ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃ ᠬᠣᠶᠠᠷ ᠤᠯᠤᠰ ᠤᠨ ᠲᠥᠷᠦ ᠢᠢᠨ ᠲᠡᠷᠢᠭᠦᠨ ᠭᠠᠭᠴᠠᠭᠠᠷᠴᠢᠯᠠᠨ ᠠᠭᠤᠯᠵᠠᠭᠰᠠᠨ ᠤ ᠳᠠᠷᠠᠭ᠎ᠠ ᠠᠯᠪᠠᠨ ᠶᠣᠰᠤᠨ ᠤ ᠬᠡᠯᠡᠯᠴᠡᠭᠡ ᠬᠢᠯ᠎ᠡ᠃
ᠶᠡᠷᠦᠩᠬᠡᠢᠢᠯᠡᠭᠴᠢ ᠤ·ᠬᠦᠷᠡᠯᠰᠦ᠋ᠬᠡ ᠲᠥᠪ ᠠᠽᠢ ᠢᠢᠨ ᠪᠦᠰᠡ ᠨᠤᠲᠤᠭ ᠳ᠋ᠠᠬᠢ ᠠᠩᠬᠠᠨ ᠤ ᠰᠲ᠋ᠷᠠᠲ᠋ᠧᠭᠢ ᠢᠢᠨ ᠲᠦᠩᠰᠢ ᠣᠷᠤᠨ ᠻᠠᠽᠠᠻᠰᠲ᠋ᠠᠨ ᠲᠠᠢ ᠬᠠᠷᠢᠯᠴᠠᠭ᠎ᠠ ᠪᠠᠨ ᠤᠯᠠᠮ ᠪᠡᠬᠢᠵᠢᠭᠦᠯᠬᠦ ᠢᠢᠨ ᠲᠥᠯᠦᠭᠡ ᠭᠡᠳᠡᠭ ᠢᠶᠡᠨ ᠨᠤᠲᠠᠯᠠᠵᠤ᠂ ᠬᠠᠯᠠᠭᠤᠨ ᠳᠣᠲᠤᠨᠤ ᠪᠠᠷ ᠬᠦᠯᠢᠶᠡᠨ ᠠᠪᠴᠤ ᠪᠠᠢᠢᠭ᠎ᠠ ᠶᠡᠷᠦᠩᠬᠡᠢᠢᠯᠡᠭᠴᠢ ᠻᠠ᠊·ᠲᠣᠻᠠᠶᠧᠸ ᠪᠣᠯᠤᠨ ᠻᠠᠽᠠᠻᠰᠲ᠋ᠠᠨ ᠤ ᠲᠥᠷᠦ᠂ ᠵᠠᠰᠠᠭ᠂ ᠠᠷᠠᠳ ᠲᠦᠮᠡᠨ ᠳᠥ ᠲᠠᠯᠠᠷᠬᠠᠯ ᠢᠯᠡᠷᠬᠡᠢᠢᠯᠡᠯ᠎ᠡ᠃
ᠶᠡᠷᠦᠩᠬᠡᠢᠢᠯᠡᠭᠴᠢ ᠤ·ᠬᠦᠷᠡᠯᠰᠦ᠋ᠬᠡ ᠢᠢᠨ ᠠᠢᠢᠯᠴᠢᠯᠠᠯ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠷᠭᠡᠵᠢᠨ ᠬᠥᠭ᠍ᠵᠢᠬᠦ ᠳᠥ ᠴᠢᠬᠤᠯᠠ ᠲᠦᠯᠬᠢᠴᠡ ᠦᠵᠡᠭᠦᠯᠦᠭᠰᠡᠨ᠂ ᠣᠨᠴᠤᠭᠤᠢ ᠠᠴᠢ ᠬᠣᠯᠪᠤᠭᠳᠠᠯ ᠲᠠᠶ ᠢᠢ ᠶᠡᠷᠦᠩᠬᠡᠢᠢᠯᠡᠭᠴᠢ ᠻᠠ᠊·ᠲᠣᠻᠠᠶᠧᠸ ᠣᠨᠴᠠᠯᠠᠨ ᠲᠡᠮᠳᠡᠭᠯᠡᠯ᠎ᠡ᠃
