ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠠᠢᠢᠯᠴᠢᠯᠠᠯ ᠤᠨ ᠬᠦᠷᠢᠶᠡᠨ ᠳᠥ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠲᠡᠶ ᠬᠣᠯᠪᠤᠭ᠎ᠠ ᠲᠠᠢ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠑᠘ ᠪᠢᠴᠢᠭ᠌ ᠪᠠᠷᠢᠮᠲᠠ ᠳᠤ ᠭᠠᠷ ᠤᠨ ᠦᠰᠦᠭ ᠵᠢᠷᠤᠯ᠎ᠠ᠃
᠑᠃ «ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠳᠡᠮᠵᠢᠬᠦ ᠲᠤᠬᠠᠢ ᠮᠣᠩ᠋ᠭᠣᠯ ᠤᠯᠤᠰ ᠤᠨ ᠡᠳ᠋ ᠦᠨ ᠵᠠᠰᠠᠭ᠂ ᠬᠥᠭ᠍ᠵᠢᠯ ᠦᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠬᠤᠳᠠᠯᠳᠤᠭ᠎ᠠ᠂ ᠢᠨ᠋ᠲ᠋ᠧᠭ᠋ᠷᠠᠽ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠣᠯ ᠤᠯᠤᠰ ᠤᠨ ᠲᠡᠷᠢᠭᠦᠨ ᠰᠢᠳᠠᠷ ᠰᠠᠢᠢᠳ ᠪᠥᠭᠡᠳ ᠡᠳ᠋ ᠦᠨ ᠵᠠᠰᠠᠭ᠂ ᠬᠥᠭ᠍ᠵᠢᠯ ᠦᠨ ᠰᠠᠢᠢᠳ ᠵᠠ᠊·ᠡᠩᠬᠡᠪᠠᠶᠠᠷ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠬᠤᠳᠠᠯᠳᠤᠭ᠎ᠠ᠂ ᠢᠨ᠋ᠲ᠋ᠧᠭ᠋ᠷᠠᠽ ᠤᠨ ᠰᠠᠢᠢᠳ ᠠ᠊·ᠠ᠊·ᠱᠠᠻᠻᠠᠯᠢᠶᠧᠸ᠂

ᠬᠤᠳᠠᠯᠳᠤᠭᠠᠨ ᠤ ᠪᠦᠲᠦᠴᠡ ᠢᠢ ᠲᠥᠷᠦᠯᠵᠢᠭᠦᠯᠵᠦ᠂ ᠨᠡᠮᠡᠭᠦᠦ ᠥᠷᠲᠡᠭ ᠰᠢᠩ᠋ᠭᠡᠭ᠍ᠰᠡᠨ ᠪᠦᠲᠦᠭᠡᠭ᠍ᠳᠡᠬᠦᠨ ᠦ ᠡᠵᠡᠯᠡᠬᠦ ᠬᠤᠪᠢ ᠢᠢ ᠨᠡᠮᠡᠭᠳᠡᠭᠦᠯᠦᠨ᠂ ᠬᠤᠳᠠᠯᠳᠤᠭᠠᠨ ᠳᠤ ᠲᠤᠯᠭᠠᠷᠠᠵᠤ ᠪᠤᠢ ᠲᠠᠷᠢᠹ ᠤᠨ ᠪᠤᠰᠤ ᠰᠠᠭᠠᠳ ᠲᠣᠳᠬᠠᠷ ᠢ ᠦᠶ᠎ᠡ ᠱᠠᠲᠤ ᠲᠠᠢ ᠪᠠᠭᠤᠷᠠᠭᠤᠯᠬᠤ᠂ ᠭᠠᠢᠢᠯᠢ ᠢᠢᠨ ᠵᠢᠷᠤᠮ ᠢ ᠬᠢᠯᠪᠠᠷᠰᠢᠭᠤᠯᠤᠨ ᠲᠡᠭᠡᠭᠡᠪᠦᠷᠢ ᠢᠢᠨ ᠳᠡᠳ᠋ ᠪᠦᠲᠦᠴᠡ ᠢᠢ ᠰᠠᠢᠢᠵᠢᠷᠠᠭᠤᠯᠬᠤ ᠪᠣᠯᠤᠮᠵᠢ ᠪᠦᠷᠢᠳᠦᠭᠦᠯᠦᠨ᠎ᠡ᠃
᠒᠃ «ᠮᠣᠩ᠋ᠭᠣᠯ ᠤᠯᠤᠰ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠰᠣᠶᠤᠯ᠂ ᠵᠠᠯᠠᠭᠤᠴᠤᠳ ᠤᠨ ᠪᠣᠳᠤᠯᠭ᠎ᠠ᠂ ᠰᠫᠣᠷᠲ ᠪᠣᠯᠤᠨ ᠠᠶᠠᠯᠠᠯ ᠵᠢᠭᠤᠯᠴᠢᠯᠠᠯ ᠤᠨ ᠰᠠᠯᠪᠤᠷᠢ ᠳᠤ ᠒᠐᠒᠖-᠒᠐᠒᠗ ᠣᠨ ᠳᠤ ᠬᠠᠮᠲᠤᠷᠠᠨ ᠠᠵᠢᠯᠯᠠᠬᠤ ᠦᠢᠯᠡ ᠠᠵᠢᠯᠯᠠᠭᠠᠨ ᠤ ᠲᠥᠯᠦᠪᠯᠡᠭᠡ» ᠳᠤ ᠮᠣᠩ᠋ᠭᠣᠯ ᠤᠯᠤᠰ ᠤᠨ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠰᠠᠢᠢᠳ ᠿᠦ᠊·ᠠᠯᠳᠠᠷᠵᠢᠪᠬᠤᠯᠠᠩ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠰᠢᠳᠠᠷ ᠰᠠᠢᠢᠳ ᠪᠥᠭᠡᠳ ᠰᠣᠶᠤᠯ᠂ ᠮᠡᠳᠡᠭᠡᠯᠡᠯ ᠦᠨ ᠰᠠᠢᠢᠳ ᠠ᠊·ᠭ·ᠪᠠᠯᠠᠶᠧᠸᠠ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠠᠶᠠᠯᠠᠯ ᠵᠢᠭᠤᠯᠴᠢᠯᠠᠯ᠂ ᠰᠫᠣᠷᠲ ᠤᠨ ᠰᠠᠢᠢᠳ ᠧ᠊·ᠻ᠊·ᠮᠢᠷᠽᠠᠪᠣᠰᠢᠨᠣᠸ᠂

