ᠶᠡᠷᠦᠩᠬᠡᠢᠢᠯᠡᠭᠴᠢ ᠢᠢ ᠲᠥᠯᠦᠭᠡᠯᠡᠨ ᠵᠥᠪᠯᠡᠬᠦ ᠡ᠊·ᠣᠳᠤᠪᠠᠶᠠᠷ «ᠨᠢᠭᠡ ᠡᠷᠡᠭᠦᠯ ᠮᠡᠨᠳᠦ» ᠳᠡᠭᠡᠳᠦ ᠬᠡᠮᠵᠢᠶᠡᠨ ᠦ ᠠᠭᠤᠯᠵᠠᠯᠲᠠ ᠳᠤ ᠣᠷᠤᠯᠴᠠᠪᠠ
ᠪᠦᠭᠦᠳᠡ ᠨᠠᠢᠢᠷᠠᠮᠳᠠᠬᠤ ᠹᠷᠠᠨ᠋ᠼᠠ ᠤᠯᠤᠰ ᠤᠨ ᠯᠢᠣᠨ ᠬᠣᠲᠠᠨ᠎ᠠ ᠐᠔ ᠊ᠳ᠋ᠦᠭᠡᠷ ᠰᠠᠷ᠎ᠠ ᠢᠢᠨ ᠐᠗ ᠤ ᠡᠳᠦᠷ ᠪᠣᠯᠤᠭᠰᠠᠨ «One Health» ᠪᠤᠶᠤ «ᠨᠢᠭᠡ ᠡᠷᠡᠭᠦᠯ ᠮᠡᠨᠳᠦ» ᠳᠡᠭᠡᠳᠦ ᠲᠥᠪᠰᠢᠨ ᠦ ᠠᠭᠤᠯᠵᠠᠯᠲᠠ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠢᠢ ᠲᠥᠯᠦᠭᠡᠯᠡᠨ ᠲᠡᠭᠦᠨ ᠦ ᠭᠠᠳᠠᠭᠠᠳᠤ ᠪᠣᠳᠤᠯᠭ᠎ᠠ ᠢᠢᠨ ᠵᠥᠪᠯᠡᠬᠦ ᠡ᠊·ᠣᠳᠤᠪᠠᠶᠠᠷ ᠣᠷᠤᠯᠴᠠᠯ᠎ᠠ᠃
ᠳᠡᠯᠡᠬᠡᠢ ᠢᠢᠨ ᠡᠷᠡᠭᠦᠯ ᠮᠡᠨᠳᠦ ᠢᠢᠨ ᠡᠳᠦᠷ ᠢ ᠲᠣᠬᠢᠶᠠᠯᠳᠤᠭᠤᠯᠤᠨ ᠵᠣᠬᠢᠶᠠᠨ ᠪᠠᠢᠢᠭᠤᠯᠤᠭᠰᠠᠨ ᠠᠭᠤᠯᠵᠠᠯᠲᠠ ᠨᠢ ᠬᠦᠮᠦᠨ᠂ ᠠᠮᠢᠲᠠᠨ᠂ ᠬᠦᠷᠢᠶᠡᠯᠡᠩ ᠪᠤᠢ ᠣᠷᠴᠢᠨ ᠤ ᠡᠷᠡᠭᠦᠯ ᠮᠡᠨᠳᠦ ᠬᠠᠷᠢᠯᠴᠠᠨ ᠤᠶᠠᠯᠳᠤᠭ᠎ᠠ ᠲᠠᠢ ᠪᠣᠯᠬᠤ ᠢᠢ ᠣᠨᠴᠠᠯᠠᠨ᠂ ᠡᠷᠡᠭᠦᠯ ᠮᠡᠨᠳᠦ ᠳᠥ ᠨᠥᠯᠦᠭᠡᠯᠡᠬᠦ ᠬᠦᠴᠦᠨ ᠵᠦᠢᠯᠡᠰ ᠢ ᠴᠣᠭᠴᠠ ᠪᠠᠢᠢᠳᠠᠯ ᠢᠶᠠᠷ ᠠᠪᠴᠤ ᠦᠵᠡᠵᠦ ᠪᠤᠢ ᠪᠠᠷ ᠢᠶᠠᠨ ᠣᠨᠴᠠᠯᠢᠭ ᠲᠠᠶ ᠶᠤᠮ᠃