ᠲᠠᠯ᠎ᠠ ᠨᠤᠭᠤᠳ ᠥᠩ᠋ᠭᠡᠷᠡᠭᠰᠡᠨ ᠓᠐ ᠭᠠᠷᠤᠢ ᠵᠢᠯ ᠦᠨ ᠬᠠᠷᠢᠯᠴᠠᠭᠠᠨ ᠤ ᠣᠯᠤᠯᠲᠠ ᠠᠮᠵᠢᠯᠲᠠ ᠪᠠᠨ ᠳ᠋ᠦᠩᠨᠡᠨ᠂ ᠬᠠᠮᠲᠤ ᠢᠢᠨ ᠠᠵᠢᠯᠯᠠᠭ᠎ᠠ ᠢᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠤᠨ᠂ ᠪᠦᠬᠦᠢ ᠯᠠ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠲᠠᠯ᠎ᠠ ᠪᠠᠷ ᠶᠠᠷᠢᠯᠴᠠᠯ᠎ᠠ᠃
ᠬᠣᠶᠠᠷ ᠤᠯᠤᠰ ᠤᠨ ᠶᠡᠷᠦᠩᠬᠡᠢᠢᠯᠡᠭᠴᠢ ᠢᠢᠨ ᠲᠥᠪᠰᠢᠨ ᠳᠥ ᠬᠠᠷᠢᠯᠴᠠᠨ ᠲᠣᠬᠢᠷᠠᠯᠴᠠᠭᠰᠠᠨ ᠠᠰᠠᠭᠤᠳᠠᠯ ᠤᠳ ᠪᠣᠳᠠᠲᠤ ᠠᠵᠢᠯ ᠬᠡᠷᠡᠭ ᠪᠣᠯᠵᠤ ᠪᠠᠢᠢᠭ᠎ᠠ ᠢᠢ ᠲᠥᠷᠦ ᠢᠢᠨ ᠲᠡᠷᠢᠭᠦᠨ ᠨᠠᠷ ᠲᠡᠮᠳᠡᠭᠯᠡᠵᠦ᠂ ᠴᠢᠨᠠᠭᠰᠢᠳᠠ ᠬᠤᠳᠠᠯᠳᠤᠭ᠎ᠠ᠂ ᠡᠳ᠋ ᠦᠨ ᠵᠠᠰᠠᠭ ᠤᠨ ᠪᠣᠯᠤᠨ ᠪᠤᠰᠤᠳ ᠪᠦᠬᠦ ᠰᠠᠯᠪᠤᠷᠢ ᠳᠤ ᠬᠠᠷᠢᠯᠴᠠᠨ ᠠᠰᠢᠭ ᠲᠠᠢ ᠬᠠᠮᠲᠤᠷᠠᠨ ᠠᠵᠢᠯᠯᠠᠬᠤ ᠥᠷᠭᠡᠨ ᠪᠣᠯᠤᠮᠵᠢ ᠪᠠᠢᠢᠭ᠎ᠠ ᠭᠡᠳᠡᠭ ᠲᠥ ᠰᠠᠨᠠᠯ ᠨᠢᠭᠡᠳᠦᠯ᠎ᠡ᠃
