ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠤᠬᠤᠨ᠎ᠠ ᠢᠢᠨ ᠬᠦᠷᠡᠯᠰᠦ᠋ᠬᠡ ᠪᠠᠲᠤᠯᠠᠨ ᠬᠠᠮᠠᠭᠠᠯᠠᠬᠤ ᠰᠠᠯᠪᠤᠷᠢ᠂ ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠦ ᠲᠥᠯᠦᠭᠡᠯᠡᠯ ᠲᠡᠶ ᠠᠭᠤᠯᠵᠠᠯ᠎ᠠ᠃
ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠤ·ᠬᠦᠷᠡᠯᠰᠦ᠋ᠬᠡ᠂ ᠡᠷᠭᠦᠭ᠍ᠰᠡᠨ ᠲᠠᠩ᠋ᠭᠠᠷᠢᠭ ᠲᠤ ᠪᠠᠨ ᠦᠨᠡᠨᠴᠢ ᠪᠠᠢᠢᠵᠤ᠂ ᠲᠤᠰᠠᠭᠠᠷ ᠲᠣᠭᠲᠠᠨᠢᠯ᠂ ᠦᠨᠳᠦᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ ᠡᠭᠦᠷᠭᠡ ᠪᠡᠨ ᠨᠡᠷ᠎ᠡ ᠲᠥᠷᠦ ᠲᠡᠶ ᠪᠡᠶᠡᠯᠡᠭᠦᠯᠵᠦ ᠪᠠᠢᠢᠭ᠎ᠠ ᠦᠶ᠎ᠡ ᠦᠶ᠎ᠡ ᠢᠢᠨ ᠪᠡᠶ᠎ᠡ ᠪᠦᠷᠢᠯᠳᠦᠬᠦᠨ ᠪᠣᠯᠤᠨ ᠲᠡᠳᠡᠨ ᠦ ᠨᠠᠢᠢᠳᠠᠪᠤᠷᠢᠲᠠᠢ ᠠᠷᠤ ᠲᠠᠯ᠎ᠠ ᠪᠣᠯᠤᠭᠰᠠᠨ ᠭᠡᠷ ᠪᠦᠯᠢ ᠳᠥ ᠨᠢ ᠠᠮᠵᠢᠯᠲᠠ ᠬᠦᠰᠡᠵᠦ᠂ ᠲᠠᠯᠠᠷᠬᠠᠯ ᠢᠯᠡᠷᠬᠡᠢᠢᠯᠡᠯ᠎ᠡ᠃



ᠮᠥᠨ ᠥᠩ᠋ᠭᠡᠷᠡᠭᠰᠡᠨ ᠳᠣᠯᠤᠭ᠎ᠠ ᠬᠣᠨᠤᠭ ᠲᠤ ᠠᠮᠧᠷᠢᠻᠠ ᠢᠢᠨ ᠨᠢᠭᠡᠳᠦᠭᠰᠡᠨ ᠤᠯᠤᠰ ᠤᠨ ᠡᠨᠡᠳᠬᠡᠭ᠌-ᠨᠣᠮᠬᠠᠨ ᠳᠠᠯᠠᠢ ᠢᠢᠨ ᠴᠡᠷᠢᠭ ᠦᠨ ᠻᠣᠮᠠᠨ᠋ᠳ᠋᠋ᠯᠠᠯ ᠠᠴᠠ ᠠᠩᠬ᠎ᠠ ᠤᠳᠠᠭ᠎ᠠ ᠵᠣᠬᠢᠶᠠᠨ ᠪᠠᠢᠢᠭᠤᠯᠤᠭᠰᠠᠨ «ᠬᠠᠭᠤᠷᠠᠶ ᠵᠠᠮ ᠤᠨ ᠴᠡᠷᠢᠭ ᠦᠨ ᠪᠡᠯᠡᠨ ᠪᠠᠢᠢᠳᠠᠯ ᠤᠨ ᠰᠣᠷᠢᠯᠲᠠ» ᠲᠡᠮᠡᠴᠡᠭᠡᠨ ᠳᠥ ᠠᠮᠵᠢᠯᠲᠠᠲᠠᠢ ᠣᠷᠤᠯᠴᠠᠵᠤ᠂ ᠳᠡᠳ᠋ ᠪᠠᠢᠢᠷᠢ ᠡᠵᠡᠯᠡᠭᠰᠡᠨ ᠬᠠᠭᠤᠷᠠᠶ ᠵᠠᠮ ᠤᠨ ᠴᠡᠷᠢᠭ ᠦᠨ ᠻᠣᠮᠠᠨ᠋ᠳ᠋᠋ᠯᠠᠯ ᠤᠨ ᠠᠯᠪᠠ ᠬᠠᠭᠠᠭᠴᠢᠳ ᠲᠤ ᠪᠠᠶᠠᠷ ᠬᠦᠷᠭᠡᠯ᠎ᠡ᠃
ᠴᠢᠨᠠᠭᠰᠢᠳᠠ ᠨᠡᠢᠢᠲᠡ ᠪᠡᠶ᠎ᠡ ᠪᠦᠷᠢᠯᠳᠦᠬᠦᠨ ᠤᠯᠤᠰ ᠣᠷᠤᠨ᠂ ᠠᠷᠠᠳ ᠲᠦᠮᠡᠨ ᠦ ᠢᠵᠠᠭᠤᠷ ᠡᠷᠬᠡ ᠠᠰᠢᠭ᠂ ᠦᠨᠳᠦᠰᠦᠨ ᠦ ᠠᠶᠤᠯ ᠦᠭᠡᠢ ᠪᠠᠢᠢᠳᠠᠯ᠂ ᠰᠢᠳᠤᠷᠭᠤ ᠶᠣᠰᠤ᠂ ᠬᠠᠤᠯᠢ ᠳᠡᠭᠡᠳᠦᠯᠡᠬᠦ ᠵᠠᠷᠴᠢᠮ ᠢ ᠢᠮᠠᠭᠲᠠ ᠳᠡᠭᠡᠳᠦᠯᠡᠵᠦ ᠪᠠᠢᠢᠬᠤ ᠢᠢ ᠵᠠᠬᠢᠵᠤ᠂ ᠠᠯᠢᠪᠠ ᠠᠵᠢᠯ ᠬᠡᠷᠡᠭᠴᠢ ᠰᠠᠨᠠᠯ᠂ ᠰᠠᠨᠠᠭᠠᠴᠢᠯᠠᠭ᠎ᠠ ᠢᠢ ᠤᠷᠢᠳᠤ ᠢᠢᠨ ᠠᠳᠠᠯᠢ ᠳᠡᠮᠵᠢᠬᠦ ᠪᠡᠨ ᠢᠯᠡᠷᠬᠡᠢᠢᠯᠡᠯ᠎ᠡ᠃
ᠲᠡᠷᠡ ᠪᠡᠷ ᠲᠥᠷᠦ ᠢᠢᠨ ᠲᠡᠷᠢᠭᠦᠨ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠪᠣᠯᠤᠭᠰᠠᠨ ᠠᠴᠠ ᠬᠣᠢᠢᠰᠢ ᠬᠢᠭ᠍ᠰᠡᠨ ᠠᠵᠢᠯ᠂ ᠲᠡᠷᠡ ᠳᠤᠮᠳᠠ ᠪᠠᠨ ᠪᠠᠲᠤᠯᠠᠨ ᠬᠠᠮᠠᠭᠠᠯᠠᠬᠤ ᠪᠣᠯᠤᠨ ᠵᠡᠪᠰᠡᠭᠲᠦ ᠬᠦᠴᠦᠨ ᠦ ᠰᠢᠨᠡᠴᠢᠯᠡᠯ᠂ ᠰᠠᠨᠠᠭᠠᠴᠢᠯᠠᠭᠰᠠᠨ ᠬᠠᠤᠯᠢ ᠢᠢᠨ ᠲᠥᠰᠦᠯ᠂ ᠦᠨᠳᠦᠰᠦᠨ ᠦ ᠬᠥᠳᠡᠯᠭᠡᠭᠡᠨ᠂ ᠬᠥᠲᠦᠯᠪᠦᠷᠢ᠂ ᠭᠠᠳᠠᠭᠠᠳᠤ ᠬᠠᠷᠢᠯᠴᠠᠭ᠎ᠠ᠂ ᠨᠡᠢᠢᠭᠡᠮ᠂ ᠡᠳ᠋ ᠦᠨ ᠵᠠᠰᠠᠭ ᠤᠨ ᠪᠠᠢᠢᠳᠠᠯ ᠵᠡᠷᠭᠡ ᠢᠢᠨ ᠲᠠᠯ᠎ᠠ ᠪᠠᠷ ᠲᠣᠪᠴᠢ ᠲᠠᠨᠢᠯᠴᠠᠭᠤᠯᠤᠯ᠎ᠠ᠃


ᠶᠡᠷᠦᠩᠬᠡᠢᠢᠯᠡᠭᠴᠢ ᠮᠥᠨ ᠵᠡᠪᠰᠡᠭᠲᠦ ᠬᠦᠴᠦᠨ ᠦ ᠓᠓᠗ ᠳ᠋ᠤᠭᠠᠷ ᠠᠩ᠋ᠭᠢ ᠢᠢᠨ ᠠᠬᠠᠮᠠᠳ ᠠᠵᠢᠯᠲᠠᠨ᠂ ᠪᠡᠯᠡᠳᠬᠡᠯ ᠳᠡᠳ᠋ ᠬᠤᠷᠠᠩᠳᠠ ᠯᠤᠪᠰᠠᠩᠴᠡᠷᠢᠩ ᠦᠨ ᠳᠣᠷᠵᠢ ᠳᠤ ᠭᠠᠪᠢᠶᠠᠲᠤ ᠨᠢᠰᠬᠡᠭ᠍ᠴᠢ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠠᠬᠠᠮᠠᠳ ᠠᠵᠢᠯᠲᠠᠨ᠂ ᠪᠡᠯᠡᠳᠬᠡᠯ ᠬᠤᠷᠠᠩᠳᠠ ᠴᠡᠷᠢᠩᠵᠠᠪ ᠤᠨ ᠭᠠᠩᠪᠠᠲᠤ ᠳᠤ ᠭᠠᠪᠢᠶᠠᠲᠤ ᠡᠳ᠋ ᠦᠨ ᠵᠠᠰᠠᠭᠴᠢ᠂ ᠵᠡᠪᠰᠡᠭᠲᠦ ᠬᠦᠴᠦᠨ ᠦ ᠐᠑᠑ ᠊ᠳ᠋ᠦᠭᠡᠷ ᠠᠩ᠋ᠭᠢ ᠢᠢᠨ ᠠᠦ᠋ᠲ᠋ᠣ᠋ ᠲᠡᠭᠡᠭᠡᠪᠦᠷᠢ ᠢᠢᠨ ᠰᠠᠯᠠᠭᠠᠨ ᠤ ᠲᠡᠭᠡᠭᠡᠪᠦᠷᠢ ᠢᠢᠨ ᠲᠠᠰᠤᠭ ᠤᠨ ᠵᠢᠯᠤᠭᠤᠴᠢ᠂ ᠠᠬᠠᠯᠠᠭᠴᠢ ᠳᠠᠷᠮ᠎ᠠ ᠢᠢᠨ ᠪᠠᠲᠤᠳᠣᠷᠵᠢ ᠳᠤ ᠭᠠᠪᠢᠶᠠᠲᠤ ᠲᠡᠭᠡᠭᠡᠪᠦᠷᠢᠴᠢᠨ ᠴᠣᠯᠠ ᠬᠦᠷᠲᠡᠭᠡᠵᠦ᠂ ᠨᠡᠷ᠎ᠡ ᠪᠦᠬᠦᠢ ᠡᠷᠬᠢᠮ ᠦᠳ ᠢ ᠲᠥᠷᠦ ᠢᠢᠨ ᠳᠡᠭᠡᠳᠦ ᠣᠳᠤᠨ᠂ ᠮᠧᠳᠠᠯᠢ ᠪᠠᠷ ᠱᠠᠩᠨᠠᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠠᠴᠠ ᠥᠭ᠍ᠭᠦᠭ᠍ᠰᠡᠨ ᠡᠭᠦᠷᠭᠡ ᠢᠢᠨ ᠳᠠᠭᠠᠭᠤ «ᠦᠨᠳᠦᠰᠦᠨ ᠦ ᠰᠥᠷᠦᠨ ᠲᠡᠰᠪᠦᠷᠢᠯᠡᠬᠦ ᠰᠲ᠋ᠷᠠᠲ᠋ᠧᠭᠢ» ᠢᠢ ᠪᠠᠲᠤᠯᠠᠨ ᠬᠠᠮᠠᠭᠠᠯᠠᠬᠤ ᠪᠣᠯᠤᠨ ᠭᠠᠮᠰᠢᠭ ᠠᠴᠠ ᠬᠠᠮᠠᠭᠠᠯᠠᠬᠤ ᠲᠣᠭᠲᠠᠯᠴᠠᠭᠠᠨ ᠳᠤ ᠲᠤᠯᠭᠠᠭᠤᠷᠢᠯᠠᠨ ᠪᠣᠯᠪᠠᠰᠤᠷᠠᠭᠤᠯᠵᠤ᠂ ᠪᠠᠲᠤᠯᠠᠭᠤᠯᠬᠤ ᠭᠡᠵᠦ ᠪᠠᠢᠢᠨ᠎ᠠ᠃
ᠢᠩ᠋ᠭᠢᠭ᠍ᠰᠡᠨ ᠢᠶᠡᠷ ᠥᠪᠡᠷ ᠢ ᠪᠡᠨ ᠪᠠᠲᠤᠯᠠᠨ ᠬᠠᠮᠠᠭᠠᠯᠠᠬᠤ ᠲᠥᠷᠦ ᠢᠢᠨ ᠪᠣᠳᠤᠯᠭ᠎ᠠ ᠢᠢ ᠬᠡᠷᠡᠭᠵᠢᠭᠦᠯᠬᠦ ᠳᠥ ᠵᠠᠰᠠᠭ ᠤᠨ ᠭᠠᠵᠠᠷ᠂ ᠶᠠᠮᠤᠨ᠂ ᠠᠭᠧᠨ᠋ᠲ᠋ᠯᠢᠭ᠂ ᠢᠷᠭᠡᠨ ᠦ ᠨᠡᠢᠢᠭᠡᠮ ᠦᠨ ᠪᠠᠢᠢᠭᠤᠯᠤᠯᠭ᠎ᠠ᠂ ᠢᠷᠭᠡᠳ ᠭᠡᠳ ᠪᠦᠬᠦ ᠲᠠᠯ᠎ᠠ ᠢᠢᠨ ᠣᠷᠤᠯᠴᠠᠭ᠎ᠠ ᠲᠠᠢ᠂ ᠦᠨᠳᠦᠰᠦᠨ ᠦ ᠰᠥᠷᠦᠨ ᠲᠡᠰᠪᠦᠷᠢᠯᠡᠬᠦ ᠴᠢᠳᠠᠪᠬᠢ ᠪᠦᠬᠦᠢ ᠲᠣᠭᠲᠠᠯᠴᠠᠭ᠎ᠠ ᠪᠦᠷᠢᠳᠬᠦ ᠶᠤᠮ᠃



ᠪᠠᠲᠤᠯᠠᠨ ᠬᠠᠮᠠᠭᠠᠯᠠᠬᠤ᠂ ᠵᠡᠪᠰᠡᠭᠲᠦ ᠬᠦᠴᠦᠨ ᠦ ᠰᠠᠯᠪᠤᠷᠢ ᠶᠡᠷᠦᠩᠬᠡᠢᠢᠯᠡᠭᠴᠢ ᠢᠢᠨ ᠪᠣᠳᠤᠯᠭ᠎ᠠ᠂ ᠦᠢᠯᠡ ᠠᠵᠢᠯᠯᠠᠭᠠᠨ ᠤ ᠬᠥᠲᠦᠯᠪᠦᠷᠢ ᠳᠥ ᠲᠤᠰᠬᠠᠭᠰᠠᠨ ᠵᠣᠷᠢᠯᠲᠠ᠂ ᠠᠷᠭ᠎ᠠ ᠬᠡᠮᠵᠢᠶ᠎ᠡ ᠢᠢ ᠠᠮᠵᠢᠯᠲᠠᠲᠠᠢ ᠬᠡᠷᠡᠭᠵᠢᠭᠦᠯᠵᠦ ᠪᠠᠢᠢᠨ᠎ᠠ᠃
