ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠴᠢᠩ᠋ᠭᠡᠯᠲᠡᠶ ᠳᠡᠭᠦᠷᠭᠡ ᠢᠢᠨ ᠢᠷᠭᠡᠳ ᠲᠡᠶ ᠠᠭᠤᠯᠵᠠᠵᠤ᠂ ᠪᠣᠳᠤᠯᠭ᠎ᠠ᠂ ᠦᠢᠯᠡ ᠠᠵᠢᠯᠯᠠᠭ᠎ᠠ᠂ ᠰᠠᠨᠠᠭᠠᠴᠢᠯᠠᠨ ᠬᠡᠷᠡᠭᠵᠢᠭᠦᠯᠵᠦ ᠪᠠᠢᠢᠭ᠎ᠠ «ᠬᠦᠨᠡᠰᠦᠨ ᠦ ᠬᠤᠪᠢᠰᠬᠠᠯ»᠂ «ᠴᠠᠭᠠᠨ ᠠᠯᠲᠠ»᠂ «ᠲᠡᠷᠪᠤᠮ ᠮᠣᠳᠤ᠂ «ᠡᠷᠡᠭᠦᠯ ᠮᠣᠩ᠋ᠭᠤᠯ ᠬᠦᠮᠦᠨ»᠂ «ᠢᠯᠡᠭᠡᠯᠲᠡ-᠒᠑᠐᠐» ᠵᠡᠷᠭᠡ ᠦᠨᠳᠦᠰᠦᠨ ᠦ ᠬᠥᠳᠡᠯᠭᠡᠭᠡᠨ᠂ ᠬᠥᠲᠦᠯᠪᠦᠷᠢ᠂ ᠭᠠᠳᠠᠭᠠᠳᠤ ᠬᠠᠷᠢᠯᠴᠠᠭ᠎ᠠ᠂ ᠨᠡᠢᠢᠭᠡᠮ᠂ ᠡᠳ᠋ ᠦᠨ ᠵᠠᠰᠠᠭ ᠤᠨ ᠪᠠᠢᠢᠳᠠᠯ ᠵᠡᠷᠭᠡ ᠢᠢᠨ ᠲᠠᠯ᠎ᠠ ᠪᠠᠷ ᠲᠣᠪᠴᠢ ᠲᠠᠨᠢᠯᠴᠠᠭᠤᠯᠤᠯ᠎ᠠ᠃
ᠳᠡᠭᠦᠷᠭᠡ ᠢᠢᠨ ᠲᠥᠷᠦ᠂ ᠵᠠᠬᠢᠷᠭ᠎ᠠ᠂ ᠬᠤᠪᠢ ᠢᠢᠨ ᠬᠡᠪᠰᠢᠯ᠂ ᠢᠷᠭᠡᠨ ᠦ ᠨᠡᠢᠢᠭᠡᠮ ᠦᠨ ᠪᠠᠢᠢᠭᠤᠯᠤᠯᠭ᠎ᠠ᠂ ᠢᠷᠭᠡᠳ ᠲᠥᠷᠦ ᠢᠢᠨ ᠲᠡᠷᠢᠭᠦᠨ ᠦ ᠪᠣᠳᠤᠯᠭ᠎ᠠ᠂ ᠦᠢᠯᠡ ᠠᠵᠢᠯᠯᠠᠭ᠎ᠠ᠂ ᠰᠠᠨᠠᠭᠠᠴᠢᠯᠠᠭᠰᠠᠨ ᠬᠥᠳᠡᠯᠭᠡᠭᠡᠨ᠂ ᠬᠥᠲᠦᠯᠪᠦᠷᠢ ᠢᠢ ᠡᠬᠢᠨ ᠡᠴᠡ ᠨᠢ ᠳᠡᠮᠵᠢᠨ᠂ ᠬᠤᠪᠢ ᠨᠡᠮᠡᠷᠢ ᠪᠡᠨ ᠣᠷᠤᠭᠤᠯᠵᠤ ᠪᠠᠢᠢᠭᠠᠳ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠯ᠎ᠡ᠃