ᠬᠣᠶᠠᠷ ᠤᠯᠤᠰ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠡᠯᠭᠡ ᠲᠡᠮᠳᠡᠭ ᠪᠣᠯᠬᠤᠢᠢᠴᠠ ᠲᠣᠮᠣᠬᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠪᠡᠷ ᠪᠣᠯᠤᠯ᠎ᠠ᠃
ᠬᠤᠳᠠᠯᠳᠤᠭᠠᠨ ᠤ ᠡᠷᠭᠢᠯᠲᠡ ᠢᠢ ᠕᠐᠐ ᠰᠠᠶ᠎ᠠ ᠠᠮ᠊·ᠳ᠋ᠣᠯᠯᠠᠷ ᠲᠤ ᠬᠦᠷᠭᠡᠬᠦ ᠵᠣᠷᠢᠯᠲᠠ ᠢᠢᠨ ᠬᠦᠷᠢᠶᠡᠨ ᠳᠥ ᠮᠣᠩ᠋ᠭᠣᠯ ᠠᠴᠠ ᠨᠣᠣᠰᠤ᠂ ᠨᠣᠯᠤᠤᠷ᠂ ᠠᠷᠠᠰᠤ᠂ ᠰᠢᠷᠢ᠂ ᠮᠢᠬ᠎ᠠ᠂ ᠮᠢᠬᠠᠨ ᠪᠦᠲᠦᠭᠡᠭ᠍ᠳᠡᠬᠦᠨ᠂ ᠻᠠᠽᠠᠻᠰᠲ᠋ᠠᠨ ᠠᠴᠠ ᠵᠢᠮᠢᠰ᠂ ᠵᠢᠮᠢᠰᠬᠡᠨ᠎ᠡ᠂ ᠬᠦᠨᠡᠰᠦᠨ ᠦ ᠨᠣᠭᠤᠭ᠎ᠠ᠂ ᠤᠯᠠᠭᠠᠨ ᠪᠤᠭᠤᠳᠠᠢ ᠵᠡᠷᠭᠡ ᠪᠦᠲᠦᠭᠡᠭ᠍ᠳᠡᠬᠦᠨ ᠦ ᠨᠡᠢᠢᠯᠡᠭᠦᠯᠦᠯᠲᠡ ᠢᠢ ᠨᠡᠮᠡᠭᠳᠡᠭᠦᠯᠬᠦ ᠪᠡᠷ ᠲᠣᠬᠢᠷᠠᠯᠴᠠᠯ᠎ᠠ᠃
«ᠮᠣᠩ᠋ᠭᠣᠯ ᠤᠯᠤᠰ ᠪᠣᠯᠤᠨ ᠧᠦ᠋ᠷᠣᠠᠽᠢ ᠢᠢᠨ ᠡᠳ᠋ ᠦᠨ ᠵᠠᠰᠠᠭ ᠤᠨ ᠬᠣᠯᠪᠤᠭ᠎ᠠ ᠬᠣᠭᠤᠷᠤᠨᠳᠤ ᠢᠢᠨ ᠴᠢᠯᠦᠭᠡᠲᠦ ᠬᠤᠳᠠᠯᠳᠤᠭᠠᠨ ᠤ ᠲᠦᠷ ᠬᠡᠯᠡᠯᠴᠡᠭᠡᠷ» ᠢ ᠬᠡᠷᠡᠭᠵᠢᠭᠦᠯᠬᠦ ᠬᠦᠷᠢᠶᠡᠨ ᠳᠥ ᠬᠠᠮᠲᠤᠷᠠᠭᠰᠠᠨ ᠵᠠᠮ ᠤᠨ ᠵᠢᠷᠤᠭᠯᠠᠯ ᠭᠠᠷᠭᠠᠬᠤ ᠪᠠᠷ ᠪᠣᠯᠤᠯ᠎ᠠ᠃
