Та "Internet explorer"-ийн сүүлийн хувилбар болох "Microsoft edge"-г ашиглана уу

Хэрэв "Microsoft edge"-г татах бол энд дарж татаж авна уу

ᠬᠦᠨᠡᠰᠦᠨ ᠦ ᠡᠷᠳᠡᠮ ᠰᠢᠨᠵᠢᠯᠡᠭᠡ᠂ ᠰᠤᠳᠤᠯᠭᠠᠨ ᠤ ᠬᠦᠷᠢᠶᠡᠯᠡᠩ ᠢ ᠱᠠᠭᠠᠷᠳᠠᠭᠳᠠᠬᠤ ᠬᠥᠷᠦᠩ᠋᠋ᠭᠡ᠂ ᠵᠣᠷᠢᠭᠤᠯᠤᠯᠲᠠ ᠢᠢᠨ ᠪᠠᠢᠢᠷᠢ ᠪᠠᠷ ᠬᠠᠩ᠋᠋ᠭᠠᠨ᠎ᠠ

ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ «ᠬᠦᠨᠡᠰᠦᠨ ᠦ ᠬᠤᠪᠢᠰᠬᠠᠯ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠰᠢᠨᠵᠢᠯᠡᠬᠦ ᠤᠬᠠᠭᠠᠨ᠂ ᠲᠧᠺᠨᠣᠯᠣᠭᠢ ᠢᠢᠨ ᠶᠡᠬᠡ ᠰᠤᠷᠭᠠᠭᠤᠯᠢ ᠢᠢᠨ ᠬᠦᠨᠡᠰᠦᠨ ᠦ ᠡᠷᠳᠡᠮ ᠰᠢᠨᠵᠢᠯᠡᠭᠡ᠂ ᠰᠤᠳᠤᠯᠭᠠᠨ ᠤ ᠬᠦᠷᠢᠶᠡᠯᠡᠩ ᠳᠥ ᠠᠵᠢᠯᠯᠠᠯ᠎ᠠ᠃

ᠮᠠᠨ ᠤ ᠤᠯᠤᠰ ᠲᠤ «ᠬᠦᠨᠡᠰᠦᠨ ᠦ ᠡᠷᠳᠡᠮ ᠰᠢᠨᠵᠢᠯᠡᠭᠡ᠂ ᠵᠢᠷᠤᠭ ᠲᠥᠰᠦᠯ ᠦᠨ ᠢᠨ᠋ᠰᠲ᠋ᠢᠲ᠋ᠦ᠋ᠲ» ᠪᠠᠢᠢᠭᠰᠠᠨ ᠴᠦ ᠵᠠᠬ᠎ᠠ ᠵᠢᠭᠡᠯᠡ ᠢᠢᠨ ᠨᠡᠢᠢᠭᠡᠮ ᠳᠥ ᠰᠢᠯᠵᠢᠬᠦ ᠦᠶ᠎ᠡ ᠳᠥ ᠬᠤᠪᠢᠴᠢᠯᠠᠭᠳᠠᠭᠰᠠᠨ ᠢᠶᠠᠷ ᠬᠦᠨᠡᠰᠦ᠂ ᠬᠣᠭᠤᠯᠠᠨ ᠤ ᠰᠠᠯᠪᠤᠷᠢ ᠡᠷᠳᠡᠮ ᠰᠢᠨᠵᠢᠯᠡᠭᠡᠨ ᠦ ᠮᠡᠷᠭᠡᠰᠢᠭᠰᠡᠨ ᠪᠠᠢᠢᠭᠤᠯᠤᠯᠭ᠎ᠠ ᠦᠭᠡᠢ ᠥᠨᠦ ᠢᠢ ᠬᠦᠷᠦᠭᠰᠡᠨ ᠪᠠᠢᠢᠭᠰᠠᠨ ᠶᠤᠮ᠃

ᠡᠢᠢᠮᠦ ᠡᠴᠡ «ᠬᠦᠨᠡᠰᠦᠨ ᠦ ᠬᠠᠩ᠋᠋ᠭᠠᠮᠵᠢ᠂ ᠠᠶᠤᠯ ᠦᠭᠡᠢ ᠪᠠᠢᠢᠳᠠᠯ ᠢ ᠬᠠᠩ᠋᠋ᠭᠠᠬᠤ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ» ᠤᠯᠤᠰ ᠤᠨ ᠶᠡᠬᠡ ᠬᠤᠷᠠᠯ ᠤᠨ ᠲᠣᠭᠲᠠᠭᠠᠯ ᠤᠨ ᠬᠦᠷᠢᠶᠡᠨ ᠳᠥ ᠒᠐᠒᠔ ᠣᠨ ᠳᠤ ᠵᠠᠰᠠᠭ ᠤᠨ ᠭᠠᠵᠠᠷ ᠤᠨ ᠲᠣᠭᠲᠠᠭᠠᠯ ᠢᠶᠠᠷ ᠬᠦᠨᠡᠰᠦᠨ ᠦ ᠡᠷᠳᠡᠮ ᠰᠢᠨᠵᠢᠯᠡᠭᠡ᠂ ᠰᠤᠳᠤᠯᠭᠠᠨ ᠤ ᠬᠦᠷᠢᠶᠡᠯᠡᠩ ᠢ ᠪᠠᠢᠢᠭᠤᠯᠤᠭᠰᠠᠨ᠃

ᠬᠦᠷᠢᠶᠡᠯᠡᠩ ᠨᠢ ᠬᠦᠨᠡᠰᠦᠨ ᠦ ᠬᠢᠮᠢ ᠢᠢᠨ᠂ ᠷᠧᠣᠯᠣᠭᠢ ᠢᠢᠨ᠂ ᠪᠦᠲᠦᠭᠡᠭ᠍ᠳᠡᠬᠦᠨ ᠬᠥᠭ᠍ᠵᠢᠭᠦᠯᠦᠯᠲᠡ ᠢᠢᠨ᠂ ᠪᠠᠭᠠᠵᠢᠲᠤ ᠠᠨᠠᠯᠢᠽᠢ ᠢᠢᠨ᠂ ᠮᠣᠯᠧᠻᠦ᠋ᠯ ᠪᠢᠣᠯᠣᠭᠢ ᠢᠢᠨ ᠯᠠᠪᠣᠷᠠᠲ᠋ᠣᠷᠢ ᠲᠠᠶ᠃

• ᠢᠮᠫᠣᠷᠲ ᠢ ᠣᠷᠤᠯᠠᠬᠤ᠂ ᠰᠢᠮ᠎ᠡ ᠲᠡᠵᠢᠭᠡᠯᠯᠢᠭ᠌᠂ ᠡᠷᠡᠭᠦᠯ ᠮᠡᠨᠳᠦ ᠢᠢ ᠳᠡᠮᠵᠢᠬᠦ ᠰᠢᠨ᠎ᠡ ᠪᠦᠲᠦᠭᠡᠭ᠍ᠳᠡᠬᠦᠨ ᠦ ᠰᠤᠳᠤᠯᠭ᠎ᠠ᠂ ᠲᠧᠺᠨᠣᠯᠤᠭᠢ ᠬᠥᠭ᠍ᠵᠢᠭᠦᠯᠦᠯᠲᠡ᠂ ᠢᠨ᠋᠊᠊ᠨᠣᠸᠠᠼ ᠢ ᠳᠡᠮᠵᠢᠬᠦ᠂

• ᠬᠦᠨᠡᠰᠦᠨ ᠦ ᠪᠦᠲᠦᠭᠡᠭ᠍ᠳᠡᠬᠦᠨ ᠦ ᠨᠠᠢᠢᠷᠠᠯᠭ᠎ᠠ ᠢᠢᠨ ᠮᠡᠳᠡᠭᠡᠯᠡᠯ ᠦᠨ ᠰᠠᠩ ᠪᠦᠷᠢᠳᠦᠭᠦᠯᠬᠦ᠂ ᠪᠠᠶᠠᠵᠢᠭᠤᠯᠬᠤ᠂