ᠰᠣᠶᠤᠯ᠂ ᠵᠠᠯᠠᠭᠤᠴᠤᠳ ᠤᠨ ᠪᠣᠳᠤᠯᠭ᠎ᠠ᠂ ᠰᠫᠣᠷᠲ᠂ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠲᠣᠳᠤᠷᠬᠠᠢ ᠠᠷᠭ᠎ᠠ ᠬᠡᠮᠵᠢᠶ᠎ᠡ ᠵᠣᠬᠢᠶᠠᠨ ᠪᠠᠢᠢᠭᠤᠯᠤᠨ᠎ᠠ᠃ ᠲᠤᠬᠠᠢᠢᠯᠠᠪᠠᠯ᠂ ᠬᠠᠷᠢᠯᠴᠠᠨ ᠦᠵᠡᠰᠬᠦᠯᠡᠩ᠂ ᠬᠠᠮᠲᠤᠷᠠᠭᠰᠠᠨ ᠰᠤᠳᠤᠯᠭ᠎ᠠ᠂ ᠵᠠᠯᠠᠭᠤᠴᠤᠳ ᠤᠨ ᠪᠠᠢᠢᠭᠤᠯᠤᠯᠭ᠎ᠠ ᠨᠤᠭᠤᠳ ᠬᠣᠭᠤᠷᠤᠨᠳᠤ ᠢᠢᠨ ᠬᠠᠷᠢᠯᠴᠠᠭ᠎ᠠ ᠬᠣᠯᠪᠤᠭ᠎ᠠ ᠢᠢ ᠳᠡᠮᠵᠢᠬᠦ᠂ ᠨᠡᠭᠡᠭᠡᠯᠲᠡᠲᠡᠶ ᠪᠣᠳᠤᠯᠭ᠎ᠠ ᠢᠢᠨ ᠬᠡᠯᠡᠯᠴᠡᠭᠦᠯᠭᠡ᠂ ᠨᠡᠭᠦᠳᠡᠯᠴᠢᠨ ᠰᠣᠶᠤᠯ ᠤᠨ ᠣᠨᠴᠠᠯᠢᠭ ᠢ ᠪᠠᠭᠲᠠᠭᠠᠭᠰᠠᠨ ᠠᠶᠠᠯᠠᠯ ᠵᠢᠭᠤᠯᠴᠢᠯᠠᠯ ᠤᠨ ᠬᠠᠮᠲᠤᠷᠠᠭᠰᠠᠨ ᠮᠠᠷᠱᠷᠦ᠋ᠲ ᠪᠣᠯᠪᠠᠰᠤᠷᠠᠭᠤᠯᠵᠤ᠂ ᠬᠥᠷᠦᠩ᠋ᠭᠡ ᠣᠷᠤᠭᠤᠯᠤᠯᠲᠠ ᠲᠠᠲᠠᠨ᠎ᠠ᠃
᠓᠃ «ᠬᠠᠮᠲᠤ ᠢᠢᠨ ᠠᠵᠢᠯᠯᠠᠭ᠎ᠠ ᠢᠢ ᠴᠢᠨᠠᠭᠰᠢᠳᠠ ᠬᠥᠭ᠍ᠵᠢᠭᠦᠯᠬᠦ ᠲᠤᠬᠠᠢ ᠮᠣᠩ᠋ᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠭᠠᠳᠠᠭᠠᠳᠤ ᠬᠡᠷᠡᠭ ᠦᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠪᠠ᠊·ᠪᠠᠲᠤᠴᠡᠴᠡᠭ᠌᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠧ᠊·ᠪ᠊·ᠻᠣᠱᠧᠷᠪᠠᠶᠧᠸ᠂

ᠤᠯᠤᠰ ᠲᠥᠷᠦ ᠢᠢᠨ ᠶᠠᠷᠢᠶ᠎ᠠ ᠬᠡᠯᠡᠯᠴᠡᠭᠡ ᠢᠢ ᠥᠷᠭᠡᠵᠢᠭᠦᠯᠵᠦ᠂ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠮᠡᠳᠡᠭᠡᠯᠡᠯ ᠰᠣᠯᠢᠯᠴᠠᠬᠤ᠂ ᠵᠥᠪᠯᠡᠯᠳᠦᠬᠦ ᠠᠭᠤᠯᠵᠠᠯᠲᠠ ᠬᠢᠬᠦ ᠵᠠᠮ ᠢᠶᠠᠷ ᠬᠠᠷᠢᠯᠴᠠᠭ᠎ᠠ ᠢᠢ ᠪᠡᠬᠢᠵᠢᠭᠦᠯᠵᠦ᠂ ᠣᠯᠠᠨ ᠤᠯᠤᠰ ᠤᠨ ᠪᠣᠯᠤᠨ ᠪᠦᠰᠡ ᠨᠤᠲᠤᠭ ᠤᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠬᠦᠷᠢᠶᠡᠨ ᠳᠥ ᠬᠠᠮᠲᠤᠷᠠᠵᠤ ᠠᠵᠢᠯᠯᠠᠨ᠎ᠠ᠃
᠔᠃ «ᠮᠣᠩ᠋ᠭᠣᠯ ᠤᠯᠤᠰ ᠤᠨ ᠲᠥᠪ ᠪᠠᠩᠻᠢ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠦᠨᠳᠦᠰᠦᠨ ᠦ ᠪᠠᠩᠻᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠲᠥᠪ ᠪᠠᠩᠻᠢᠨ ᠤ ᠶᠡᠷᠦᠩᠬᠡᠢᠢᠯᠡᠭᠴᠢ ᠰ᠊·ᠨᠠᠷᠠᠨᠴᠣᠭᠲᠤ᠂ ᠦᠨᠳᠦᠰᠦᠨ ᠦ ᠪᠠᠩᠻᠢᠨ ᠤ ᠶᠡᠷᠦᠩᠬᠡᠢᠢᠯᠡᠭᠴᠢ ᠲ᠋᠊·ᠮ᠊·ᠰᠦᠯᠸᠢᠢᠮᠧᠨᠣᠸ᠂

ᠰᠠᠩᠬᠦᠦ ᠢᠢᠨ ᠵᠠᠬ᠎ᠠ ᠵᠡᠭᠡᠯᠢ ᠢᠢ ᠬᠥᠭ᠍ᠵᠢᠯ ᠦᠨ ᠠᠰᠢᠭ ᠰᠣᠨᠢᠷᠬᠠᠯ ᠳᠤ ᠨᠡᠢᠢᠴᠡᠭᠦᠯᠦᠨ ᠲᠥᠪ ᠪᠠᠩᠻᠢ ᠬᠣᠭᠤᠷᠤᠨᠳᠤ ᠤᠷᠲᠤ ᠬᠤᠭᠤᠴᠠᠭᠠᠨ ᠳᠤ ᠲᠣᠭᠲᠠᠪᠤᠷᠢᠲᠠᠶ ᠬᠠᠮᠲᠤ ᠢᠢᠨ ᠠᠵᠢᠯᠯᠠᠭ᠎ᠠ ᠢᠢ ᠪᠤᠢ ᠪᠣᠯᠭᠠᠬᠤ ᠡᠷᠬᠡ ᠵᠦᠢ ᠢᠢᠨ ᠰᠠᠭᠤᠷᠢ ᠣᠷᠴᠢᠨ ᠢ ᠪᠦᠷᠢᠳᠦᠭᠦᠯᠦᠨ᠎ᠡ᠃