«ᠾᠦᠩᠨᠦ ᠧᠢᠢᠷ» ᠻᠣᠮᠫᠠᠨᠢ ᠤᠯᠠᠭᠠᠨᠪᠠᠭᠠᠲᠤᠷ-ᠠᠯᠮᠠᠲ᠋ᠢ ᠴᠢᠭᠯᠡᠯ ᠳᠥ ᠲᠣᠭᠲᠠᠮᠠᠯ ᠨᠢᠰᠦᠯᠭᠡ ᠦᠢᠯᠡᠳᠴᠦ ᠪᠠᠢᠢᠭ᠎ᠠ ᠪᠣᠯ ᠢᠷᠡᠬᠦ ᠖ ᠳ᠋ᠤᠭᠠᠷ ᠰᠠᠷ᠎ᠠ ᠠᠴᠠ ᠻᠠᠽᠠᠻᠰᠲ᠋ᠠᠨ ᠤ «ᠰᠻᠠᠲ᠋» ᠠᠪᠢᠶ᠎ᠠ ᠻᠣᠮᠫᠠᠨᠢ ᠤᠯᠠᠭᠠᠨᠪᠠᠭᠠᠲᠤᠷ-ᠠᠰᠲ᠋ᠠᠨᠠ ᠴᠢᠭᠯᠡᠯ ᠳᠥ ᠰᠢᠭᠤᠳ ᠨᠢᠰᠦᠯᠭᠡ ᠪᠡᠨ ᠡᠬᠢᠯᠡᠬᠦ ᠪᠡᠷ ᠪᠣᠯᠤᠯ᠎ᠠ᠃


ᠪᠠᠶᠠᠨ-ᠥᠯᠦᠬᠡᠢ ᠠᠢᠢᠮᠠᠭ ᠤᠨ ᠢᠷᠭᠡᠳ ᠦᠨ ᠣᠯᠠᠨ ᠵᠢᠯ ᠬᠦᠰᠡᠵᠦ᠂ ᠬᠦᠯᠢᠶᠡᠵᠦ ᠪᠠᠢᠢᠭᠰᠠᠨ ᠪᠠᠶᠠᠨ-ᠥᠯᠦᠬᠡᠢ-ᠥᠰᠻᠧᠮᠧᠨ ᠴᠢᠭᠯᠡᠯ ᠦᠨ ᠰᠢᠭᠤᠳ ᠨᠢᠰᠦᠯᠭᠡ ᠢᠢ ᠰᠡᠷᠭᠦᠭᠡᠵᠦ᠂ ᠪᠠᠶᠠᠨ-ᠥᠯᠦᠬᠡᠢ ᠳᠥ ᠻᠠᠽᠠᠻᠰᠲ᠋ᠠᠨ ᠤ ᠻᠣᠨ᠋ᠰᠦ᠋ᠯ ᠤᠨ ᠭᠠᠵᠠᠷ ᠪᠠᠢᠢᠭᠤᠯᠬᠤ ᠪᠠᠷ ᠲᠣᠬᠢᠷᠠᠯᠴᠠᠯ᠎ᠠ᠃
ᠴᠢᠨᠠᠭᠰᠢᠳᠠ ᠵᠠᠮ᠂ ᠲᠡᠭᠡᠭᠡᠪᠦᠷᠢ ᠢᠢᠨ ᠰᠠᠯᠪᠤᠷᠢ ᠳᠤ ᠲᠤᠯᠭᠠᠷᠠᠵᠤ ᠪᠤᠢ ᠰᠠᠭᠠᠳ ᠪᠡᠷᠬᠡᠰᠢᠶᠡᠯ ᠢ ᠠᠷᠢᠯᠭᠠᠬᠤ᠂ ᠲᠡᠭᠡᠭᠡᠪᠦᠷᠢ᠂ ᠯᠣᠭᠢᠰᠲ᠋ᠢᠭ ᠤᠨ ᠳᠥᠲᠡ ᠮᠠᠷᠱᠷᠦ᠋ᠲ ᠪᠤᠢ ᠪᠣᠯᠭᠠᠬᠤ ᠪᠣᠯᠤᠮᠵᠢ ᠢᠢ ᠰᠤᠳᠤᠯᠬᠤ ᠠᠵᠢᠯ ᠤᠨ ᠬᠡᠰᠡᠭ ᠪᠠᠢᠢᠭᠤᠯᠤᠨ᠎ᠠ᠃


