ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠥᠷᠦ ᠢᠢᠨ ᠣᠷᠳᠤᠨ ᠳᠤ ᠭᠡᠷ ᠪᠦᠯᠢ᠂ ᠬᠥᠳᠡᠯᠮᠦᠷᠢ᠂ ᠨᠡᠢᠢᠭᠡᠮ ᠦᠨ ᠬᠠᠮᠠᠭᠠᠯᠠᠯ ᠤᠨ ᠰᠠᠯᠪᠤᠷᠢ ᠢᠢᠨ ᠬᠢᠨ ᠲᠠᠢ ᠠᠭᠤᠯᠵᠠᠯ᠎ᠠ᠃
ᠡᠨᠡ ᠰᠠᠯᠪᠤᠷᠢ ᠳᠤ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠳᠥᠷᠪᠡᠨ ᠠᠭᠧᠨ᠋ᠲ᠋ᠯᠢᠭ᠂ ᠲᠥᠰᠦᠪ ᠦᠨ ᠠᠷᠪᠠᠨ ᠪᠠᠢᠢᠭᠤᠯᠤᠯᠭ᠎ᠠ ᠳᠤ ᠔᠂᠙᠐᠐ ᠣᠷᠴᠢᠮ ᠬᠦᠮᠦᠨ ᠠᠵᠢᠯᠯᠠᠵᠤ᠂ ᠲᠥᠷᠦ ᠢᠢᠨ ᠦᠢᠯᠡᠴᠢᠯᠡᠭᠡ ᠢᠢ ᠢᠷᠭᠡᠳ᠂ ᠣᠯᠠᠨ ᠨᠡᠢᠢᠲᠡ᠂ ᠠᠵᠤ ᠠᠬᠤᠢ ᠢᠢᠨ ᠨᠢᠭᠡᠴᠡ᠂ ᠪᠠᠢᠢᠭᠤᠯᠤᠯᠭ᠎ᠠ ᠳᠤ ᠬᠦᠷᠭᠡᠵᠦ ᠪᠠᠢᠢᠨ᠎ᠠ᠃
ᠰᠠᠯᠪᠤᠷᠢ ᠢᠢᠨ ᠠᠵᠢᠯᠲᠠᠨ᠂ ᠠᠯᠪᠠᠨ ᠬᠠᠭᠠᠭᠴᠢᠳ ᠭᠡᠷ ᠪᠦᠯᠢ᠂ ᠬᠥᠳᠡᠯᠮᠦᠷᠢ᠂ ᠨᠡᠢᠢᠭᠡᠮ ᠦᠨ ᠬᠠᠯᠠᠮᠵᠢ᠂ ᠳᠠᠭᠠᠳᠬᠠᠯ᠂ ᠬᠡᠦᠬᠡᠳ᠂ ᠠᠬᠠᠮᠠᠳ ᠨᠠᠰᠤᠲᠠᠨ᠂ ᠬᠥᠭ᠍ᠵᠢᠯ ᠦᠨ ᠪᠡᠷᠬᠡᠰᠢᠶᠡᠯᠲᠡᠶ ᠢᠷᠭᠡᠳ ᠢ ᠬᠠᠮᠤᠷᠤᠭᠰᠠᠨ ᠪᠣᠳᠤᠯᠭ᠎ᠠ᠂ ᠵᠣᠬᠢᠴᠠᠭᠤᠯᠤᠯᠲᠠ ᠢᠢ ᠬᠡᠷᠡᠭᠵᠢᠭᠦᠯᠳᠡᠭ᠃