᠕᠃ «ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠰᠠᠩ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠰᠠᠩ ᠤᠨ ᠶᠠᠮᠤᠨ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠣᠯ ᠤᠯᠤᠰ ᠤᠨ ᠰᠠᠩ ᠤᠨ ᠰᠠᠢᠢᠳ ᠵᠠ᠊·ᠮᠡᠨᠳᠦᠰᠠᠢᠢᠬᠠᠨ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠰᠠᠩ ᠤᠨ ᠰᠠᠢᠢᠳ ᠮ᠊·ᠲ᠋᠊·ᠲᠠᠻᠢᠶᠧᠸ᠂
ᠲᠥᠷᠦ ᠢᠢᠨ ᠰᠠᠩᠬᠦᠦ ᠢᠢᠨ ᠤᠳᠤᠷᠢᠳᠤᠯᠭ᠎ᠠ᠂ ᠲᠥᠰᠦᠪ ᠦᠨ ᠲᠥᠯᠥᠪᠯᠡᠯᠲᠡ᠂ ᠲᠠᠲᠠᠪᠤᠷᠢ᠂ ᠲᠥᠷᠦ ᠢᠢᠨ ᠰᠠᠩ ᠤᠨ ᠰᠢᠨᠡᠴᠢᠯᠡᠯ ᠪᠣᠯᠤᠨ ᠨᠣᠭᠤᠭᠠᠨ ᠰᠠᠩᠬᠦᠦ ᠢᠢᠨ ᠰᠠᠯᠪᠤᠷᠢ ᠳᠤ ᠬᠠᠷᠢᠯᠴᠠᠨ ᠲᠤᠷᠰᠢᠯᠭ᠎ᠠ ᠰᠤᠳᠤᠯᠵᠤ᠂ ᠮᠡᠳᠡᠭᠡᠯᠡᠯ ᠰᠣᠯᠢᠯᠴᠠᠨ᠎ᠠ᠃ ᠣᠯᠠᠨ ᠤᠯᠤᠰ ᠤᠨ ᠰᠠᠩᠬᠦᠦ ᠢᠢᠨ ᠪᠠᠢᠢᠭᠤᠯᠤᠯᠭ᠎ᠠ ᠲᠠᠢ ᠥᠷᠨᠢᠭᠦᠯᠵᠦ ᠪᠤᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠵᠦ᠂ ᠰᠠᠩᠬᠦᠦ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠎ᠡ᠃
᠖᠃ «ᠭᠠᠵᠠᠷ ᠤᠨ ᠲᠣᠰᠤᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠡᠷᠴᠢᠮ ᠬᠦᠴᠦᠨ ᠦ ᠶᠠᠮᠤᠨ ᠬᠣᠭᠤᠷᠤᠨᠳᠤ ᠢᠢᠨ ᠰᠠᠨᠠᠮᠵᠢ ᠪᠢᠴᠢᠭ᠌» ᠲ᠋ᠥ ᠮᠣᠩ᠋ᠭᠣᠯ ᠤᠯᠤᠰ ᠤᠨ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠰᠠᠢᠢᠳ ᠭᠣ᠊·ᠳᠠᠮᠳᠢᠩᠨᠢᠮᠠ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠡᠷᠴᠢᠮ ᠬᠦᠴᠦᠨ ᠦ ᠰᠠᠢᠢᠳ ᠧ᠊·ᠻ᠊·ᠠᠻᠻᠧᠨ᠋ᠵᠧᠨᠣᠸ᠂

«ᠰᠲ᠋ᠷᠠᠲ᠋ᠧᠭᠢ ᠢᠢᠨ ᠲᠦᠩᠰᠢᠯᠡᠯ» ᠤᠨ ᠬᠠᠷᠢᠯᠴᠠᠭᠠᠨ ᠳᠤ ᠲᠤᠯᠭᠠᠭᠤᠷᠢᠯᠠᠨ ᠭᠠᠵᠠᠷ ᠤᠨ ᠲᠣᠰᠤᠨ ᠤ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠡᠬᠢᠯᠡᠭᠦᠯᠦᠨ᠎ᠡ᠃ ᠭᠠᠵᠠᠷ ᠤᠨ ᠲᠣᠰᠤᠨ ᠤ ᠬᠠᠢᠢᠭᠤᠯ᠂ ᠣᠯᠪᠤᠷᠢᠯᠠᠯᠲᠠ᠂ ᠭᠠᠵᠠᠷ ᠤᠨ ᠲᠣᠰᠤᠨ ᠤ ᠪᠦᠲᠦᠭᠡᠭ᠍ᠳᠡᠬᠦᠨ ᠦ ᠨᠡᠢᠢᠯᠡᠭᠦᠯᠦᠯᠲᠡ᠂ ᠲᠡᠭᠡᠭᠡᠪᠦᠷᠢᠯᠡᠯᠲᠡ ᠢᠢᠨ ᠯᠣᠭᠢᠰᠲ᠋ᠢᠭ ᠪᠣᠯᠤᠨ ᠭᠠᠵᠠᠷ ᠤᠨ ᠲᠣᠰᠤ ᠪᠣᠯᠪᠠᠰᠤᠷᠠᠭᠤᠯᠬᠤ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠮᠵᠢ ᠨᠡᠭᠡᠭᠡᠭ᠍ᠳᠡᠯ᠎ᠡ᠃ ᠻᠠᠽᠠᠻᠰᠲ᠋ᠠᠨ ᠲᠡᠭᠦᠬᠡᠢ ᠭᠠᠵᠠᠷ ᠤᠨ ᠲᠣᠰᠤ᠂ ᠠᠦ᠋ᠲ᠋ᠣ᠋ ᠪᠧᠨ᠋ᠽᠢᠨ᠂ ᠳ᠋ᠢᠽᠧᠯ ᠲᠦᠯᠡᠰᠢ ᠵᠡᠷᠭᠡ ᠭᠠᠵᠠᠷ ᠤᠨ ᠲᠣᠰᠤᠨ ᠤ ᠪᠦᠲᠦᠭᠡᠭ᠍ᠳᠡᠬᠦᠨ ᠢ ᠲᠣᠭᠲᠠᠪᠤᠷᠢᠲᠠᠶ᠂ ᠤᠷᠲᠤ ᠬᠤᠭᠤᠴᠠᠭᠠᠨ ᠳᠤ ᠨᠡᠢᠢᠯᠡᠭᠦᠯᠬᠦ ᠪᠣᠯᠤᠮᠵᠢ ᠪᠦᠷᠢᠳᠦᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠨ᠎ᠠ᠃