• ᠮᠣᠯᠧᠻᠦ᠋ᠯ ᠪᠢᠣᠯᠣᠭᠢ ᠢᠢᠨ ᠰᠤᠳᠤᠯᠭ᠎ᠠ ᠬᠢᠬᠦ᠂

• ᠥᠨᠳᠦᠷ ᠮᠡᠳᠡᠷᠡᠮᠵᠢ ᠲᠡᠶ ᠪᠠᠭᠠᠵᠢᠲᠤ ᠠᠨᠠᠯᠢᠽᠢ ᠢᠢᠨ ᠠᠷᠭ᠎ᠠ ᠵᠦᠢ ᠢᠢᠨ ᠲᠤᠷᠰᠢᠯᠲᠠ᠂ ᠵᠦᠭᠰᠢᠷᠡᠭᠦᠯᠦᠯᠲᠡ᠂ ᠨᠤᠲᠤᠭᠰᠢᠭᠤᠯᠤᠯᠲᠠ ᠵᠡᠷᠭᠡ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃

ᠳᠡᠯᠡᠬᠡᠢ ᠢᠢᠨ ᠣᠯᠠᠨ ᠤᠯᠤᠰ᠂ ᠲᠤᠬᠠᠢᠢᠯᠠᠪᠠᠯ ᠠᠽᠢ ᠲ᠋ᠢᠢᠪ ᠦᠨ ᠑᠒ ᠣᠷᠤᠨ ᠬᠦᠨᠡᠰᠦᠨ ᠦ ᠪᠦᠲᠦᠭᠡᠭ᠍ᠳᠡᠬᠦᠨ ᠦ ᠨᠠᠢᠢᠷᠠᠯᠭ᠎ᠠ ᠢᠢᠨ ᠨᠢᠭᠡᠳᠦᠭᠰᠡᠨ ᠮᠡᠳᠡᠭᠡᠯᠡᠯ ᠦᠨ ᠰᠠᠩ ᠲᠠᠢ᠃

ᠡᠨᠡ ᠰᠠᠩ ᠨᠢ ᠬᠦᠮᠦᠨ ᠠᠮᠠ ᠢᠢᠨ ᠬᠣᠭᠤᠯᠠ᠂ ᠰᠢᠮ᠎ᠡ ᠲᠡᠵᠢᠭᠡᠯ ᠦᠨ ᠪᠣᠯᠪᠠᠰᠤᠷᠠᠯ᠂ ᠬᠦᠨᠡᠰᠦ᠂ ᠬᠥᠳᠡᠭᠡ ᠠᠵᠤ ᠠᠬᠤᠢ ᠢᠢᠨ ᠦᠢᠯᠡᠳᠪᠦᠷᠢᠯᠡᠯ ᠦᠨ ᠬᠥᠭ᠍ᠵᠢᠯ ᠳᠥ ᠰᠠᠭᠤᠷᠢ ᠥᠭ᠍ᠭᠦᠭ᠍ᠳᠡᠯ ᠪᠣᠯᠬᠤ ᠠᠴᠠ ᠭᠠᠳᠠᠨ᠎ᠠ ᠬᠦᠨᠡᠰᠦᠨ ᠦ ᠡᠻᠰᠫᠣᠷᠲ ᠢ ᠳᠡᠮᠵᠢᠵᠦ᠂ ᠦᠨᠳᠦᠰᠦᠨ ᠦ ᠦᠢᠯᠡᠳᠪᠦᠷᠢᠯᠡᠭᠴᠢᠳ ᠦᠨ ᠪᠦᠲᠦᠭᠡᠭ᠍ᠳᠡᠬᠦᠨ ᠦ ᠠᠭᠤᠯᠭ᠎ᠠ᠂ ᠰᠢᠮ᠎ᠡ ᠲᠡᠵᠢᠭᠡᠯ ᠢ ᠪᠣᠳᠠᠲᠤ ᠪᠠᠷ ᠦᠨᠡᠯᠡᠨ ᠦᠨ᠎ᠡ ᠴᠡᠨ᠎ᠡ ᠢᠢ ᠨᠢ ᠥᠰᠬᠡᠬᠦ ᠠᠴᠢ ᠬᠣᠯᠪᠤᠭᠳᠠᠯ ᠲᠠᠶ ᠭᠡᠵᠦ ᠦᠵᠡᠳᠡᠭ ᠪᠠᠢᠢᠨ᠎ᠠ᠃

