Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠶᠢᠯᠡᠭᠴᠢ ᠤ·ᠬᠦᠷᠡᠯᠰᠦ᠋ᠬᠡ ᠠᠷᠮᠧᠨᠢᠶ᠎ᠠ ᠤᠯᠤᠰ ᠤᠨ ᠶᠡᠷᠦᠩᠬᠡᠶᠢᠯᠡᠭᠴᠢ ᠸᠠᠭᠠᠨ᠋ ᠾᠠᠴᠠᠲ᠋ᠦ᠋ᠷᠶᠠᠨ᠋ ᠲᠠᠢ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ·ᠬᠦᠷᠡᠯᠰᠦ᠋ᠬᠡ ᠪᠦᠭᠦᠳᠡ ᠨᠠᠶᠢᠷᠠᠮᠳᠠᠬᠤ ᠻᠠᠽᠠᠻᠰᠲ᠋ᠠᠨ ᠤᠯᠤᠰ ᠤᠨ ᠠᠰᠲ᠋ᠠᠨᠠ ᠬᠣᠲᠠᠨ᠎ᠠ ᠡᠻᠣᠯᠣᠭᠢ ᠶᠢᠨ ᠠᠰᠠᠭᠤᠳᠠᠯ ᠢᠶᠠᠷ ᠬᠢ ᠪᠦᠰᠡ ᠨᠤᠲᠤᠭ ᠤᠨ ᠳᠡᠭᠡᠳᠦ ᠲᠥᠪᠰᠢᠨ ᠦ ᠠᠭᠤᠯᠵᠠᠯᠲᠠ ᠳᠤ ᠣᠷᠤᠯᠴᠠᠬᠤ ᠦᠶ᠎ᠡ ᠪᠡᠷ ᠢᠶᠡᠨ ᠪᠦᠭᠦᠳᠡ ᠨᠠᠶᠢᠷᠠᠮᠳᠠᠬᠤ ᠠᠷᠮᠧᠨᠢᠶ᠎ᠠ ᠤᠯᠤᠰ ᠤᠨ ᠶᠡᠷᠦᠩᠬᠡᠶᠢᠯᠡᠭᠴᠢ ᠸᠠᠭᠠᠨ᠎ ᠾᠠᠴᠠᠲ᠋ᠦ᠋ᠷᠶᠠᠨ᠎ ᠲᠠᠢ ᠠᠭᠤᠯᠵᠠᠪᠠ᠃

ᠲᠥᠷᠦ ᠶᠢᠨ ᠲᠡᠷᠢᠭᠦᠨ ᠨᠠᠷ ᠤᠯᠠᠮᠵᠢᠯᠠᠯᠲᠤ ᠨᠠᠶᠢᠷᠰᠠᠭ ᠬᠠᠷᠢᠯᠴᠠᠭ᠎ᠠ ᠤᠯᠤᠰ ᠲᠥᠷᠦ ᠶᠢᠨ ᠰᠠᠯᠪᠤᠷᠢ ᠳᠤ ᠢᠳᠡᠪᠬᠢᠲᠡᠢ ᠥᠷᠨᠢᠵᠦ ᠪᠠᠶᠢᠭ᠎ᠠ ᠶᠢ ᠲᠡᠮᠳᠡᠭᠯᠡᠵᠦ᠂ ᠬᠠᠮᠲᠤ ᠶᠢᠨ ᠠᠵᠢᠯᠯᠠᠭ᠎ᠠ ᠶᠢ ᠬᠠᠷᠢᠯᠴᠠᠨ ᠰᠣᠨᠢᠷᠬᠠᠭᠰᠠᠨ ᠪᠦᠬᠦ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃

ᠡᠳ᠋ ᠦᠨ ᠵᠠᠰᠠᠭ᠂ ᠬᠤᠳᠠᠯᠳᠤᠭᠠᠨ ᠤ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ᠂ ᠢᠯᠠᠩ᠋ᠭᠤᠶ᠎ᠠ «ᠮᠣᠩ᠋ᠭᠣᠯ ᠤᠯᠤᠰ ᠪᠣᠯᠤᠨ ᠧᠦ᠋ᠷᠣᠠᠽᠢ ᠶᠢᠨ ᠡᠳ᠋ ᠦᠨ ᠵᠠᠰᠠᠭ ᠤᠨ ᠬᠣᠯᠪᠤᠭ᠎ᠠ᠂ ᠲᠡᠭᠦᠨ ᠦ ᠭᠡᠰᠢᠭᠦᠨ ᠣᠷᠤᠨ ᠨᠤᠭᠤᠳ ᠬᠣᠭᠤᠷᠤᠨᠳᠤ ᠶᠢᠨ ᠬᠤᠳᠠᠯᠳᠤᠭᠠᠨ ᠤ ᠲᠦᠷ ᠬᠡᠯᠡᠯᠴᠡᠭᠡᠷ» ᠤᠨ ᠬᠦᠷᠢᠶᠡᠨ ᠳᠥ ᠬᠥᠳᠡᠭᠡ ᠠᠵᠤ ᠠᠬᠤᠢ ᠶᠢᠨ ᠭᠠᠷᠤᠯ ᠲᠠᠢ ᠡᠴᠦᠰ ᠦᠨ ᠪᠦᠲᠦᠭᠡᠭ᠍ᠳᠡᠬᠦᠨ ᠢ ᠠᠷᠮᠧᠨᠢᠶ᠎ᠠ ᠤᠯᠤᠰ ᠤᠨ ᠵᠠᠬ᠎ᠠ ᠵᠡᠭᠡᠯᠢ ᠳᠥ ᠨᠡᠶᠢᠯᠡᠭᠦᠯᠬᠦ ᠪᠣᠯᠤᠮᠵᠢ ᠶᠢᠨ ᠲᠠᠯ᠎ᠠ ᠪᠠᠷ ᠶᠠᠷᠢᠯᠴᠠᠯ᠎ᠠ᠃

ᠶᠡᠷᠦᠩᠬᠡᠶᠢᠯᠡᠭᠴᠢ ᠤ·ᠬᠦᠷᠡᠯᠰᠦ᠋ᠬᠡ ᠳᠡᠯᠡᠬᠡᠢ ᠳ᠋ᠠᠬᠢᠨ ᠳᠤ ᠪᠣᠯᠤᠨ ᠪᠦᠰᠡ ᠨᠤᠲᠤᠭ ᠲᠤ ᠲᠤᠯᠭᠠᠮᠳᠠᠵᠤ ᠪᠤᠢ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠵᠡᠷᠭᠡ ᠲᠤᠯᠭᠠᠮᠳᠠᠵᠤ ᠪᠤᠢ ᠠᠰᠠᠭᠤᠳᠠᠯ ᠢ ᠰᠢᠢᠳᠪᠦᠷᠢᠯᠡᠬᠦ᠂ ᠡᠻᠣᠯᠣᠭᠢ ᠶᠢᠨ ᠲᠡᠩᠴᠡᠪᠦᠷᠢᠲᠦ ᠪᠠᠶᠢᠳᠠᠯ ᠢ ᠬᠠᠩ᠋ᠭᠠᠬᠤ ᠳᠤ ᠴᠢᠭᠯᠡᠭᠰᠡᠨ ᠬᠦᠴᠦ ᠴᠢᠷᠮᠠᠶᠢᠯᠲᠠ ᠳᠤ ᠬᠤᠪᠢ ᠨᠡᠮᠡᠷᠢ ᠪᠡᠨ ᠣᠷᠤᠭᠤᠯᠬᠤ ᠵᠣᠷᠢᠯᠭ᠎ᠠ ᠪᠠᠷ ᠒᠐᠒᠑ ᠣᠨ ᠠᠴᠠ ᠬᠣᠶᠢᠰᠢ ᠬᠡᠷᠡᠭᠵᠢᠭᠦᠯᠵᠦ ᠪᠤᠢ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠦ ᠲᠠᠯ᠎ᠠ ᠪᠠᠷ ᠲᠠᠨᠢᠯᠴᠠᠭᠤᠯᠵᠤ᠂ ᠠᠷᠮᠧᠨᠢᠶ᠎ᠠ ᠤᠯᠤᠰ ᠲᠠᠢ ᠬᠠᠮᠲᠤᠷᠠᠨ ᠠᠵᠢᠯᠯᠠᠬᠤ ᠪᠣᠯᠤᠮᠵᠢ ᠲᠠᠶ ᠶᠢ ᠢᠯᠡᠷᠬᠡᠶᠢᠯᠡᠯ᠎ᠡ᠃

ᠠᠭᠤᠯᠵᠠᠯᠲᠠ ᠪᠠᠷ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠶᠢᠭᠤᠯᠤᠯᠭ᠎ᠠ ᠶᠢᠨ ᠬᠦᠷᠢᠶᠡᠨ ᠳ᠋ᠡᠬᠢ ᠮᠣᠩ᠋ᠭᠣᠯ᠂ ᠠᠷᠮᠧᠨᠢᠶ᠎ᠠ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠵᠤ᠂ ᠣᠯᠠᠨ ᠤᠯᠤᠰ ᠤᠨ ᠬᠠᠷᠢᠯᠴᠠᠭᠠᠨ ᠤ ᠵᠠᠷᠢᠮ ᠠᠰᠠᠭᠤᠳᠠᠯ ᠢᠶᠠᠷ ᠰᠠᠨᠠᠯ ᠰᠣᠯᠢᠯᠴᠠᠪᠠ᠃