᠗᠃ «ᠡᠷᠳᠡᠨᠢᠰ ᠮᠣᠩ᠋ᠭᠣᠯ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ ᠪᠣᠯᠤᠨ «ᠰᠠᠮᠷᠦ᠋ᠻ-ᠻᠠᠽᠢᠨᠠ» ᠬᠤᠪᠢᠴᠠᠭᠠᠲᠤ ᠻᠣᠮᠫᠠᠨᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ «ᠡᠷᠳᠡᠨᠢᠰ ᠮᠣᠩ᠋ᠭᠣᠯ» ᠨᠢᠭᠡᠳᠦᠯ ᠦᠨ ᠭᠦᠢᠴᠡᠳᠬᠡᠬᠦ ᠵᠠᠬᠢᠷᠤᠯ ᠪᠠ᠊·ᠳᠠᠸᠠᠳᠠᠯᠠᠶ᠂ «ᠰᠠᠮᠷᠦ᠋ᠻ-ᠻᠠᠽᠢᠨᠠ» ᠬᠤᠪᠢᠴᠠᠭᠠᠲᠤ ᠻᠣᠮᠫᠠᠨᠢ ᠢᠢᠨ ᠭᠦᠢᠴᠡᠳᠬᠡᠬᠦ ᠵᠠᠬᠢᠷᠤᠯ ᠪᠥᠭᠡᠳ ᠤᠳᠤᠷᠢᠳᠤᠯᠭ᠎ᠠ ᠢᠢᠨ ᠵᠥᠪᠯᠡᠯ ᠦᠨ ᠳᠠᠷᠤᠭ᠎ᠠ ᠨ᠊·ᠻᠠ᠊·ᠵᠠᠻᠦ᠋ᠫᠣᠸ᠂

ᠲᠥᠷᠦ ᠢᠢᠨ ᠥᠮᠴᠢᠲᠦ ᠲᠣᠮᠣᠬᠠᠨ ᠨᠢᠭᠡᠳᠦᠯ ᠬᠣᠭᠤᠷᠤᠨᠳᠤ ᠬᠠᠮᠲᠤ ᠢᠢᠨ ᠠᠵᠢᠯᠯᠠᠭᠠᠨ ᠤ ᠰᠠᠭᠤᠷᠢ ᠲᠠᠯᠪᠢᠭᠳᠠᠯ᠎ᠠ᠃ ᠣᠯᠠᠨ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠡᠬᠢᠵᠢᠭᠦᠯᠵᠦ᠂ ᠠᠭᠤᠯᠠ ᠠᠭᠤᠷᠬᠠᠢ᠂ ᠡᠷᠦᠳᠡᠰᠦ ᠪᠠᠶᠠᠯᠢᠭ᠂ ᠲᠡᠭᠦᠨ ᠦ ᠳᠣᠲᠤᠷ᠎ᠠ ᠴᠢᠬᠤᠯᠠ ᠠᠰᠢᠭᠲᠤ ᠮᠠᠯᠲᠠᠮᠠᠯ ᠤᠨ ᠬᠠᠢᠢᠭᠤᠯ᠂ ᠣᠯᠪᠤᠷᠢᠯᠠᠯᠲᠠ᠂ ᠪᠣᠯᠪᠠᠰᠤᠷᠠᠭᠤᠯᠤᠯᠲᠠ ᠪᠣᠯᠤᠨ ᠻᠣᠮᠫᠠᠨᠢ ᠢᠢᠨ ᠵᠠᠰᠠᠭᠯᠠᠯ ᠤᠨ ᠴᠢᠭᠯᠡᠯ ᠢᠶᠡᠷ ᠬᠠᠮᠲᠤᠷᠠᠨ᠎ᠠ᠃
᠘᠃ «ᠴᠥᠮ ᠦᠨ ᠡᠨᠧᠷᠭᠢ ᠢᠢ ᠡᠩᠬᠡ ᠢᠢᠨ ᠵᠣᠷᠢᠯᠭ᠎ᠠ ᠪᠠᠷ ᠠᠰᠢᠭᠯᠠᠬᠤ ᠲᠤᠬᠠᠢ ᠮᠣᠩ᠋ᠭᠣᠯ ᠤᠯᠤᠰ ᠤᠨ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠴᠥᠮ ᠦᠨ ᠡᠨᠧᠷᠭᠢ ᠢᠢᠨ ᠠᠭᠧᠨ᠋ᠲ᠋ᠯᠢᠭ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠦ᠊·ᠪᠠᠲᠤᠵᠢᠷᠭᠠᠯ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠴᠥᠮ ᠦᠨ ᠡᠨᠧᠷᠭᠢ ᠢᠢᠨ ᠠᠭᠧᠨ᠋ᠲ᠋ᠯᠢᠭ ᠤᠨ ᠳᠠᠷᠤᠭ᠎ᠠ ᠠ᠊·ᠮ᠊·ᠰᠠᠲ᠋ᠻᠠᠯᠢᠶᠧᠸ᠂

ᠣᠷᠴᠢᠨ ᠦᠶ᠎ᠡ ᠢᠢᠨ ᠳᠡᠪᠰᠢᠯᠲᠡᠲᠦ ᠲᠧᠺᠨᠢᠭ᠂ ᠲᠧᠺᠨᠣᠯᠤᠭᠢ ᠠᠰᠢᠭᠯᠠᠨ ᠭᠧᠣᠯᠤᠭᠢ ᠢᠢᠨ ᠰᠤᠳᠤᠯᠭ᠎ᠠ᠂ ᠬᠠᠢᠢᠭᠤᠯ ᠤᠨ ᠠᠵᠢᠯ ᠬᠢᠬᠦ᠂ ᠣᠯᠪᠤᠷᠢᠯᠠᠯᠲᠠ᠂ ᠪᠣᠯᠪᠠᠰᠤᠷᠠᠭᠤᠯᠤᠯᠲᠠ ᠢᠢᠨ ᠴᠢᠭᠯᠡᠯ ᠢᠶᠡᠷ ᠰᠠᠢᠢᠨ ᠲᠤᠷᠰᠢᠯᠭ᠎ᠠ ᠨᠡᠪᠲᠡᠷᠡᠭᠦᠯᠬᠦ᠂ ᠢᠨ᠋ᠵᠧᠨᠧᠷ᠂ ᠮᠡᠷᠭᠡᠵᠢᠯᠲᠡᠨ ᠪᠡᠯᠡᠳᠬᠡᠬᠦ᠂ ᠡᠷᠦᠳᠡᠰᠦ ᠪᠠᠶᠠᠯᠢᠭ ᠤᠨ ᠲᠣᠭᠲᠠᠪᠤᠷᠢᠲᠠᠶ ᠮᠧᠨᠧᠵᠮᠧᠨ᠋ᠲ᠂ ᠪᠠᠢᠢᠭᠠᠯᠢ ᠣᠷᠴᠢᠨ ᠤ ᠬᠠᠮᠠᠭᠠᠯᠠᠯᠲᠠ᠂ ᠠᠶᠤᠯ ᠦᠭᠡᠢ ᠠᠵᠢᠯᠯᠠᠭᠠᠨ ᠤ ᠴᠢᠭᠯᠡᠯ ᠢᠶᠡᠷ ᠬᠠᠷᠢᠯᠴᠠᠨ ᠲᠤᠷᠰᠢᠯᠭ᠎ᠠ ᠰᠣᠯᠢᠯᠴᠠᠬᠤ ᠵᠡᠷᠭᠡ ᠴᠢᠭᠯᠡᠯ ᠳᠥ ᠬᠠᠮᠲᠤᠷᠠᠨ ᠠᠵᠢᠯᠯᠠᠨ᠎ᠠ᠃