ᠮᠠᠨ ᠤ ᠤᠯᠤᠰ ᠣᠷᠴᠢᠨ ᠦᠶ᠎ᠡ ᠢᠢᠨ ᠱᠠᠭᠠᠷᠳᠠᠯᠭ᠎ᠠ ᠳᠤ ᠨᠡᠢᠢᠴᠡᠭᠰᠡᠨ ᠢᠵᠢ ᠪᠦᠷᠢᠨ ᠰᠤᠳᠤᠯᠭᠠᠨ ᠤ ᠣᠷᠴᠢᠨ ᠨᠥᠬᠦᠴᠡᠯ᠂ ᠮᠡᠷᠭᠡᠰᠢᠭᠰᠡᠨ ᠪᠣᠯᠪᠠᠰᠤᠨ ᠬᠦᠴᠦᠨ ᠪᠠᠢᠢᠬᠤ ᠦᠭᠡᠢ ᠡᠴᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠤᠨ ᠬᠦᠨᠡᠰᠦ᠂ ᠬᠥᠳᠡᠭᠡ ᠠᠵᠤ ᠠᠬᠤᠢ ᠢᠢᠨ ᠪᠠᠢᠢᠭᠤᠯᠤᠯᠭ᠎ᠠ ᠢᠢᠨ ᠳᠡᠷᠭᠡᠳᠡ ᠬᠦᠨᠡᠰᠦᠨ ᠦ ᠪᠦᠲᠦᠭᠡᠭᠳᠡᠬᠦᠨ ᠦ ᠬᠢᠮᠢ ᠢᠢᠨ ᠨᠠᠢᠢᠷᠠᠯᠭ᠎ᠠ ᠢᠢᠨ ᠮᠡᠳᠡᠭᠡᠯᠡᠯ ᠦᠨ ᠰᠠᠩ ᠤᠨ INFOODS ᠣᠯᠠᠨ ᠤᠯᠤᠰ ᠤᠨ ᠰᠦᠯᠵᠢᠶᠡᠨ ᠳᠦ ᠥᠨᠦᠳᠦᠷ ᠢ ᠬᠦᠷᠲᠡᠯ᠎ᠡ ᠨᠢᠭᠡᠳᠦᠭᠡ ᠦᠭᠡᠢ᠃

ᠡᠢᠢᠮᠦ ᠡᠴᠡ ᠬᠦᠮᠦᠨ ᠦ ᠨᠥᠭᠡᠴᠡ ᠪᠡᠨ ᠴᠢᠳᠠᠪᠬᠢᠵᠢᠭᠤᠯᠬᠤ᠂ ᠮᠡᠷᠭᠡᠰᠢᠭᠦᠯᠬᠦ᠂ ᠥᠨᠳᠦᠷ ᠮᠡᠳᠡᠷᠡᠮᠵᠢᠲᠦ ᠪᠠᠭᠠᠵᠢ᠂ ᠲᠣᠨᠤᠭ ᠲᠥᠬᠦᠭᠡᠷᠦᠮᠵᠢ ᠪᠡᠷ ᠬᠠᠩ᠋᠋ᠭᠠᠵᠤ᠂ ᠬᠦᠴᠦᠨ ᠴᠢᠳᠠᠯ ᠢ ᠨᠢ ᠥᠷᠭᠡᠵᠢᠭᠦᠯᠬᠦ ᠱᠠᠭᠠᠷᠳᠠᠯᠭ᠎ᠠ ᠪᠠᠢᠢᠭ᠎ᠠ ᠢᠢ ᠬᠦᠷᠢᠶᠡᠯᠡᠩ ᠦᠨ ᠵᠠᠬᠢᠷᠤᠯ᠂ ᠳ᠋ᠣᠻᠲ᠋ᠤᠷ ᠮ·ᠫᠦᠷᠪᠦᠵᠠᠪ ᠬᠡᠯᠡᠯ᠎ᠡ᠃