ᠰᠣᠶᠤᠯ ᠤᠨ ᠬᠠᠷᠢᠯᠴᠠᠭ᠎ᠠ ᠨᠢ ᠬᠣᠶᠠᠷ ᠣᠷᠤᠨ ᠤ ᠢᠷᠭᠡᠳ ᠢ ᠬᠣᠯᠪᠤᠭᠰᠠᠨ ᠴᠢᠬᠤᠯᠠ ᠭᠦᠭᠦᠷᠭᠡ ᠪᠣᠯᠬᠤ ᠢᠢ ᠶᠡᠷᠦᠩᠬᠡᠢᠢᠯᠡᠭᠴᠢ ᠨᠠᠷ ᠣᠨᠴᠠᠯᠠᠵᠤ᠂ ᠪᠣᠯᠪᠠᠰᠤᠷᠠᠯ᠂ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠰᠠᠯᠪᠤᠷᠢ ᠳᠤ ᠒᠐᠒᠖-᠒᠐᠒᠗ ᠣᠨ ᠳᠤ ᠬᠠᠮᠲᠤᠷᠠᠨ ᠬᠡᠷᠡᠭᠵᠢᠭᠦᠯᠬᠦ ᠠᠷᠭ᠎ᠠ ᠬᠡᠮᠵᠢᠶᠡᠨ ᠦ ᠲᠥᠯᠦᠪᠯᠡᠭᠡ ᠪᠠᠢᠢᠭᠤᠯᠵᠤ ᠪᠤᠢ ᠢᠢ ᠰᠠᠢᠢᠰᠢᠶᠠᠯᠠ᠃
ᠮᠣᠩ᠋ᠭᠣᠯ ᠤᠨ ᠣᠶᠤᠲᠠᠨ ᠵᠠᠯᠠᠭᠤᠰ ᠲᠤ ᠻᠠᠽᠠᠻᠰᠲ᠋ᠠᠨ ᠤ ᠶᠡᠬᠡ᠂ ᠳᠡᠭᠡᠳᠦ ᠰᠤᠷᠭᠠᠭᠤᠯᠢ ᠢᠢᠨ ᠡᠭᠦᠳᠡ ᠬᠠᠭᠠᠯᠭ᠎ᠠ ᠦᠷᠭᠦᠯᠵᠢ ᠨᠡᠭᠡᠭᠡᠯᠲᠡᠲᠡᠶ ᠢᠢ ᠶᠡᠷᠦᠩᠬᠡᠢᠢᠯᠡᠭᠴᠢ ᠻᠠ᠊·ᠲᠣᠻᠠᠶᠧᠸ ᠣᠨᠴᠠᠯᠠᠯ᠎ᠠ᠃
ᠮᠣᠩ᠋ᠭᠣᠯ ᠤᠯᠤᠰ ᠲᠤ ᠵᠣᠬᠢᠶᠠᠨ ᠪᠠᠢᠢᠭᠤᠯᠳᠠᠭ «ᠨᠡᠭᠦᠳᠡᠯᠴᠢᠨ» ᠳᠡᠯᠡᠬᠡᠢ ᠢᠢᠨ ᠰᠣᠶᠤᠯ ᠤᠨ ᠹᠧᠰᠲ᠋ᠢᠸᠠᠯ ᠪᠣᠯᠤᠨ ᠻᠠᠽᠠᠻᠰᠲ᠋ᠠᠨ ᠳᠤ ᠪᠣᠯᠳᠠᠭ «ᠨᠡᠭᠦᠳᠡᠯᠴᠢᠨ ᠦ ᠰᠣᠶᠤᠯ ᠤᠨ ᠨᠠᠭᠠᠳᠤᠮ» ᠳ᠋ᠤ ᠲᠥᠯᠦᠭᠡᠯᠡᠭᠴᠢᠳ ᠢᠶᠡᠨ ᠣᠷᠤᠯᠴᠠᠭᠤᠯᠵᠤ ᠢᠷᠡᠭᠰᠡᠨ ᠤᠯᠠᠮᠵᠢᠯᠠᠯ ᠢᠶᠠᠨ ᠦᠷᠭᠦᠯᠵᠢᠯᠡᠭᠦᠯᠦᠨ᠎ᠡ᠃