ᠠᠭᠤᠯᠵᠠᠯᠲᠠ ᠢᠢᠨ ᠦᠶ᠎ᠡ ᠪᠡᠷ ᠶᠡᠷᠦᠩᠬᠡᠢᠢᠯᠡᠭᠴᠢ ᠢᠢᠨ ᠭᠠᠳᠠᠭᠠᠳᠤ ᠪᠣᠳᠤᠯᠭ᠎ᠠ ᠢᠢᠨ ᠵᠥᠪᠯᠡᠬᠦ ᠡ᠊·ᠣᠳᠤᠪᠠᠶᠠᠷ ᠪᠦᠭᠦᠳᠡ ᠨᠠᠢᠢᠷᠠᠮᠳᠠᠬᠤ ᠹᠷᠠᠨ᠋ᠼᠠ ᠤᠯᠤᠰ ᠤᠨ ᠶᠡᠷᠦᠩᠬᠡᠢᠢᠯᠡᠭᠴᠢ ᠧ᠊·ᠮᠠᠻᠷᠣᠨ ᠲᠠᠢ ᠠᠭᠤᠯᠵᠠᠵᠤ᠂ ᠶᠡᠷᠦᠩᠬᠡᠢᠢᠯᠡᠭᠴᠢ ᠤ·ᠬᠦᠷᠡᠯᠰᠦ᠋ᠬᠡ ᠢᠢᠨ ᠮᠡᠨᠳᠦᠴᠢᠯᠡᠭᠡ ᠢᠢ ᠤᠯᠠᠮᠵᠢᠯᠠᠯ᠎ᠠ᠃ ᠮᠥᠨ ᠶᠡᠷᠦᠩᠬᠡᠢᠢᠯᠡᠭᠴᠢ ᠢᠢᠨ ᠬᠠᠷᠢᠯᠴᠠᠨ ᠬᠢᠭ᠍ᠰᠡᠨ ᠠᠢᠢᠯᠴᠢᠯᠠᠯ ᠤᠳ ᠤᠨ ᠮᠥᠷ ᠢᠶᠡᠷ ᠬᠢᠬᠦ ᠠᠵᠢᠯ ᠤᠨ ᠲᠥᠯᠦᠪᠯᠡᠭᠡᠨ ᠳᠥ ᠲᠤᠰᠬᠠᠭᠳᠠᠭᠰᠠᠨ ᠠᠵᠢᠯ ᠤᠳ ᠤᠨ ᠬᠡᠷᠡᠭᠵᠢᠯᠲᠡ ᠠᠮᠵᠢᠯᠲᠠᠲᠠᠢ ᠬᠡᠷᠡᠭᠵᠢᠵᠦ ᠪᠠᠢᠢᠭ᠎ᠠ ᠲᠠᠯ᠎ᠠ ᠪᠠᠷ ᠶᠠᠷᠢᠯᠴᠠᠪᠠ᠃ ᠲᠡᠭᠦᠨᠴᠢᠯᠡᠨ ᠮᠣᠩ᠋ᠭᠣᠯ᠂ ᠹᠷᠠᠨ᠋ᠼᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠰᠡᠭᠦᠯ ᠦᠨ ᠵᠢᠯ ᠦᠳ ᠲᠥ ᠡᠷᠴᠢᠮ ᠲᠡᠶ ᠬᠥᠭ᠍ᠵᠢᠵᠦ ᠪᠤᠢ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠵᠦ᠂ ᠴᠢᠨᠠᠭᠰᠢᠳᠠ ᠤᠯᠠᠮ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠨᠢᠭ᠌ᠲᠠ ᠬᠠᠮᠲᠤᠷᠠᠨ ᠠᠵᠢᠯᠯᠠᠬᠤ ᠪᠠᠨ ᠨᠤᠲᠠᠯᠠᠯ᠎ᠠ᠃