«ᠴᠠᠭᠠᠨ ᠠᠯᠲᠠ» ᠬᠥᠲᠦᠯᠪᠦᠷᠢ ᠢᠢᠨ ᠬᠦᠷᠢᠶᠡᠨ ᠳᠥ ᠬᠥᠳᠡᠯᠮᠦᠷᠢ ᠡᠷᠬᠢᠯᠡᠯᠲᠡ ᠢᠢ ᠳᠡᠮᠵᠢᠬᠦ ᠰᠠᠩ ᠠᠴᠠ ᠒᠐᠒᠕ ᠣᠨ ᠳᠤ ᠑᠗᠔ ᠢᠷᠭᠡᠨ ᠲᠡᠷᠪᠤᠮ ᠭᠠᠷᠤᠢ ᠲᠥᠭᠦᠷᠢᠭ᠌ ᠦᠨ ᠳᠡᠮᠵᠢᠯᠭᠡ᠂ ᠪᠢᠴᠢᠯ ᠵᠢᠭᠡᠯᠡ ᠠᠪᠴᠤ᠂ ᠠᠷᠠᠰᠤ᠂ ᠰᠢᠷᠢ᠂ ᠨᠣᠣᠰᠤ᠂ ᠨᠣᠯᠤᠤᠷ ᠤᠨ ᠦᠢᠯᠡᠳᠪᠦᠷᠢᠯᠡᠯ᠂ ᠦᠢᠯᠡᠴᠢᠯᠡᠭᠡ ᠡᠷᠬᠢᠯᠡᠵᠦ ᠪᠠᠢᠢᠨ᠎ᠠ᠃
«ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠥᠩ᠋ᠭᠡᠷᠡᠭᠰᠡᠨ ᠣᠨ ᠳᠤ ᠒᠂᠕᠐᠐ ᠣᠷᠴᠢᠮ ᠬᠦᠮᠦᠨ ᠳᠡᠮᠵᠢᠯᠭᠡ ᠠᠪᠴᠤ᠂ ᠮᠣᠳᠤ ᠲᠠᠷᠢᠵᠤ ᠤᠷᠭᠤᠭᠤᠯᠬᠤ᠂ ᠠᠷᠠᠴᠢᠯᠠᠵᠤ ᠲᠣᠷᠳᠠᠬᠤ ᠠᠵᠢᠯ ᠬᠢᠵᠡᠶ᠃
ᠰᠠᠯᠪᠤᠷᠢ ᠢᠢᠨ ᠶᠠᠮᠤᠨ ᠒᠐᠒᠖ ᠣᠨ ᠢ «ᠬᠥᠳᠡᠯᠮᠦᠷᠢ ᠡᠷᠬᠢᠯᠡᠯᠲᠡ ᠢᠢ ᠳᠡᠮᠵᠢᠬᠦ ᠵᠢᠯ» ᠪᠣᠯᠭᠠᠨ ᠵᠠᠷᠯᠠᠵᠤ᠂ ᠬᠥᠳᠡᠯᠮᠦᠷᠢ ᠡᠷᠬᠢᠯᠡᠯᠲᠡ ᠢᠢᠨ ᠪᠦᠬᠦ ᠲᠥᠷᠦᠯ ᠦᠨ ᠰᠤᠷᠭᠠᠯᠲᠠ᠂ ᠲᠥᠰᠦᠯ᠂ ᠬᠥᠲᠦᠯᠪᠦᠷᠢ᠂ ᠰᠠᠩᠬᠦᠦ ᠢᠢᠨ ᠳᠡᠮᠵᠢᠯᠭᠡ᠂ ᠵᠢᠵᠢᠭ ᠵᠢᠭᠡᠯᠡ ᠢᠢ «ᠴᠠᠭᠠᠨ ᠠᠯᠲᠠ» ᠬᠥᠲᠦᠯᠪᠦᠷᠢ᠂ «ᠲᠡᠷᠪᠤᠮ ᠮᠣᠳᠤ» ᠬᠥᠳᠡᠯᠭᠡᠭᠡᠨ ᠲᠡᠶ ᠤᠶᠠᠯᠳᠤᠭᠤᠯᠬᠤ ᠶᠤᠮ ᠪᠠᠢᠢᠨ᠎ᠠ᠃
