Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠶᠢᠳ ᠨᠠᠷ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠮᠣᠩᠭ᠋ᠣᠯ ᠤᠯᠤᠰ ᠲᠤ ᠬᠠᠪᠰᠤᠷᠤᠨ ᠰᠠᠭᠤᠬᠤ ᠵᠠᠷᠢᠮ ᠡᠯᠴᠢᠨ ᠰᠠᠢᠢᠳ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠵᠤ᠂ ᠪᠠᠷᠠᠭᠠᠯᠬᠠᠯ᠎ᠠ᠃

 

ᠠᠷᠠᠪ ᠤᠨ ᠪᠦᠭᠦᠳᠡ ᠨᠠᠢᠢᠷᠠᠮᠳᠠᠬᠤ ᠶᠧᠭᠢᠫᠧᠲ ᠤᠯᠤᠰ ᠠᠴᠠ ᠮᠣᠩᠭ᠋ᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠢᠢᠳ ᠮᠤᠬᠠᠮᠧᠳ᠋ ᠣᠰᠮᠠ ᠲᠠᠬ᠎ᠠ ᠠᠯᠢ ᠮᠠᠭ᠋ᠳᠤᠢᠤᠪ

ᠲᠠᠢᠢᠯᠠᠨᠳ᠋ ᠤᠨ ᠸᠠᠩᠳᠤ ᠤᠯᠤᠰ ᠠᠴᠠ ᠮᠣᠩᠭ᠋ᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠢᠢᠳ ᠫᠢᠷᠢᠶ᠎ᠠ ᠬᠧᠮᠫᠣᠨ

ᠪᠦᠭᠦᠳᠡ ᠨᠠᠢᠢᠷᠠᠮᠳᠠᠬᠤ ᠢᠨ᠋ᠳᠥᠨᠧᠽ ᠤᠯᠤᠰ ᠠᠴᠠ ᠮᠣᠩᠭ᠋ᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠢᠢᠳ ᠵᠢᠬ᠋ᠤᠢᠬᠠᠷᠢ ᠤᠷᠠᠲ᠋ᠮᠠᠩᠬ᠋ᠤᠢᠨ

ᠭᠡᠭᠡᠭᠡᠨ ᠰᠢᠷᠡᠭᠡᠲᠦ /ᠸᠠᠲ᠋ᠢᠺᠠᠨ/ ᠤᠯᠤᠰ ᠠᠴᠠ ᠮᠣᠩᠭ᠋ᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠢᠢᠳ ᠠᠯᠹᠷᠧᠳ᠋ ᠺᠰᠧᠷᠧᠪ ᠨᠠᠷ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠬᠦᠨ ᠪᠠᠷᠢᠭᠰᠠᠨ ᠲᠠᠢ ᠨᠢ ᠬᠣᠯᠪᠣᠭᠳᠠᠭᠤᠯᠤᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠯᠴᠢᠨ ᠰᠠᠢᠢᠳ ᠨᠠᠷ ᠢ ᠬᠦᠯᠢᠶᠡᠨ ᠠᠪᠴᠤ ᠠᠭᠤᠯᠵᠠᠪᠠ᠃