ᠮᠡᠳᠡᠭᠡᠯᠡᠯ ᠦᠨ ᠲᠧᠺᠨᠣᠯᠤᠭᠢ᠂ ᠠᠭᠤᠯᠠ ᠠᠭᠤᠷᠬᠠᠢ᠂ ᠡᠷᠡᠭᠦᠯ ᠮᠡᠨᠳᠦ᠂ ᠪᠡᠶ᠎ᠡ ᠢᠢᠨ ᠲᠠᠮᠢᠷ᠂ ᠰᠫᠣᠷᠲ ᠤᠨ ᠰᠠᠯᠪᠤᠷᠢ ᠳᠤ ᠬᠠᠮᠲᠤᠷᠠᠭᠰᠠᠨ ᠲᠥᠰᠦᠯ᠂ ᠬᠥᠲᠦᠯᠪᠦᠷᠢ ᠬᠠᠮᠲᠤᠷᠠᠨ ᠬᠡᠷᠡᠭᠵᠢᠭᠦᠯᠬᠦ ᠪᠡᠷ ᠪᠣᠯᠤᠯ᠎ᠠ᠃
ᠠᠢᠢᠯᠴᠢᠯᠠᠯ ᠤᠨ ᠬᠦᠷᠢᠶᠡᠨ ᠳᠥ ᠵᠣᠬᠢᠶᠠᠨ ᠪᠠᠢᠢᠭᠤᠯᠬᠤ ᠪᠢᠽᠢᠨᠧᠰ ᠹᠣᠷᠦᠢᠮ ᠳᠤ ᠒᠐᠐ ᠭᠠᠷᠤᠢ ᠠᠵᠤ ᠠᠬᠤᠢ ᠢᠢᠨ ᠨᠢᠭᠡᠴᠡ ᠢᠢᠨ ᠲᠥᠯᠦᠭᠡᠯᠡᠯ ᠣᠷᠤᠯᠴᠠᠵᠤ ᠪᠠᠢᠢᠭ᠎ᠠ ᠨᠢ ᠪᠢᠽᠢᠨᠧᠰ ᠡᠷᠬᠢᠯᠡᠭᠴᠢ᠂ ᠪᠠᠶᠠᠯᠢᠭ ᠪᠦᠲᠦᠭᠡᠭ᠍ᠴᠢᠳ ᠦᠨ ᠬᠠᠮᠲᠤᠷᠠᠨ ᠠᠵᠢᠯᠯᠠᠬᠤ ᠬᠦᠰᠡᠯ ᠡᠷᠡᠮᠡᠯᠵᠡᠯ ᠦᠨ ᠲᠣᠳᠤ ᠢᠯᠡᠷᠬᠡᠢᠢᠯᠡᠯ ᠭᠡᠳᠡᠭ ᠲᠥ ᠰᠠᠨᠠᠯ ᠨᠢᠭᠡᠳᠦᠯ᠎ᠡ᠃


ᠶᠡᠷᠦᠩᠬᠡᠢᠢᠯᠡᠭᠴᠢ ᠤ·ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠢᠪᠡᠭᠡᠯ ᠳᠣᠣᠷ᠎ᠠ ᠡᠻᠣᠯᠣᠭᠢ ᠢᠢᠨ ᠠᠰᠠᠭᠤᠳᠠᠯ ᠢᠶᠠᠷ ᠬᠢ ᠪᠦᠰᠡ ᠨᠤᠲᠤᠭ ᠤᠨ ᠳᠡᠭᠡᠳᠦ ᠲᠥᠪᠰᠢᠨ ᠦ ᠠᠭᠤᠯᠵᠠᠯᠲᠠ ᠢᠢ ᠠᠰᠲ᠋ᠠᠨᠠ ᠬᠣᠲᠠᠨ᠎ᠠ ᠵᠣᠬᠢᠶᠠᠨ ᠪᠠᠢᠢᠭᠤᠯᠵᠤ ᠪᠤᠢ ᠢᠢ ᠥᠨᠳᠦᠷ ᠦᠨᠡᠯᠡᠵᠦ᠂ «ᠤᠰᠤᠨ ᠤ ᠣᠯᠠᠨ ᠤᠯᠤᠰ ᠤᠨ ᠪᠠᠢᠢᠭᠤᠯᠤᠯᠭ᠎ᠠ» ᠪᠠᠢᠢᠭᠤᠯᠬᠤ ᠻᠠᠽᠠᠻᠰᠲ᠋ᠠᠨ ᠤ ᠰᠠᠨᠠᠯ᠂ ᠰᠠᠨᠠᠭᠠᠴᠢᠯᠠᠭ᠎ᠠ ᠢᠢ ᠳᠡᠮᠵᠢᠬᠦ ᠪᠡᠨ ᠢᠯᠡᠷᠬᠡᠢᠢᠯᠡᠯ᠎ᠡ᠃
«ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠢ ᠻᠠᠽᠠᠻᠰᠲ᠋ᠠᠨ ᠤ ᠶᠡᠷᠦᠩᠬᠡᠢᠢᠯᠡᠭᠴᠢ ᠢᠢᠨ «ᠬᠣᠶᠠᠷ ᠲᠡᠷᠪᠤᠮ ᠮᠣᠳᠤ» ᠲᠥᠰᠦᠯ ᠲᠡᠶ ᠤᠶᠠᠯᠳᠤᠭᠤᠯᠬᠤ᠂ «ᠴᠠᠭᠠᠨ ᠠᠯᠲᠠ» ᠬᠥᠲᠦᠯᠪᠦᠷᠢ ᠢᠢᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠪᠠᠨ ᠡᠷᠴᠢᠮᠵᠢᠭᠦᠯᠦᠨ᠎ᠡ᠃
ᠲᠠᠯ᠎ᠠ ᠨᠤᠭᠤᠳ ᠤᠯᠠᠭᠠᠨᠪᠠᠭᠠᠲᠤᠷ ᠬᠣᠲᠠᠨ᠎ᠠ ᠦᠢᠯᠡ ᠠᠵᠢᠯᠯᠠᠭ᠎ᠠ ᠶᠠᠪᠤᠭᠤᠯᠳᠠᠭ ᠳᠠᠯᠠᠶ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠢ ᠲᠤᠭᠤᠰᠢᠲᠠᠢ ᠳᠡᠮᠵᠢᠨ᠎ᠡ᠃
ᠣᠯᠠᠨ ᠤᠯᠤᠰ᠂ ᠪᠦᠰᠡ ᠨᠤᠲᠤᠭ ᠤᠨ ᠲᠥᠪᠰᠢᠨ ᠳᠥ ᠳᠡᠪᠰᠢᠭᠦᠯᠦᠭᠰᠡᠨ ᠰᠠᠨᠠᠯ᠂ ᠰᠠᠨᠠᠭᠠᠴᠢᠯᠠᠭ᠎ᠠ ᠨᠤᠭᠤᠳ ᠢᠶᠠᠨ ᠬᠠᠷᠢᠯᠴᠠᠨ ᠳᠡᠮᠵᠢᠵᠦ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠬᠦᠷᠢᠶᠡᠨ ᠳᠥ ᠢᠳᠡᠪᠬᠢᠲᠡᠢ ᠬᠠᠮᠲᠤᠷᠠᠨ ᠠᠵᠢᠯᠯᠠᠬᠤ ᠪᠠᠨ ᠨᠤᠲᠠᠯᠠᠯ᠎ᠠ᠃