ᠤᠯᠤᠰ ᠤᠨ ᠦᠨᠳᠦᠰᠦ ᠪᠣᠯᠤᠭᠰᠠᠨ ᠭᠡᠷ ᠪᠦᠯᠢ᠂ ᠬᠦᠮᠦᠨ ᠠᠮᠠ ᠢᠢᠨ ᠠᠰᠠᠭᠤᠳᠠᠯ ᠢ ᠬᠠᠷᠢᠭᠤᠴᠠᠨ᠂ ᠬᠦᠮᠦᠨ ᠪᠦᠷᠢ ᠳᠥ ᠴᠢᠭᠯᠡᠭᠰᠡᠨ ᠦᠢᠯᠡᠴᠢᠯᠡᠭᠡ ᠦᠵᠡᠭᠦᠯᠳᠡᠭ ᠡᠨᠡ ᠰᠠᠯᠪᠤᠷᠢ ᠢᠢᠨ ᠦᠶ᠎ᠡ ᠦᠶ᠎ᠡ ᠢᠢᠨ ᠬᠠᠮᠲᠤ ᠣᠯᠠᠨ ᠳᠤ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠵᠦ᠂ ᠠᠮᠵᠢᠯᠲᠠ ᠬᠦᠰᠡᠯ᠎ᠡ᠃
ᠲᠡᠷᠡ ᠪᠡᠷ᠂ ᠥᠩ᠋ᠭᠡᠷᠡᠭᠰᠡᠨ ᠲᠠᠪᠤᠨ ᠵᠢᠯ ᠳᠥ ᠬᠢᠭ᠍ᠰᠡᠨ ᠠᠵᠢᠯ᠂ «ᠲᠡᠷᠪᠤᠮ ᠮᠣᠳᠤ»᠂ «ᠬᠦᠨᠡᠰᠦᠨ ᠦ ᠬᠤᠪᠢᠰᠬᠠᠯ»᠂ «ᠴᠠᠭᠠᠨ ᠠᠯᠲᠠ»᠂ «ᠡᠷᠡᠭᠦᠯ ᠮᠣᠩ᠋ᠭᠤᠯ ᠬᠦᠮᠦᠨ»᠂ «ᠢᠯᠡᠭᠡᠯᠲᠡ-᠒᠑᠐᠐» ᠵᠡᠷᠭᠡ ᠦᠨᠳᠦᠰᠦᠨ ᠦ ᠬᠥᠳᠡᠯᠭᠡᠭᠡᠨ᠂ ᠬᠥᠲᠦᠯᠪᠦᠷᠢ ᠢᠢᠨ ᠬᠡᠷᠡᠭᠵᠢᠯᠲᠡ᠂ ᠭᠠᠳᠠᠭᠠᠳᠤ ᠬᠠᠷᠢᠯᠴᠠᠭᠠᠨ ᠤ ᠰᠡᠷᠭᠦᠯᠲᠡ ᠪᠣᠯᠤᠨ ᠨᠡᠢᠢᠭᠡᠮ᠂ ᠡᠳ᠋ ᠦᠨ ᠵᠠᠰᠠᠭ ᠤᠨ ᠪᠠᠢᠢᠳᠠᠯ ᠵᠡᠷᠭᠡ ᠢᠢᠨ ᠲᠠᠯ᠎ᠠ ᠪᠠᠷ ᠲᠣᠪᠴᠢ ᠲᠠᠨᠢᠯᠴᠠᠭᠤᠯᠤᠯ᠎ᠠ᠃

ᠴᠢᠨᠠᠭᠰᠢᠳᠠ ᠲᠥᠷᠦ ᠢᠢᠨ ᠠᠯᠪᠠᠨ ᠤ ᠪᠦᠬᠦ ᠱᠠᠲᠤᠨ ᠳᠤ ᠶᠣᠰᠤ ᠵᠦᠢ ᠢᠢ ᠰᠠᠬᠢᠨ᠂ ᠰᠠᠬᠢᠯᠭ᠎ᠠ᠂ ᠬᠠᠷᠢᠭᠤᠴᠠᠯᠭ᠎ᠠ ᠪᠠᠨ ᠴᠢᠩ᠋ᠭᠠᠳᠬᠠᠵᠤ᠂ ᠬᠠᠤᠯᠢ ᠪᠠᠷ ᠬᠦᠯᠢᠶᠡᠭᠰᠡᠨ ᠡᠭᠦᠷᠭᠡ ᠪᠡᠨ ᠴᠢᠩ ᠰᠢᠳᠤᠷᠭᠤ ᠪᠠᠷ ᠪᠡᠶᠡᠯᠡᠭᠦᠯᠦᠨ᠂ ᠢᠷᠭᠡᠳ ᠲᠥ ᠲᠦᠷᠭᠡᠨ ᠰᠢᠭᠤᠷᠬᠠᠢ ᠦᠢᠯᠡᠴᠢᠯᠡᠵᠦ ᠪᠠᠢᠢᠬᠤ ᠢᠢ ᠵᠠᠬᠢᠯ᠎ᠠ᠃