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠭᠰᠠᠨ ᠡᠯᠴᠢᠨ ᠰᠠᠢᠢᠳ ᠨᠠᠷ ᠢ ᠬᠦᠯᠢᠶᠡᠨ ᠠᠪᠴᠤ ᠠᠭᠤᠯᠵᠠᠭᠠᠳ᠂ ᠶᠠᠭᠤᠨ ᠲᠦᠷᠦᠭᠦᠨ ᠳᠥ ᠬᠠᠪᠰᠤᠷᠤᠨ ᠰᠠᠭᠤᠭ᠎ᠠ ᠤᠯᠤᠰ ᠪᠥᠷᠢ ᠡᠴᠡ ᠮᠣᠩᠭ᠋ᠣᠯ ᠤᠯᠤᠰ ᠲᠠᠢ ᠬᠠᠷᠢᠯᠴᠠᠭ᠎ᠠ ᠪᠠᠨ ᠪᠦᠬᠦ ᠲᠦᠪᠰᠢᠨ ᠳᠥ ᠳᠡᠭᠡᠭ᠍ᠰᠢᠯᠡᠭᠦᠯᠬᠦ ᠢᠢᠨ ᠲᠥᠯᠥᠭᠡ ᠬᠢᠴᠢᠶᠡᠨ ᠠᠵᠢᠯᠯᠠᠬᠤ ᠢᠢ ᠬᠦᠰᠡᠭᠰᠡᠨ ᠶᠤᠮ᠃ ᠮᠥᠨ ᠬᠠᠪᠰᠤᠷᠤᠨ ᠰᠠᠭᠤᠭ᠎ᠠ ᠤᠯᠤᠰ ᠨᠢ ᠪᠦᠭᠦᠳᠡ ᠨᠠᠢᠢᠷᠠᠮᠳᠠᠬᠤ ᠰᠣᠯᠣᠩᠭ᠋ᠤᠰ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠵᠡᠷᠭᠡ ᠮᠣᠩᠭ᠋ᠣᠯ ᠳᠤ ᠣᠢᠢᠷᠠᠬᠠᠨ ᠪᠠᠢᠢᠷᠢᠯᠠᠬᠤ ᠤᠯᠤᠰ ᠤᠳ ᠪᠠᠢᠢᠭ᠎ᠠ ᠨᠢ ᠬᠣᠶᠠᠷ ᠤᠯᠤᠰ ᠤᠨ ᠬᠠᠷᠢᠯᠴᠠᠭ᠎ᠠ ᠢᠢ ᠥᠷᠭᠡᠵᠢᠨ᠂ ᠬᠥᠭ᠍ᠵᠢᠭᠦᠯᠬᠦ ᠳᠥ ᠢᠯᠡᠭᠦᠦ ᠳᠥᠬᠥᠮ ᠭᠡᠳᠡᠭ ᠢ ᠣᠨᠴᠠᠯᠠᠨ ᠲᠡᠮᠳᠡᠭᠯᠡᠪᠡ᠃

 

ᠮᠥᠨ ᠡᠯᠴᠢᠨ ᠰᠠᠢᠢᠳ ᠨᠠᠷ ᠲᠠᠢ ᠠᠶᠠᠯᠠᠯ ᠵᠢᠭᠤᠯᠴᠢᠯᠠᠯ᠂ ᠬᠥᠳᠡᠭᠡ ᠠᠵᠤ ᠠᠬᠤᠢ ᠢᠢ ᠬᠥᠭ᠍ᠵᠢᠭᠦᠯᠬᠦ ᠠᠰᠠᠭᠤᠳᠠᠯ ᠢᠶᠠᠷ ᠰᠠᠨᠠᠯ ᠰᠣᠯᠢᠯᠴᠠᠵᠤ᠂ ᠲᠡᠦᠬᠡ᠂ ᠰᠣᠶᠣᠯ ᠤᠨ ᠴᠢᠭᠯᠡᠯ ᠢᠶᠡᠷ ᠬᠠᠮᠲᠤᠷᠠᠨ ᠠᠵᠢᠯᠯᠠᠬᠤ ᠪᠥᠷᠢᠨ ᠪᠣᠯᠤᠮᠵᠢ ᠲᠠᠢ ᠭᠡᠭᠡᠭᠡᠨ ᠰᠢᠷᠡᠭᠡᠲᠦ ᠤᠯᠤᠰ ᠠᠴᠠ ᠮᠣᠩᠭ᠋ᠣᠯ ᠤᠨ ᠡᠵᠡᠨᠲᠦ ᠭᠦᠷᠦᠨ ᠦ ᠦᠶ᠎ᠡ ᠢᠢᠨ ᠲᠡᠦᠬᠡ ᠲᠡᠢ ᠬᠣᠯᠪᠣᠭ᠎ᠠ ᠲᠠᠢ ᠵᠠᠬᠢᠳᠠᠯ᠂ ᠪᠢᠴᠢᠭ᠌ ᠦᠨ ᠥᠪ ᠢ ᠮᠣᠩᠭ᠋ᠣᠯ ᠤᠯᠤᠰ ᠲᠤ ᠠᠪᠴᠢᠷᠠᠬᠤ ᠠᠰᠠᠭᠤᠳᠠᠯ ᠢᠶᠠᠷ ᠶᠠᠷᠢᠯᠴᠠᠪᠠ᠃