᠙᠃ «ᠮᠣᠩ᠋ᠭᠣᠯ ᠤᠯᠤᠰ ᠤᠨ ᠬᠠᠷᠠᠬᠣᠷᠤᠮ ᠬᠣᠲᠠ ᠢᠢᠨ ᠵᠠᠬᠢᠷᠤᠭᠴᠢ ᠢᠢᠨ ᠠᠵᠢᠯ ᠤᠨ ᠠᠯᠪᠠ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠠᠰᠲ᠋ᠠᠨᠠ ᠬᠣᠲᠠ ᠢᠢᠨ ᠠᠻᠢᠮᠠᠲ᠋ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠬᠠᠷᠠᠬᠣᠷᠤᠮ ᠬᠣᠲᠠ ᠢᠢᠨ ᠵᠠᠬᠢᠷᠤᠭᠴᠢ ᠯᠤ᠊·ᠬᠠᠯᠲᠠᠷ᠂ ᠠᠰᠲ᠋ᠠᠨᠠ ᠬᠣᠲᠠ ᠢᠢᠨ ᠵᠠᠬᠢᠷᠤᠭᠴᠢ ᠵ᠊·ᠮ᠊·ᠻᠠᠰᠢᠮᠪᠧᠻ᠂

ᠬᠣᠲᠠ ᠢᠢᠨ ᠬᠠᠷᠢᠯᠴᠠᠭ᠎ᠠ ᠢᠢ ᠬᠥᠭ᠍ᠵᠢᠭᠦᠯᠬᠦ᠂ ᠰᠢᠨ᠎ᠡ ᠬᠣᠲᠠ ᠢᠢᠨ ᠲᠥᠯᠥᠪᠯᠡᠯᠲᠡ᠂ ᠪᠦᠲᠦᠭᠡᠨ ᠪᠠᠢᠢᠭᠤᠯᠤᠯᠲᠠ᠂ ᠵᠠᠰᠠᠭᠯᠠᠯ ᠤᠨ ᠰᠠᠯᠪᠤᠷᠢ ᠳᠤ ᠲᠤᠷᠰᠢᠯᠭ᠎ᠠ ᠰᠣᠯᠢᠯᠴᠠᠵᠤ᠂ ᠬᠥᠷᠦᠩ᠋ᠭᠡ ᠣᠷᠤᠭᠤᠯᠤᠯᠲᠠ ᠲᠠᠲᠠᠬᠤ᠂ ᠤᠬᠠᠭᠠᠯᠢᠭ᠂ ᠲᠣᠭᠲᠠᠪᠤᠷᠢᠲᠠᠶ ᠨᠣᠭᠤᠭᠠᠨ ᠬᠥᠭ᠍ᠵᠢᠯ ᠦᠨ ᠪᠣᠳᠤᠯᠭ᠎ᠠ ᠢᠢ ᠬᠡᠷᠡᠭᠵᠢᠭᠦᠯᠬᠦ ᠵᠡᠷᠭᠡ ᠴᠢᠭᠯᠡᠯ ᠢᠶᠡᠷ ᠬᠠᠮᠲᠤᠷᠠᠨ᠎ᠠ᠃
᠑᠐᠃ «ᠮᠣᠩ᠋ᠭᠣᠯ ᠤᠯᠤᠰ ᠤᠨ ᠬᠠᠷᠠᠬᠣᠷᠤᠮ ᠬᠣᠲᠠ ᠢᠢᠨ ᠵᠠᠬᠢᠷᠤᠭᠴᠢ ᠢᠢᠨ ᠠᠵᠢᠯ ᠤᠨ ᠠᠯᠪᠠ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠠᠯᠠᠲ᠋ᠠᠦ᠋ ᠬᠣᠲᠠ ᠢᠢᠨ ᠠᠻᠢᠮᠠᠲ᠋ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠬᠠᠷᠠᠬᠣᠷᠤᠮ ᠬᠣᠲᠠ ᠢᠢᠨ ᠵᠠᠬᠢᠷᠤᠭᠴᠢ ᠯᠤ᠊·ᠬᠠᠯᠲᠠᠷ᠂ ᠠᠯᠠᠲ᠋ᠠᠦ᠋ ᠬᠣᠲᠠ ᠢᠢᠨ ᠵᠠᠬᠢᠷᠤᠭᠴᠢ ᠠ᠊·ᠾ᠊·ᠦᠲ᠋ᠧᠨᠣᠸ ᠨᠠᠷ ᠭᠠᠷ ᠤᠨ ᠦᠰᠦᠭ ᠵᠢᠷᠤᠪᠠ᠃
ᠳᠡᠳ᠋ ᠪᠦᠲᠦᠴᠡ ᠢᠢᠨ ᠬᠣᠯᠪᠤᠯᠲᠠ᠂ ᠬᠣᠲᠠ ᠢᠢᠨ ᠡᠳ᠋ ᠦᠨ ᠵᠠᠰᠠᠭ᠂ ᠲᠥᠷᠦ-ᠬᠤᠪᠢ ᠢᠢᠨ ᠬᠡᠪᠰᠢᠯ ᠦᠨ ᠲᠦᠩᠰᠢᠯᠡᠯ᠂ ᠢᠨ᠋ᠵᠧᠨᠧᠷ ᠦᠨ ᠳᠡᠳ᠋ ᠪᠦᠲᠦᠴᠡ᠂ ᠰᠡᠷᠭᠦᠭᠡᠭ᠍ᠳᠡᠬᠦ ᠡᠷᠴᠢᠮ ᠬᠦᠴᠦ᠂ ᠴᠠᠬᠢᠮ ᠪᠣᠯᠤᠨ ᠬᠢᠮᠡᠯ ᠣᠶᠤᠨ ᠤᠬᠠᠭᠠᠨ ᠳᠤ ᠰᠠᠭᠤᠷᠢᠯᠠᠭᠰᠠᠨ ᠰᠢᠰᠲ᠋ᠧᠮ᠂ ᠰᠣᠶᠤᠯ᠂ ᠠᠶᠠᠯᠠᠯ ᠵᠢᠭᠤᠯᠴᠢᠯᠠᠯ᠂ ᠯᠣᠭᠢᠰᠲ᠋ᠢᠭ᠂ ᠨᠡᠢᠢᠭᠡᠮ ᠦᠨ ᠳᠡᠳ᠋ ᠪᠦᠲᠦᠴᠡ᠂ ᠣᠷᠤᠨ ᠰᠠᠭᠤᠴᠠᠵᠢᠭᠤᠯᠤᠯᠲᠠ ᠵᠡᠷᠭᠡ ᠴᠢᠭᠯᠡᠯ ᠢᠶᠡᠷ ᠬᠠᠮᠲᠤᠷᠠᠨ ᠠᠵᠢᠯᠯᠠᠨ᠎ᠠ᠃
᠑᠑᠃ «ᠮᠣᠩ᠋ᠭᠣᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋᠂ ᠲᠧᠯᠧᠸᠢᠽ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠲᠧᠯᠧᠸᠢᠽ᠂ ᠷᠠᠳᠢᠣ᠋ ᠢᠢᠨ ᠴᠣᠭᠴᠠᠯᠠᠪᠤᠷᠢ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ᠂ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠣᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋᠂ ᠲᠧᠯᠧᠸᠢᠽ ᠦᠨ ᠵᠠᠬᠢᠷᠤᠯ ᠭᠠ᠊·ᠭᠡᠷᠡᠯ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠲᠧᠯᠧᠸᠢᠽ᠂ ᠷᠠᠳᠢᠣ᠋ ᠢᠢᠨ ᠴᠣᠭᠴᠠᠯᠠᠪᠤᠷᠢ ᠢᠢᠨ ᠵᠠᠬᠢᠷᠤᠯ ᠷ᠊·ᠵ᠊·ᠻᠠᠵᠢᠪᠠᠶᠧᠸᠠ ᠨᠠᠷ ᠭᠠᠷ ᠤᠨ ᠦᠰᠦᠭ ᠵᠢᠷᠤᠪᠠ᠃