ᠶᠡᠷᠦᠩᠬᠡᠢᠢᠯᠡᠭᠴᠢ ᠮᠥᠨ ᠬᠥᠳᠡᠯᠮᠦᠷᠢ᠂ ᠬᠠᠯᠠᠮᠵᠢ ᠢᠢᠨ ᠦᠢᠯᠡᠴᠢᠯᠡᠭᠡᠨ ᠦ ᠶᠡᠷᠦᠩᠬᠡᠢ ᠭᠠᠵᠠᠷ ᠤᠨ ᠠᠬᠠᠮᠠᠳ ᠠᠵᠢᠯᠲᠠᠨ ᠳᠠᠭᠳᠠᠨ ᠤ ᠵᠠᠩᠴᠠᠨ᠂ ᠨᠡᠢᠢᠭᠡᠮ ᠦᠨ ᠳᠠᠭᠠᠳᠬᠠᠯ ᠤᠨ ᠶᠡᠷᠦᠩᠬᠡᠢ ᠭᠠᠵᠠᠷ ᠤᠨ ᠠᠬᠠᠮᠠᠳ ᠠᠵᠢᠯᠲᠠᠨ ᠴᠣᠭ ᠤᠨ ᠳᠠᠰᠢᠳᠣᠨᠳᠤᠭ ᠨᠠᠷ ᠲᠤ ᠭᠠᠪᠢᠶᠠᠲᠤ ᠡᠳ᠋ ᠦᠨ ᠵᠠᠰᠠᠭᠴᠢ᠂ ᠬᠠᠷᠠᠭᠠᠨ ᠤ ᠪᠡᠷᠬᠡᠰᠢᠶᠡᠯᠲᠡᠶ ᠬᠦᠮᠦᠰ ᠦᠨ ᠬᠥᠳᠡᠯᠮᠦᠷᠢ ᠰᠤᠷᠭᠠᠯᠲᠠ ᠬᠥᠭ᠍ᠵᠢᠯ ᠦᠨ ᠲᠥᠪ᠂ «ᠨᠠᠷᠠᠨ ᠤ ᠬᠠᠭᠠᠨ ᠬᠡᠦᠬᠡᠳ ᠦᠳ» ᠴᠡᠴᠡᠷᠯᠢᠭ ᠦᠨ ᠶᠡᠬᠡ ᠡᠮᠴᠢ ᠳᠠᠮᠳᠢᠨᠵᠠᠪ ᠤᠨ ᠨᠢᠮᠠᠰᠦ᠋ᠷᠦᠩ ᠳᠥ ᠬᠦᠮᠦᠨ ᠦ ᠭᠠᠪᠢᠶᠠᠲᠤ ᠡᠮᠴᠢ᠂ ᠵᠠᠪᠬᠠᠨ ᠠᠢᠢᠮᠠᠭ ᠤᠨ ᠨᠢᠭᠡᠳᠦᠭᠰᠡᠨ ᠡᠮᠨᠡᠯᠭᠡ ᠢᠢᠨ ᠠᠬᠠᠮᠠᠳ ᠡᠮᠴᠢ᠂ «ᠥᠷᠨᠢᠬᠦ ᠬᠥᠭ᠍ᠵᠢᠯ» ᠲᠥᠷᠦ ᠢᠢᠨ ᠪᠤᠰᠤ ᠪᠠᠢᠢᠭᠤᠯᠤᠯᠭ᠎ᠠ ᠢᠢᠨ ᠡᠷᠡᠭᠦᠯ ᠮᠡᠨᠳᠦ᠂ ᠮᠧᠨᠧᠵᠮᠧᠨ᠋ᠲ ᠦᠨ ᠵᠥᠪᠯᠡᠬᠦ ᠮᠥᠩᠬᠡ ᠢᠢᠨ ᠳᠤᠯᠮᠠᠵᠠᠪ ᠲᠤ ᠡᠷᠡᠭᠦᠯ ᠢ ᠬᠠᠮᠠᠭᠠᠯᠠᠬᠤ ᠢᠢᠨ ᠭᠠᠪᠢᠶᠠᠲᠤ ᠠᠵᠢᠯᠲᠠᠨ ᠴᠣᠯᠠ ᠬᠦᠷᠲᠡᠭᠡᠵᠦ᠂ ᠨᠡᠷ᠎ᠡ ᠪᠦᠬᠦᠢ ᠡᠷᠬᠢᠮ ᠦᠳ ᠢ ᠲᠥᠷᠦ ᠢᠢᠨ ᠣᠳᠤᠨ᠂ ᠮᠧᠳᠠᠯᠢ ᠪᠠᠷ ᠱᠠᠩᠨᠠᠯ᠎ᠠ᠃