ᠴᠢᠩ᠋ᠭᠡᠯᠲᠡᠶ ᠳᠡᠭᠦᠷᠭᠡ ᠥᠩ᠋ᠭᠡᠷᠡᠭᠰᠡᠨ ᠣᠨ ᠳᠤ ᠙᠓ ᠡᠷᠦᠬᠡ ᠢᠢ ᠰᠡᠷᠭᠦᠭᠡᠭ᠍ᠳᠡᠬᠦ ᠡᠷᠴᠢᠮ ᠬᠦᠴᠦᠨ ᠳᠥ ᠬᠣᠯᠪᠤᠵᠤ᠂ ᠢᠷᠡᠬᠦ ᠣᠨ ᠳᠤ ᠕᠐᠐ ᠭᠠᠷᠤᠢ ᠡᠷᠦᠬᠡ ᠢᠢ ᠬᠠᠮᠤᠷᠤᠭᠤᠯᠤᠨ᠎ᠠ᠃ «ᠲᠡᠷᠪᠤᠮ ᠮᠣᠳᠤ» ᠬᠥᠳᠡᠯᠭᠡᠭᠡᠨ ᠦ ᠬᠦᠷᠢᠶᠡᠨ ᠳᠥ ᠑᠕᠐ ᠭᠠᠷᠤᠢ ᠮᠢᠩ᠋ᠭᠠᠨ ᠮᠣᠳᠤ᠂ ᠲᠡᠭᠦᠨ ᠦ ᠳᠣᠲᠤᠷ᠎ᠠ ᠭᠡᠷ ᠬᠣᠷᠢᠶᠠᠯᠠᠯ ᠳᠤ ᠑᠐ ᠮᠢᠩ᠋ᠭ᠎ᠠ ᠭᠠᠷᠤᠢ ᠮᠣᠳᠤ ᠲᠠᠷᠢᠵᠤ ᠤᠷᠭᠤᠭᠤᠯᠤᠭᠰᠠᠨ ᠲᠤᠬᠠᠢ ᠵᠠᠰᠠᠭ ᠳᠠᠷᠤᠭ᠎ᠠ ᠨᠢ᠊·ᠮᠠᠨᠳᠤᠭᠤᠯ ᠲᠠᠨᠢᠯᠴᠠᠭᠤᠯᠤᠯ᠎ᠠ᠃
«ᠶᠡᠷᠦᠩᠬᠡᠢᠢᠯᠡᠭᠴᠢ ᠢᠢᠨ ᠢᠯᠡᠭᠡᠯᠲᠡ ᠒᠑᠐᠐» ᠲᠡᠳᠬᠦᠯᠭᠡᠲᠦ ᠬᠥᠲᠦᠯᠪᠦᠷᠢ ᠢᠢᠨ ᠬᠦᠷᠢᠶᠡᠨ ᠳᠥ ᠒᠑ ᠤᠯᠤᠰ ᠲᠤ ᠑᠂᠐᠕᠕ ᠣᠶᠤᠲᠠᠨ ᠰᠤᠷᠤᠯᠴᠠᠵᠤ ᠪᠠᠢᠢᠭ᠎ᠠ ᠢᠢᠨ ᠔᠐ ᠭᠠᠷᠤᠢ ᠨᠢ ᠴᠢᠩ᠋ᠭᠡᠯᠲᠡᠶ ᠳᠡᠭᠦᠷᠭᠡ ᠢᠢᠨ ᠬᠢ ᠶᠤᠮ᠃
ᠦᠷ᠎ᠡ ᠬᠡᠦᠬᠡᠳ ᠢᠶᠡᠨ ᠡᠷᠳᠡᠮ ᠪᠣᠯᠪᠠᠰᠤᠷᠠᠯ ᠲᠠᠶ᠂ ᠬᠢᠴᠢᠶᠡᠯ ᠵᠢᠳᠬᠦᠯ ᠲᠡᠶ ᠥᠰᠬᠡᠨ ᠬᠦᠮᠦᠵᠢᠭᠦᠯᠦᠭᠰᠡᠨ ᠡᠴᠢᠭᠡ᠂ ᠡᠬᠡ᠂ ᠪᠦᠬᠦ ᠲᠠᠯ᠎ᠠ ᠪᠠᠷ ᠳᠡᠮᠵᠢᠭᠰᠡᠨ ᠪᠠᠭᠰᠢ ᠨᠠᠷ ᠲᠤ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠵᠦ᠂ ᠰᠠᠢᠢᠨ ᠰᠠᠢᠢᠬᠠᠨ ᠢ ᠬᠦᠰᠡᠨ ᠢᠷᠦᠭᠡᠯ᠎ᠡ᠃
