Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠠᠷᠪᠠᠭᠤᠯᠲᠤ ᠵᠠᠪᠢᠨ ᠤ ᠤᠷᠤᠯᠳᠤᠭᠠᠨ ᠤ ᠱᠠᠩᠨᠠᠯ ᠭᠠᠷᠳᠠᠭᠤᠯᠬᠤ ᠶᠣᠰᠣᠯᠠᠯ ᠳᠤ ᠣᠷᠣᠯᠴᠠᠯ᠎ᠠ

ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠ ᠳᠤ ᠪᠣᠯᠵᠤ ᠪᠤᠢ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭᠠᠨ ᠤ ᠬᠣᠶᠠᠷ ᠳ᠋ᠠᠬᠢ ᠡᠳᠦᠷ 《ᠷᠣᠰᠺᠣᠩᠷᠧᠰ ᠴᠣᠮᠣ》 ᠍ ᠤᠨ ᠲᠥᠯᠦᠭᠡᠬᠢ Platu 25 ᠳᠠᠷᠪᠠᠭᠤᠯᠲᠤ ᠵᠠᠪᠢᠨ ᠤ ᠤᠷᠤᠯᠳᠤᠭᠠᠨ ᠪᠣᠯᠵᠤ ᠥᠩᠭᠡᠷᠡᠯ᠎ᠡ᠃ ᠤᠭ ᠤᠷᠤᠯᠳᠤᠭᠠᠨ ᠳᠤ ᠣᠷᠣᠰ ᠤᠨ ᠠᠯᠤᠰ ᠳᠣᠷᠣᠨᠠᠲᠤ ᠪᠣᠯᠤᠨ ᠪᠤᠰᠤᠳ ᠪᠦᠰᠡ ᠨᠤᠲᠤᠭ ᠠᠴᠠ ᠬᠦᠷᠦᠯᠴᠡᠨ ᠢᠷᠡᠭᠰᠡᠨ ᠮᠡᠷᠭᠡᠵᠢᠯ ᠦᠨ 14 ᠪᠠᠭ ᠥᠷᠢᠰᠦᠯᠳᠦᠭᠰᠡᠨ ᠪᠠᠢᠢᠨ᠎ᠠ᠃

 

ᠳᠣᠷᠣᠨ᠎ᠠ ᠢᠢᠨ ᠡᠳ᠋ ᠍ ᠦᠨ ᠵᠠᠰᠠᠭ ᠤᠨ ᠴᠢᠭᠤᠯᠭᠠᠨ ᠤ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠭᠰᠠᠨ ᠤ ᠪᠠᠨ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠴᠢᠭᠤᠯᠭᠠᠨ ᠳᠤ ᠣᠷᠣᠯᠴᠠᠵᠤ ᠪᠠᠢᠢᠭ᠎ᠠ ᠲᠥᠷᠥ ᠢᠢᠨ ᠲᠡᠷᠢᠭᠦᠨ᠂ ᠶᠡᠷᠦᠩᠬᠡᠢ ᠰᠠᠢᠢᠳ ᠨᠠᠷ ᠤᠨ ᠬᠠᠮᠲᠤ ᠪᠠᠷ ᠲᠤᠰ ᠲᠡᠮᠡᠴᠡᠭᠡᠨ ᠦ ᠢᠯᠠᠭᠴᠢᠳ ᠤᠨ ᠱᠠᠩᠨᠠᠯ ᠢ ᠭᠠᠷᠳᠠᠭᠤᠯᠬᠤ ᠶᠣᠰᠣᠯᠠᠯ ᠳᠤ ᠣᠷᠣᠯᠴᠠᠯ᠎ᠠ᠃ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠪᠠᠭ ᠲᠤ 《ᠡᠷ᠎ᠡ ᠵᠣᠷᠢᠭ ᠤᠨ ᠱᠠᠩᠨᠠᠯ》 ᠭᠠᠷᠳᠠᠭᠤᠯᠪᠠ᠃