ᠡᠨᠡ ᠣᠨ ᠳᠤ ᠭᠡᠷ ᠪᠦᠯᠢ᠂ ᠬᠥᠳᠡᠯᠮᠦᠷᠢ᠂ ᠨᠡᠢᠢᠭᠡᠮ ᠦᠨ ᠬᠠᠮᠠᠭᠠᠯᠠᠯ ᠤᠨ ᠰᠠᠯᠪᠤᠷᠢ ᠢᠢᠨ ᠡᠷᠬᠡ ᠵᠦᠢ ᠢᠢᠨ ᠰᠢᠨᠡᠴᠢᠯᠡᠯ ᠢ ᠡᠷᠴᠢᠮᠵᠢᠭᠦᠯᠬᠦ ᠬᠦᠷᠢᠶᠡᠨ ᠳᠥ ᠬᠤᠪᠢ ᠢᠢᠨ ᠨᠡᠮᠡᠯᠲᠡ ᠲᠡᠳᠬᠦᠪᠦᠷᠢ ᠢᠢᠨ ᠲᠤᠬᠠᠢ᠂ ᠬᠥᠳᠡᠯᠮᠦᠷᠢ ᠢᠢᠨ ᠠᠶᠤᠯ ᠦᠭᠡᠢ ᠪᠠᠢᠢᠳᠠᠯ᠂ ᠡᠷᠡᠭᠦᠯ ᠠᠬᠤᠢ ᠢᠢᠨ ᠲᠤᠬᠠᠢ ᠬᠠᠤᠯᠢ ᠢᠢᠨ ᠰᠢᠨᠡᠴᠢᠯᠠᠭᠰᠡᠨ ᠨᠠᠢᠢᠷᠠᠭᠤᠯᠭ᠎ᠠ ᠢᠢᠨ ᠲᠥᠰᠦᠯ᠂ ᠭᠡᠷ ᠪᠦᠯᠢ ᠢᠢᠨ ᠬᠥᠭ᠍ᠵᠢᠯ ᠢ ᠳᠡᠮᠵᠢᠬᠦ ᠲᠤᠬᠠᠢ᠂ ᠬᠥᠳᠡᠯᠮᠦᠷᠢ ᠡᠷᠬᠢᠯᠡᠯᠲᠡ ᠢᠢ ᠳᠡᠮᠵᠢᠬᠦ ᠲᠤᠬᠠᠢ᠂ ᠨᠡᠢᠢᠭᠡᠮ ᠦᠨ ᠬᠠᠯᠠᠮᠵᠢ ᠢᠢᠨ ᠲᠤᠬᠠᠢ ᠵᠡᠷᠭᠡ ᠬᠠᠤᠯᠢ ᠢᠢᠨ ᠰᠢᠨᠡᠴᠢᠯᠠᠭᠰᠡᠨ ᠨᠠᠢᠢᠷᠠᠭᠤᠯᠭ᠎ᠠ ᠢᠢᠨ ᠲᠥᠰᠦᠯ ᠢ ᠪᠣᠯᠪᠠᠰᠤᠷᠠᠭᠤᠯᠵᠤ᠂ ᠵᠠᠰᠠᠭ ᠤᠨ ᠭᠠᠵᠠᠷ᠂ ᠤᠯᠤᠰ ᠤᠨ ᠶᠡᠬᠡ ᠬᠤᠷᠠᠯ ᠢᠶᠠᠷ ᠬᠡᠯᠡᠯᠴᠡᠭᠦᠯᠦᠨ᠎ᠡ ᠭᠡᠳᠡᠭ ᠢ ᠰᠠᠢᠢᠳ ᠲ᠋ᠢ᠊·ᠠᠦ᠋ᠪᠠᠻᠢᠷ ᠬᠡᠯᠡᠯ᠎ᠡ᠃

