ᠒᠓·᠕ ᠲᠡᠷᠪᠤᠮ ᠲᠥᠭᠦᠷᠢᠭ᠌ ᠢ ᠲᠤᠰ ᠻᠣᠮᠫᠠᠨᠢ ᠢᠢᠨ ᠲᠧᠺᠨᠣᠯᠤᠭᠢ ᠢᠢᠨ ᠠᠦ᠋ᠲ᠋ᠣᠮᠠᠱᠢᠨ᠂ ᠮᠧᠬᠠᠨᠢᠰᠮ ᠤᠨ ᠒᠗ ᠬᠤᠪᠢ ᠢᠢ ᠰᠢᠨᠡᠴᠢᠯᠠᠬᠦ ᠳᠥ ᠵᠠᠷᠤᠴᠠᠭᠤᠯᠬᠤ ᠰᠢᠢᠳᠪᠦᠷᠢ ᠭᠠᠷᠭᠠᠵᠤ ᠪᠠᠢᠢᠭᠰᠠᠨ ᠶᠤᠮ᠃

ᠻᠣᠮᠫᠠᠨᠢ ᠢᠢᠨ ᠬᠠᠮᠲᠤ ᠣᠯᠠᠨ ᠲᠥᠷᠦ ᠢᠢᠨ ᠲᠡᠷᠢᠭᠦᠨ ᠦ ᠪᠣᠳᠤᠯᠭ᠎ᠠ᠂ ᠦᠢᠯᠡ ᠠᠵᠢᠯᠯᠠᠭ᠎ᠠ ᠢᠢ ᠳᠡᠮᠵᠢᠵᠦ᠂ «ᠬᠦᠨᠡᠰᠦᠨ ᠦ ᠬᠤᠪᠢᠰᠬᠠᠯ»᠂ «ᠲᠡᠷᠪᠤᠮ ᠮᠣᠳᠤ»᠂ «ᠡᠷᠡᠭᠦᠯ ᠮᠣᠩ᠋ᠭᠤᠯ ᠬᠦᠮᠦᠨ» ᠵᠡᠷᠭᠡ ᠦᠨᠳᠦᠰᠦᠨ ᠦ ᠬᠡᠮᠵᠢᠶᠡᠨ ᠦ ᠬᠥᠳᠡᠯᠭᠡᠭᠡᠨ᠂ ᠬᠥᠲᠦᠯᠪᠦᠷᠢ ᠳᠥ ᠪᠣᠳᠠᠲᠤ ᠬᠤᠪᠢ ᠨᠡᠮᠡᠷᠢ ᠣᠷᠤᠭᠤᠯᠵᠤ ᠪᠠᠢᠢᠭᠠᠳ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠯ᠎ᠡ᠃

ᠮᠥᠨ ᠡᠬᠡ ᠣᠷᠤᠨ ᠤ ᠪᠠᠨ ᠭᠠᠯ ᠭᠣᠯᠤᠮᠲᠠ ᠢᠢ ᠪᠠᠳᠠᠷᠠᠭᠠᠬᠤ ᠬᠥᠭ᠍ᠵᠢᠯ ᠴᠡᠴᠡᠭᠯᠡᠯᠲᠡ ᠢᠢᠨ ᠲᠤᠯᠭᠠᠭᠤᠷᠢ ᠪᠣᠯᠵᠤ᠂ ᠠᠭᠤᠷᠬᠠᠢᠢᠴᠢᠨ ᠬᠡᠮᠡᠬᠦ ᠨᠡᠷ᠎ᠡ ᠪᠡᠷ ᠣᠪᠤᠭᠯᠠᠨ᠂ ᠮᠡᠳᠡᠯᠭᠡ᠂ ᠤᠷ᠎ᠠ ᠴᠢᠳᠠᠪᠤᠷᠢ ᠪᠠᠨ ᠳᠠᠢᠢᠴᠢᠯᠠᠨ ᠠᠵᠢᠯᠯᠠᠵᠤ᠂ ᠠᠭᠤᠯᠠ ᠠᠭᠤᠷᠬᠠᠢ ᠢᠢᠨ ᠰᠠᠯᠪᠤᠷᠢ ᠢᠢᠨ ᠬᠥᠭ᠍ᠵᠢᠯ ᠢ ᠥᠨᠦ ᠢᠢᠨ ᠲᠥᠪᠰᠢᠨ ᠳᠥ ᠬᠦᠷᠭᠡᠬᠦ ᠳᠥ ᠦᠨ᠎ᠡ ᠲᠡᠶ ᠬᠤᠪᠢ ᠨᠡᠮᠡᠷᠢ ᠣᠷᠤᠭᠤᠯᠵᠤ ᠪᠠᠢᠢᠭ᠎ᠠ ᠢᠢ ᠮᠣᠩ᠋ᠭᠣᠯ ᠤᠨ ᠲᠥᠷᠦ᠂ ᠵᠠᠰᠠᠭ ᠢᠮᠠᠭᠲᠠ ᠦᠨᠡᠯᠡᠵᠦ ᠢᠷᠡᠭᠰᠡᠨ ᠢ ᠲᠡᠮᠳᠡᠭᠯᠡᠯ᠎ᠡ᠃