ᠲᠡᠦᠬᠡ᠂ ᠨᠡᠢᠢᠭᠡᠮ᠂ ᠰᠣᠶᠤᠯ ᠢ ᠬᠠᠷᠢᠯᠴᠠᠨ ᠰᠤᠷᠲᠠᠯᠴᠢᠯᠠᠨ ᠲᠠᠨᠢᠭᠤᠯᠬᠤ᠂ ᠴᠠᠭ ᠦᠶ᠎ᠡ ᠢᠢᠨ ᠮᠡᠳᠡᠭᠡᠯᠡᠯ ᠰᠣᠯᠢᠯᠴᠠᠬᠤ᠂ ᠵᠣᠬᠢᠶᠠᠭᠴᠢ ᠢᠢᠨ ᠡᠷᠬᠡ ᠲᠡᠶ ᠪᠠᠷᠢᠮᠲᠠᠲᠤ ᠪᠣᠯᠤᠨ ᠤᠷᠠᠨ ᠰᠠᠢᠢᠬᠠᠨ ᠤ ᠻᠢᠨᠣ᠋᠂ ᠲᠧᠯᠧᠸᠢᠽ ᠦᠨ ᠨᠡᠪᠲᠡᠷᠡᠭᠦᠯᠭᠡ᠂ ᠻᠣᠨ᠋ᠲ᠋ᠧᠨ᠋ᠲ᠋ ᠰᠣᠯᠢᠯᠴᠠᠬᠤ᠂ ᠬᠠᠮᠲᠤᠷᠠᠭᠰᠠᠨ ᠤᠷᠠᠨ ᠪᠦᠲᠦᠭᠡᠯ ᠪᠡᠯᠡᠳᠬᠡᠬᠦ᠂ ᠬᠦᠮᠦᠨ ᠦ ᠨᠥᠭᠡᠴᠡ ᠢᠢ ᠴᠢᠳᠠᠪᠬᠢᠵᠢᠭᠤᠯᠬᠤ᠂ ᠬᠡᠪᠯᠡᠯ ᠮᠡᠳᠡᠭᠡᠯᠡᠯ ᠦᠨ ᠰᠠᠯᠪᠤᠷᠢ ᠢᠢ ᠦᠢᠯᠡᠳᠪᠦᠷᠢᠯᠡᠯ ᠦᠨ ᠲᠧᠺᠨᠢᠭ ᠬᠡᠷᠡᠭᠰᠡᠯ ᠢᠶᠡᠷ ᠬᠠᠩ᠋ᠭᠠᠬᠤ᠂ ᠰᠤᠷᠪᠤᠯᠵᠢᠯᠠᠭᠴᠢ ᠢᠢᠨ ᠰᠦᠯᠵᠢᠶᠡᠨ ᠦ ᠨᠥᠭᠡᠴᠡ ᠢᠢ ᠠᠰᠢᠭᠯᠠᠬᠤ ᠡᠷᠬᠡ ᠵᠦᠢ ᠢᠢᠨ ᠦᠨᠳᠦᠰᠦ ᠢᠢ ᠪᠦᠷᠢᠳᠦᠭᠦᠯᠦᠨ᠎ᠡ᠃
᠑᠒᠃ «ᠰᠢᠨᠵᠢᠯᠡᠬᠦ ᠤᠬᠠᠭᠠᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠦᠨᠳᠦᠰᠦᠨ ᠦ ᠰᠢᠨᠵᠢᠯᠡᠬᠦ ᠤᠬᠠᠭᠠᠨ ᠤ ᠠᠻᠠᠳᠧᠮᠢ ᠬᠣᠭᠤᠷᠤᠨᠳᠤ ᠢᠢᠨ ᠰᠠᠨᠠᠮᠵᠢ ᠪᠢᠴᠢᠭ᠌» ᠲ᠋ᠥ ᠮᠣᠩ᠋ᠭᠣᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠰ᠊·ᠳᠡᠮᠪᠡᠷᠢᠯ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠦᠨᠳᠦᠰᠦᠨ ᠦ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠠ᠊·ᠻᠠ᠊·ᠻᠦᠷᠢᠱᠪᠠᠶᠧᠸ᠂

ᠰᠤᠳᠤᠯᠭᠠᠨ ᠤ ᠬᠠᠮᠲᠤ ᠢᠢᠨ ᠠᠵᠢᠯᠯᠠᠭᠠᠨ ᠤ ᠴᠠᠷ ᠬᠦᠷᠢᠶ᠎ᠡ᠂ ᠴᠢᠭᠯᠡᠯ ᠢ ᠥᠷᠭᠡᠵᠢᠭᠦᠯᠦᠨ᠂ ᠡᠻᠣᠯᠣᠭᠢ᠂ ᠴᠥᠯᠵᠢᠯᠲᠡ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠨᠥᠯᠦᠭᠡᠯᠡᠯ᠂ ᠭᠧᠣᠯᠤᠭᠢ᠂ ᠵᠠᠢ ᠢᠢᠨ ᠠᠴᠠ ᠲᠠᠩᠳᠠᠨ ᠰᠤᠳᠤᠯᠤᠯ ᠤᠨ ᠴᠢᠭᠯᠡᠯ ᠢᠶᠡᠷ ᠮᠡᠳᠡᠯᠭᠡ᠂ ᠮᠡᠳᠡᠭᠡᠯᠡᠯ ᠰᠣᠯᠢᠯᠴᠠᠬᠤ᠂ ᠬᠠᠮᠲᠤᠷᠠᠭᠰᠠᠨ ᠰᠤᠳᠤᠯᠭ᠎ᠠ ᠢᠢ ᠲᠣᠭᠲᠠᠪᠤᠷᠢᠲᠠᠶ ᠬᠥᠭ᠍ᠵᠢᠭᠦᠯᠬᠦ᠂ ᠡᠷᠳᠡᠮᠲᠡᠨ ᠰᠤᠳᠤᠯᠤᠭᠠᠴᠢᠳ ᠢ ᠬᠠᠷᠢᠯᠴᠠᠨ ᠰᠣᠯᠢᠯᠴᠠᠬᠤ ᠪᠣᠯᠤᠮᠵᠢ ᠪᠦᠷᠢᠳᠦᠯ᠎ᠡ᠃
᠑᠓᠃ «ᠮᠣᠩ᠋ᠭᠣᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠳᠡᠷᠭᠡᠳᠡᠬᠢ ᠣᠯᠠᠨ ᠤᠯᠤᠰ ᠰᠤᠳᠤᠯᠤᠯ ᠤᠨ ᠬᠦᠷᠢᠶᠡᠯᠡᠩ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠰᠲ᠋ᠷᠠᠲ᠋ᠧᠭᠢ ᠰᠤᠳᠤᠯᠤᠯ ᠤᠨ ᠬᠦᠷᠢᠶᠡᠯᠡᠩ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠣᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠳᠡᠷᠭᠡᠳᠡᠬᠢ ᠣᠯᠠᠨ ᠤᠯᠤᠰ ᠰᠤᠳᠤᠯᠤᠯ ᠤᠨ ᠬᠦᠷᠢᠶᠡᠯᠡᠩ ᠦᠨ ᠵᠠᠬᠢᠷᠤᠯ ᠳ᠊·ᠵᠣᠯᠪᠤᠭ᠎ᠠ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠰᠲ᠋ᠷᠠᠲ᠋ᠧᠭᠢ ᠰᠤᠳᠤᠯᠤᠯ ᠤᠨ ᠬᠦᠷᠢᠶᠡᠯᠡᠩ ᠦᠨ ᠵᠠᠬᠢᠷᠤᠯ ᠵ᠊·ᠨ᠊·ᠱᠠᠢᠢᠮᠠᠷᠳᠠᠨᠣᠸ᠂