ᠮᠥᠨ ᠬᠥᠭ᠍ᠵᠢᠯ ᠦᠨ ᠪᠡᠷᠬᠡᠰᠢᠶᠡᠯᠲᠡᠶ ᠬᠦᠮᠦᠨ ᠦ ᠡᠷᠬᠡ ᠢᠢᠨ ᠲᠤᠬᠠᠢ ᠬᠠᠤᠯᠢ ᠢᠢᠨ ᠰᠢᠨᠡᠴᠢᠯᠠᠭᠰᠡᠨ ᠨᠠᠢᠢᠷᠠᠭᠤᠯᠭ᠎ᠠ ᠪᠣᠯᠤᠨ ᠳᠣᠬᠢᠶᠠᠨ ᠤ ᠬᠡᠯᠡᠨ ᠦ ᠲᠤᠬᠠᠢ ᠠᠩᠬᠠᠳᠠᠭᠴᠢ ᠬᠠᠤᠯᠢ ᠢᠢᠨ ᠲᠥᠰᠦᠯ ᠢ ᠪᠣᠯᠪᠠᠰᠤᠷᠠᠭᠤᠯᠵᠤ ᠡᠬᠢᠯᠡᠵᠡᠶ᠃
ᠬᠡᠦᠬᠡᠳ ᠬᠠᠮᠠᠭᠠᠯᠠᠯ᠂ ᠭᠡᠷ ᠪᠦᠯᠢ᠂ ᠠᠬᠠᠮᠠᠳ᠂ ᠬᠥᠭ᠍ᠵᠢᠯ ᠦᠨ ᠪᠡᠷᠬᠡᠰᠢᠶᠡᠯᠲᠡᠶ ᠢᠷᠭᠡᠳ ᠲᠡᠶ ᠠᠵᠢᠯᠯᠠᠳᠠᠭ ᠲᠥᠷᠦ ᠢᠢᠨ ᠦᠢᠯᠡᠴᠢᠯᠡᠭᠡᠨ ᠦ ᠠᠯᠪᠠᠨ ᠬᠠᠭᠠᠭᠴᠢᠳ ᠲᠤ ᠬᠥᠳᠡᠯᠮᠦᠷᠢ ᠢᠢᠨ ᠨᠥᠬᠦᠴᠡᠯ ᠦᠨ ᠨᠡᠮᠡᠭᠳᠡᠯ ᠣᠯᠭᠤᠬᠤ᠂ ᠠᠩ᠋ᠭᠢᠯᠠᠯ ᠵᠡᠷᠭᠡᠯᠡᠯ ᠠᠬᠢᠭᠤᠯᠬᠤ ᠠᠰᠠᠭᠤᠳᠠᠯ ᠢ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠡᠯᠡᠯᠴᠡᠭᠦᠯᠬᠦ ᠪᠡᠷ ᠪᠡᠯᠡᠳᠬᠡᠵᠦ ᠪᠠᠢᠢᠨ᠎ᠠ᠃
ᠰᠠᠯᠪᠤᠷᠢ ᠢᠢᠨ ᠪᠣᠳᠤᠯᠭ᠎ᠠ᠂ ᠡᠷᠬᠡ ᠵᠦᠢ ᠢᠢᠨ ᠣᠷᠴᠢᠨ ᠢ ᠰᠢᠨᠡᠴᠢᠯᠡᠯ ᠢ ᠲᠤᠭᠤᠰᠢᠲᠠᠢ ᠦᠷᠭᠦᠯᠵᠢᠯᠡᠭᠦᠯᠵᠦ᠂ ᠢᠷᠭᠡᠨ ᠪᠦᠷᠢ ᠢᠢᠨ ᠠᠮᠢᠳᠤᠷᠠᠯ ᠳᠤ ᠮᠡᠳᠡᠭᠳᠡᠬᠦᠢᠢᠴᠡ ᠡᠶᠡᠷᠭᠦ ᠨᠥᠯᠦᠭᠡ ᠦᠵᠡᠭᠦᠯᠬᠦ᠂ ᠠᠮᠢᠳᠤᠷᠠᠯ ᠤᠨ ᠴᠢᠨᠠᠷ ᠲᠤ ᠨᠢ ᠠᠬᠢᠴᠠ ᠭᠠᠷᠭᠠᠬᠤ ᠢᠢᠨ ᠲᠥᠯᠦᠭᠡ ᠠᠵᠢᠯᠯᠠᠵᠤ ᠪᠠᠢᠢᠭ᠎ᠠ ᠢᠢ ᠶᠠᠮᠤᠨ ᠤ ᠤᠳᠤᠷᠢᠳᠤᠯᠭ᠎ᠠ ᠨᠤᠭᠤᠳ ᠬᠡᠯᠡᠯ᠎ᠡ᠃