ᠶᠡᠷᠦᠩᠬᠡᠢᠢᠯᠡᠭᠴᠢ ᠤ·ᠬᠦᠷᠡᠯᠰᠦ᠋ᠬᠡ ᠨᠢᠭᠡᠳᠦᠭᠰᠡᠨ ᠮᠡᠳᠡᠭᠡᠯᠡᠯ ᠦᠨ ᠰᠠᠩ ᠪᠦᠷᠢᠳᠦᠭᠦᠯᠬᠦ᠂ ᠰᠤᠳᠤᠯᠭ᠎ᠠ᠂ ᠰᠢᠨᠵᠢᠯᠡᠭᠡ ᠬᠢᠬᠦ᠂ ᠲᠣᠨᠤᠭ ᠲᠥᠬᠦᠭᠡᠷᠦᠮᠵᠢ ᠠᠪᠬᠤ ᠳᠤ ᠱᠠᠭᠠᠷᠳᠠᠭᠳᠠᠬᠤ ᠬᠥᠷᠦᠩ᠋᠋ᠭᠡ᠂ ᠳᠡᠯᠡᠬᠡᠢ ᠢᠢᠨ ᠲᠥᠪᠰᠢᠨ ᠳᠦ ᠬᠦᠷᠦᠭᠰᠡᠨ᠂ ᠰᠲ᠋ᠠᠨ᠋ᠳᠠᠷᠲ ᠤᠨ ᠱᠠᠭᠠᠷᠳᠠᠯᠭ᠎ᠠ ᠬᠠᠩ᠋᠋ᠭᠠᠭᠰᠠᠨ ᠵᠣᠷᠢᠭᠤᠯᠤᠯᠲᠠ ᠢᠢᠨ ᠪᠠᠢᠢᠷᠢ ᠲᠠᠢ ᠪᠣᠯᠭᠠᠬᠤ ᠳᠤ ᠣᠨᠴᠤᠭᠤᠢ ᠠᠩᠬᠠᠷᠬᠤ ᠪᠠᠨ ᠢᠯᠡᠷᠬᠡᠢᠢᠯᠡᠯ᠎ᠡ᠃

ᠳᠡᠯᠡᠬᠡᠢ ᠢᠢᠨ ᠣᠷᠤᠨ ᠨᠤᠭᠤᠳ ᠲᠤ ᠬᠦᠨᠡᠰᠦ᠂ ᠬᠣᠭᠤᠯᠠ᠂ ᠲᠡᠭᠦᠨ ᠦ ᠰᠢᠮ᠎ᠡ ᠲᠡᠵᠢᠭᠡᠯ ᠦᠨ ᠠᠰᠠᠭᠤᠳᠠᠯ ᠬᠠᠷᠢᠭᠤᠴᠠᠭᠰᠠᠨ ᠡᠷᠳᠡᠮ ᠰᠢᠨᠵᠢᠯᠡᠭᠡ᠂ ᠰᠤᠳᠤᠯᠭᠠᠨ ᠤ ᠪᠠᠢᠢᠭᠤᠯᠤᠯᠭ᠎ᠠ ᠲᠥᠷᠦ ᠢᠢᠨ ᠳᠡᠮᠵᠢᠯᠭᠡ ᠳᠣᠣᠷ᠎ᠠ ᠠᠵᠢᠯᠯᠠᠵᠤ᠂ ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋᠋ᠭᠠᠬᠤ ᠳᠤ ᠴᠢᠬᠤᠯᠠ ᠡᠭᠦᠷᠭᠡ ᠭᠦᠢᠴᠡᠳᠬᠡᠳᠡᠭ ᠶᠤᠮ ᠪᠠᠢᠢᠨ᠎ᠠ᠃