ᠣᠯᠠᠨ ᠤᠯᠤᠰ ᠤᠨ ᠬᠠᠷᠢᠯᠴᠠᠭ᠎ᠠ᠂ ᠠᠶᠤᠯ ᠦᠭᠡᠢ ᠪᠠᠢᠢᠳᠠᠯ᠂ ᠪᠣᠳᠤᠯᠭ᠎ᠠ ᠢᠢᠨ ᠰᠤᠳᠤᠯᠭᠠᠨ ᠤ ᠴᠢᠭᠯᠡᠯ ᠢᠶᠡᠷ ᠲᠤᠷᠰᠢᠯᠭ᠎ᠠ ᠰᠣᠯᠢᠯᠴᠠᠵᠤ᠂ ᠬᠠᠮᠲᠤᠷᠠᠭᠰᠠᠨ ᠰᠤᠳᠤᠯᠭ᠎ᠠ ᠬᠢᠨ᠎ᠡ᠃ ᠰᠤᠳᠤᠯᠤᠭᠠᠴᠢᠳ ᠢ ᠰᠤᠷᠭᠠᠵᠤ᠂ ᠡᠷᠳᠡᠮ ᠰᠢᠨᠵᠢᠯᠡᠭᠡᠨ ᠦ ᠬᠤᠷᠠᠯ᠂ ᠰᠧᠮᠢᠨᠠᠷ᠂ ᠳᠤᠭᠤᠢ ᠰᠢᠷᠡᠭᠡᠨ ᠦ ᠠᠭᠤᠯᠵᠠᠯᠲᠠ ᠵᠣᠬᠢᠶᠠᠨ ᠪᠠᠢᠢᠭᠤᠯᠤᠨ᠎ᠠ᠃
᠑᠔᠃ «ᠮᠣᠩ᠋ᠭᠣᠯ ᠤᠯᠤᠰ ᠤᠨ ᠴᠢᠩᠬᠢᠰ ᠬᠠᠭᠠᠨ ᠦᠨᠳᠦᠰᠦᠨ ᠦ ᠮᠦᠽᠧᠢ᠂ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠰᠢᠨᠵᠢᠯᠡᠬᠦ ᠤᠬᠠᠭᠠᠨ᠂ ᠳᠡᠭᠡᠳᠦ ᠪᠣᠯᠪᠠᠰᠤᠷᠠᠯ ᠤᠨ ᠶᠠᠮᠤᠨ ᠤ ᠬᠠᠷᠢᠶ᠎ᠠ ᠰᠢᠨᠵᠢᠯᠡᠬᠦ ᠤᠬᠠᠭᠠᠨ ᠤ ᠬᠣᠷᠢᠶᠠᠨ ᠤ ᠴ᠊·ᠴ᠊·ᠸᠠᠯᠢᠾᠠᠨᠣᠸ ᠤᠨ ᠨᠡᠷᠡᠮᠵᠢᠲᠦ ᠲᠡᠦᠬᠡ᠂ ᠤᠭᠰᠠᠭᠠᠲᠠᠨ ᠤ ᠵᠦᠢ ᠢᠢᠨ ᠬᠦᠷᠢᠶᠡᠯᠡᠩ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ᠂ ᠬᠠᠮᠲᠤ ᠢᠢᠨ ᠠᠵᠢᠯᠯᠠᠭᠠᠨ ᠤ ᠰᠠᠨᠠᠮᠵᠢ ᠪᠢᠴᠢᠭ᠌» ᠲ᠋ᠥ ᠴᠢᠩᠬᠢᠰ ᠬᠠᠭᠠᠨ ᠦᠨᠳᠦᠰᠦᠨ ᠦ ᠮᠦᠽᠧᠢ ᠢᠢᠨ ᠵᠠᠬᠢᠷᠤᠯ ᠰᠠ᠊·ᠴᠢᠯᠠᠭᠤᠨ᠂ ᠴ᠊·ᠴ᠊·ᠸᠠᠯᠢᠾᠠᠨᠣᠸ ᠤᠨ ᠨᠡᠷᠡᠮᠵᠢᠲᠦ ᠲᠡᠦᠬᠡ᠂ ᠤᠭᠰᠠᠭᠠᠲᠠᠨ ᠤ ᠵᠦᠢ ᠢᠢᠨ ᠬᠦᠷᠢᠶᠡᠯᠡᠩ ᠦᠨ ᠵᠠᠬᠢᠷᠤᠯ ᠽ᠊·ᠧ᠊·ᠻᠠᠪᠦ᠋ᠯᠢᠳᠢᠨᠣᠸ᠂

ᠨᠡᠭᠦᠳᠡᠯᠴᠢᠳ ᠦᠨ ᠲᠡᠦᠬᠡ ᠢᠢ ᠰᠤᠳᠤᠯᠬᠤ ᠠᠵᠢᠯ ᠢ ᠡᠷᠴᠢᠮᠵᠢᠭᠦᠯᠦᠨ ᠠᠳᠠᠯᠢ ᠲᠥᠰᠲᠡᠢ ᠪᠣᠯᠤᠨ ᠣᠯᠠᠨ ᠦᠶ᠎ᠡ ᠢᠢᠨ ᠤᠯᠤᠰ ᠲᠥᠷᠦ᠂ ᠨᠡᠢᠢᠭᠡᠮ᠂ ᠰᠣᠶᠤᠯ ᠤᠨ ᠬᠠᠷᠢᠯᠴᠠᠭᠠᠨ ᠤ ᠲᠡᠦᠬᠡ ᠢᠢ ᠲᠣᠳᠣᠷᠠᠭᠤᠯᠬᠤ᠂ ᠬᠠᠮᠲᠤ ᠢᠢᠨ ᠪᠦᠲᠦᠭᠡᠯ ᠲᠤᠭᠤᠷᠪᠢᠬᠤ ᠠᠵᠢᠯ ᠬᠢᠨ᠎ᠡ᠃ ᠲᠦᠷᠦᠭ᠂ ᠤᠢᠢᠭᠤᠷ ᠵᠡᠷᠭᠡ ᠤᠯᠤᠰ ᠤᠨ ᠲᠡᠦᠬᠡ ᠢᠢ «ᠴᠢᠩᠬᠢᠰ ᠬᠠᠭᠠᠨ» ᠦᠨᠳᠦᠰᠦᠨ ᠦ ᠮᠦᠽᠧᠢ ᠢᠢᠨ ᠰᠠᠩ ᠬᠥᠮᠦᠷᠭᠡ ᠳᠥ ᠲᠤᠯᠭᠠᠭᠤᠷᠢᠯᠠᠨ ᠰᠤᠳᠤᠯᠬᠤ᠂ ᠮᠦᠽᠧᠢ ᠢᠢᠨ ᠡᠷᠳᠡᠮ ᠰᠢᠨᠵᠢᠯᠡᠭᠡᠨ ᠦ ᠰᠤᠳᠤᠯᠤᠭᠠᠴᠢᠳ ᠻᠠᠽᠠᠻᠰᠲ᠋ᠠᠨ ᠤ ᠨᠤᠲᠤᠭ ᠳᠡᠪᠢᠰᠬᠡᠷ ᠲᠥ ᠪᠤᠢ ᠲᠡᠦᠬᠡ᠂ ᠰᠣᠶᠤᠯ ᠤᠨ ᠳᠤᠷᠠᠰᠬᠠᠯ ᠤᠳ ᠢ ᠰᠤᠳᠤᠯᠬᠤ ᠪᠣᠯᠤᠮᠵᠢ ᠪᠦᠷᠢᠳᠦᠨ᠎ᠡ᠃
᠑᠕᠃ «ᠮᠣᠩ᠋ᠭᠣᠯ ᠤᠯᠤᠰ ᠤᠨ ᠨᠠᠯᠠᠢᠢᠬᠤ ᠳᠦᠭᠦᠷᠡᠭ ᠪᠣᠯᠤᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠲᠠᠯᠳᠢᠻᠣᠷᠭᠠᠨ ᠬᠣᠲᠠ ᠬᠣᠭᠤᠷᠤᠨᠳᠤ ᠢᠢᠨ ᠨᠥᠬᠦᠷᠯᠡᠯ᠂ ᠬᠠᠮᠲᠤ ᠢᠢᠨ ᠠᠵᠢᠯᠯᠠᠭᠠᠨ ᠤ ᠰᠠᠨᠠᠮᠵᠢ ᠪᠢᠴᠢᠭ᠌» ᠲ᠋ᠥ ᠨᠠᠯᠠᠢᠢᠬᠤ ᠳᠡᠭᠦᠷᠭᠡ ᠢᠢ ᠲᠥᠯᠦᠭᠡᠯᠡᠵᠦ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠦ᠊·ᠪᠠᠲᠤᠵᠢᠷᠭᠠᠯ᠂ ᠲᠠᠯᠳᠢᠻᠣᠷᠭᠠᠨ ᠬᠣᠲᠠ ᠢᠢᠨ ᠵᠠᠬᠢᠷᠤᠭᠴᠢ ᠧ᠊·ᠳ᠋᠊·ᠪᠠᠽᠢᠯ ᠨᠠᠷ ᠭᠠᠷ ᠤᠨ ᠦᠰᠦᠭ ᠵᠢᠷᠤᠯ᠎ᠠ᠃
ᠨᠠᠢᠢᠷᠰᠠᠭ ᠬᠠᠷᠢᠯᠴᠠᠭ᠎ᠠ᠂ ᠢᠲᠡᠭᠡᠯᠴᠡᠯ ᠢ ᠪᠡᠬᠢᠵᠢᠭᠦᠯᠬᠦ ᠴᠢᠬᠤᠯᠠ ᠠᠴᠢ ᠬᠣᠯᠪᠤᠭᠳᠠᠯ ᠲᠠᠶ᠃ ᠨᠡᠢᠢᠭᠡᠮ᠂ ᠡᠳ᠋ ᠦᠨ ᠵᠠᠰᠠᠭ᠂ ᠰᠣᠶᠤᠯ ᠤᠨ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ᠂ ᠬᠠᠷᠢᠯᠴᠠᠨ ᠲᠤᠷᠰᠢᠯᠭ᠎ᠠ ᠰᠣᠯᠢᠯᠴᠠᠬᠤ ᠪᠣᠯᠤᠮᠵᠢ ᠢᠢ ᠪᠦᠷᠢᠳᠦᠭᠦᠯᠦᠨ᠎ᠡ᠃
ᠮᠥᠨ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ᠂ ᠲᠥᠷᠦ ᠢᠢᠨ ᠪᠤᠰᠤ ᠪᠠᠢᠢᠭᠤᠯᠤᠯᠭ᠎ᠠ ᠨᠤᠭᠤᠳ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠯ᠎ᠠ᠃
ᠲᠤᠬᠠᠢᠢᠯᠠᠪᠠᠯ᠂ «ᠮᠣᠩ᠋ᠭᠣᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠪᠣᠯᠤᠨ «ᠻᠠᠽ ᠲ᠋ᠷᠧᠢᠢᠳ᠋» ᠬᠤᠳᠠᠯᠳᠤᠭᠠᠨ ᠤ ᠪᠣᠳᠤᠯᠭ᠎ᠠ ᠢᠢᠨ ᠬᠥᠭ᠍ᠵᠢᠯ ᠦᠨ ᠲᠥᠪ» ᠬᠤᠪᠢᠴᠠᠭᠠᠲᠤ ᠻᠣᠮᠫᠠᠨᠢ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠰᠠᠨᠠᠮᠵᠢ ᠪᠢᠴᠢᠭ᠌» ᠪᠠᠢᠢᠭᠤᠯᠵᠤ᠂ ᠡᠻᠰᠫᠣᠷᠲ ᠢ ᠳᠡᠮᠵᠢᠬᠦ ᠪᠣᠯᠤᠮᠵᠢᠲᠤ ᠪᠠᠷᠠᠭ᠎ᠠ᠂ ᠦᠢᠯᠡᠴᠢᠯᠡᠭᠡ ᠢᠢ ᠰᠤᠷᠲᠠᠯᠴᠢᠯᠠᠨ ᠲᠠᠨᠢᠭᠤᠯᠬᠤ᠂ ᠭᠤᠷᠪᠠᠳᠠᠭᠴᠢ ᠤᠯᠤᠰ ᠤᠨ ᠵᠠᠬ᠎ᠠ ᠵᠡᠭᠡᠯᠢ ᠳᠥ ᠨᠡᠪᠲᠡᠷᠡᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠪᠣᠯᠤᠯ᠎ᠠ᠃
ᠮᠣᠩ᠋ᠭᠣᠯ ᠤᠨ ᠵᠠᠯᠠᠭᠤᠴᠤᠳ ᠤᠨ ᠬᠣᠯᠪᠤᠭ᠎ᠠ ᠪᠣᠯᠤᠨ ᠻᠠᠽᠠᠻᠰᠲ᠋ᠠᠨ ᠤ ᠵᠠᠯᠠᠭᠤᠴᠤᠳ ᠤᠨ ᠻᠣᠨ᠋ᠭᠷᠧᠰᠰ ᠬᠠᠮᠲᠤ ᠢᠢᠨ ᠠᠵᠢᠯᠯᠠᠭ᠎ᠠ ᠪᠠᠨ ᠪᠡᠬᠢᠵᠢᠭᠦᠯᠬᠦ᠂ ᠵᠠᠯᠠᠭᠤᠴᠤᠳ ᠢ ᠳᠡᠮᠵᠢᠬᠦ ᠳᠥ ᠴᠢᠭᠯᠡᠭᠰᠡᠨ ᠬᠠᠮᠲᠤᠷᠠᠭᠰᠠᠨ ᠰᠠᠨᠠᠭᠠᠴᠢᠯᠠᠭ᠎ᠠ ᠢᠢ ᠳᠡᠮᠵᠢᠬᠦ᠂ ᠰᠣᠶᠤᠯ᠂ ᠤᠷᠠᠯᠢᠭ᠂ ᠠᠶᠠᠯᠠᠯ ᠵᠢᠭᠤᠯᠴᠢᠯᠠᠯ᠂ ᠪᠣᠯᠪᠠᠰᠤᠷᠠᠯ᠂ ᠡᠷᠡᠭᠦᠯ ᠮᠡᠨᠳᠦ᠂ ᠵᠠᠯᠠᠭᠤᠴᠤᠳ ᠤᠨ ᠪᠢᠽᠢᠨᠧᠰ ᠡᠷᠬᠢᠯᠡᠬᠦ ᠴᠢᠭᠯᠡᠯ ᠢᠶᠡᠷ ᠬᠠᠮᠲᠤᠷᠠᠭᠰᠠᠨ ᠲᠥᠰᠦᠯ ᠦᠳ ᠢ ᠬᠡᠷᠡᠭᠵᠢᠭᠦᠯᠬᠦ ᠪᠣᠯᠤᠮᠵᠢ ᠪᠦᠷᠢᠳᠦᠯ᠎ᠡ᠃
ᠡᠳᠦᠭᠡ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠵᠣᠬᠢᠴᠠᠭᠤᠯᠳᠠᠭ ᠖᠐ ᠭᠠᠷᠤᠢ ᠭᠡᠷ᠎ᠡ᠂ ᠬᠡᠯᠡᠯᠴᠡᠭᠡᠷ ᠬᠦᠴᠦᠨ ᠲᠡᠭᠦᠯᠳᠡᠷ ᠦᠢᠯᠡᠴᠢᠯᠡᠵᠦ ᠪᠠᠢᠢᠨ᠎ᠠ᠃