ᠴᠢᠨᠠᠭᠰᠢᠳᠠ ᠲᠥᠷᠦ᠂ ᠵᠠᠰᠠᠭ᠂ ᠲᠦᠮᠡᠨ ᠣᠯᠠᠨ ᠢᠶᠠᠷ ᠢᠶᠠᠨ ᠣᠯᠤᠯᠲᠠ᠂ ᠠᠮᠵᠢᠯᠲᠠ ᠪᠠᠨ ᠪᠠᠲᠤᠳᠬᠠᠵᠤ᠂ ᠡᠪ ᠢ ᠡᠷᠬᠢᠮᠯᠡᠨ᠂ ᠵᠥᠪ ᠢ ᠲᠡᠳᠬᠦᠵᠦ᠂ ᠶᠣᠰᠤ ᠢᠢ ᠰᠠᠬᠢᠵᠤ᠂ ᠤᠯᠤᠰ ᠣᠷᠤᠨ ᠢᠶᠠᠨ ᠬᠥᠭ᠍ᠵᠢᠭᠦᠯᠬᠦ ᠢᠢᠨ ᠲᠥᠯᠦᠭᠡ ᠦᠨᠳᠦᠰᠦᠲᠡᠨ ᠢᠶᠡᠷ ᠢᠶᠡᠨ ᠬᠠᠮᠲᠤᠷᠠᠨ ᠵᠢᠳᠬᠦᠬᠦ ᠢᠢ ᠤᠷᠢᠶᠠᠯᠠᠯ᠎ᠠ᠃


ᠶᠡᠷᠦᠩᠬᠡᠢᠢᠯᠡᠭᠴᠢ ᠨᠡᠢᠢᠰᠯᠡᠯ ᠦᠨ ᠶᠡᠷᠦᠩᠬᠡᠢ ᠪᠣᠯᠪᠠᠰᠤᠷᠠᠯ ᠤᠨ ᠕᠗ ᠳ᠋ᠤᠭᠠᠷ ᠰᠤᠷᠭᠠᠭᠤᠯᠢ ᠢᠢᠨ ᠠᠬᠠᠮᠠᠳ ᠪᠠᠭᠰᠢ ᠪᠢᠮᠪᠠᠵᠠᠪ ᠤᠨ ᠳᠡᠮᠪᠡᠷᠢᠯᠰᠠᠩ ᠳᠤ ᠭᠠᠪᠢᠶᠠᠲᠤ ᠪᠠᠭᠰᠢ᠂ «ᠲᠣᠫ ᠵᠠᠮ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ ᠢᠢᠨ ᠵᠥᠪᠯᠡᠬᠦ ᠢᠨ᠋ᠵᠧᠨᠧᠷ ᠴᠠᠭᠠᠴᠢ ᠢᠢᠨ ᠪᠠᠲᠤᠸᠴᠢᠷ ᠲᠤ ᠭᠠᠪᠢᠶᠠᠲᠤ ᠪᠠᠷᠢᠯᠭᠠᠴᠢᠨ᠂ «ᠡᠮ ᠡᠮ ᠪᠢ ᠾᠣᠯᠳᠢᠩ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ ᠢᠢᠨ ᠬᠡᠦᠬᠡᠳ ᠦᠨ ᠡᠮᠨᠡᠯᠭᠡ ᠢᠢᠨ ᠶᠡᠷᠦᠩᠬᠡᠢ ᠡᠮᠴᠢ ᠳᠡᠰᠢᠭ᠍ᠵᠠᠪ ᠤᠨ ᠨᠠᠴᠤᠭᠮ ᠠ ᠳᠤ ᠬᠦᠮᠦᠨ ᠦ ᠭᠠᠪᠢᠶᠠᠲᠤ ᠡᠮᠴᠢ᠂ ᠲᠥᠷᠦ᠂ ᠵᠠᠬᠢᠷᠭᠠᠨ ᠤ ᠠᠬᠠᠮᠠᠳ ᠠᠵᠢᠯᠲᠠᠨ ᠫᠡᠷᠢᠩᠯᠡᠶ ᠢᠢᠨ ᠲᠥᠪᠰᠠᠨᠠᠭᠠ ᠳᠤ ᠭᠠᠪᠢᠶᠠᠲᠤ ᠡᠳ᠋ ᠦᠨ ᠵᠠᠰᠠᠭᠴᠢ ᠴᠣᠯᠠ ᠬᠦᠷᠲᠡᠭᠡᠯ᠎ᠡ᠃
ᠮᠥᠨ ᠨᠡᠷ᠎ᠡ ᠪᠦᠬᠦᠢ ᠡᠷᠬᠢᠮ ᠦᠳ ᠲᠥ ᠲᠥᠷᠦ ᠢᠢᠨ ᠳᠡᠭᠡᠳᠦ ᠣᠳᠤᠨ᠂ ᠮᠧᠳᠠᠯᠢ ᠭᠠᠷᠳᠠᠭᠤᠯᠤᠯ᠎ᠠ᠃