ᠲᠤᠬᠠᠢᠢᠯᠠᠪᠠᠯ᠂ ᠵᠡᠪᠰᠡᠭᠲᠦ ᠬᠦᠴᠦᠨ ᠦ ᠲᠤᠬᠠᠢ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠤᠭᠤᠯᠵᠤ᠂ ᠲᠥᠷᠦ ᠢᠢᠨ ᠴᠡᠷᠢᠭ ᠦᠨ ᠵᠠᠷᠢᠮ ᠻᠣᠮᠠᠨ᠋ᠳ᠋᠋ᠯᠠᠯ ᠤᠨ ᠭᠠᠵᠠᠷ ᠢ ᠰᠢᠨ᠎ᠡ ᠪᠡᠷ ᠪᠠᠢᠢᠭᠤᠯᠤᠭᠰᠠᠨ᠃ ᠮᠥᠨ ᠬᠣᠯᠪᠤᠭᠳᠠᠬᠤ ᠬᠠᠤᠯᠢ ᠰᠢᠨᠡᠴᠢᠯᠠᠨ ᠪᠠᠲᠤᠯᠠᠭᠤᠯᠵᠤ᠂ ᠠᠯᠢᠪᠠ ᠠᠶᠤᠯ᠂ ᠵᠠᠨᠤᠯ ᠲᠠᠢ ᠲᠡᠮᠡᠴᠡᠬᠦ ᠦᠨᠳᠦᠰᠦᠨ ᠦ ᠴᠢᠳᠠᠮᠵᠢ ᠢᠢ ᠨᠡᠮᠡᠭᠳᠡᠭᠦᠯᠬᠦ ᠳᠥ ᠪᠣᠳᠠᠲᠤ ᠨᠥᠯᠦᠭᠡ ᠦᠵᠡᠭᠦᠯᠬᠦ ᠪᠣᠯᠤᠮᠵᠢ ᠪᠦᠷᠢᠳᠦᠭᠦᠯᠵᠡᠶ᠃
ᠴᠢᠨᠠᠭᠰᠢᠳᠠ ᠦᠨᠳᠦᠰᠦᠨ ᠦ ᠢᠵᠠᠭᠤᠷ ᠠᠰᠢᠭᠲᠤ ᠲᠤᠯᠭᠠᠭᠤᠷᠢᠯᠠᠭᠰᠠᠨ ᠤᠶᠠᠨ ᠬᠠᠲᠠᠨ᠂ ᠣᠨᠤᠪᠴᠢᠲᠠᠶ ᠪᠠᠲᠤᠯᠠᠨ ᠬᠠᠮᠠᠭᠠᠯᠠᠬᠤ ᠨᠢᠭᠡᠳᠦᠮᠡᠯ ᠲᠣᠭᠲᠠᠯᠴᠠᠭ᠎ᠠ ᠢᠢ ᠲᠥᠯᠦᠪᠰᠢᠭᠦᠯᠦᠨ᠂ ᠭᠠᠳᠠᠭᠠᠳᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠣᠯᠤᠨ ᠳᠡᠯᠡᠬᠡᠢ᠂ ᠪᠦᠰᠡ ᠨᠤᠲᠤᠭ ᠤᠨ ᠣᠷᠤᠨ ᠨᠤᠭᠤᠳ ᠲᠠᠢ ᠴᠡᠷᠢᠭ ᠦᠨ ᠢᠲᠡᠭᠡᠯᠴᠡᠯ ᠢ ᠪᠡᠬᠢᠵᠢᠭᠦᠯᠵᠦ᠂ ᠤᠯᠤᠰ ᠣᠷᠤᠨ ᠤ ᠪᠠᠨ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ ᠢ ᠨᠠᠢᠢᠳᠠᠪᠤᠷᠢᠲᠠᠢ ᠬᠠᠩ᠋ᠭᠠᠬᠤ ᠵᠣᠷᠢᠯᠭ᠎ᠠ ᠪᠠᠨ ᠲᠤᠭᠤᠰᠢᠲᠠᠢ ᠬᠡᠷᠡᠭᠵᠢᠭᠦᠯᠬᠦ ᠪᠡᠨ ᠪᠠᠲᠤᠯᠠᠨ ᠬᠠᠮᠠᠭᠠᠯᠠᠬᠤ ᠢᠢᠨ ᠰᠠᠢᠢᠳ ᠳᠠ᠊·ᠪᠠᠲᠤᠯᠤᠲᠤ ᠬᠡᠯᠡᠯ᠎ᠡ᠃
ᠮᠠᠨ ᠤ ᠤᠯᠤᠰ ᠥᠩ᠋ᠭᠡᠷᠡᠭᠰᠡᠨ ᠒᠔ ᠵᠢᠯ ᠦᠨ ᠬᠤᠭᠤᠴᠠᠭᠠᠨ ᠳᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠡᠩᠬᠡ ᠢᠢ ᠰᠠᠬᠢᠭᠤᠯᠬᠤ ᠪᠣᠯᠤᠨ ᠣᠯᠠᠨ ᠤᠯᠤᠰ ᠤᠨ ᠴᠡᠷᠢᠭ ᠦᠨ ᠠᠵᠢᠯᠯᠠᠭᠠᠨ ᠳᠤ ᠒᠓᠂᠐᠐᠐ ᠭᠠᠷᠤᠢ ᠠᠯᠪᠠ ᠬᠠᠭᠠᠭᠴᠢ ᠪᠠᠨ ᠣᠷᠤᠯᠴᠠᠭᠤᠯᠵᠤ᠂ «ᠮᠣᠩ᠋ᠭᠣᠯ ᠴᠡᠷᠢᠭ-ᠳᠡᠯᠡᠬᠡᠢ ᠢᠢᠨ ᠴᠡᠷᠢᠭ» ᠪᠣᠯᠵᠤ ᠴᠢᠳᠠᠯ᠎ᠠ᠃



ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠤ·ᠬᠦᠷᠡᠯᠰᠦ᠋ᠬᠡ ᠒᠐᠒᠓ ᠣᠨ ᠢ ᠲᠥᠷᠦ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ «ᠵᠠᠯᠠᠭᠤ ᠣᠹᠢᠼᠧᠷ ᠤᠨ ᠵᠢᠯ»᠂ ᠒᠐᠒᠔ ᠣᠨ ᠢ «ᠠᠬᠠᠯᠠᠭᠴᠢ ᠢᠢᠨ ᠵᠢᠯ»᠂ ᠒᠐᠒᠕ ᠣᠨ ᠢ «ᠠᠬᠠᠯᠬᠤ ᠣᠹᠢᠼᠧᠷ ᠤᠨ ᠵᠢᠯ» ᠪᠣᠯᠭᠠᠭᠰᠠᠨ᠃
ᠡᠨᠡ ᠬᠦᠷᠢᠶᠡᠨ ᠳᠥ ᠠᠯᠪᠠ ᠬᠠᠭᠠᠭᠴᠢᠳ ᠤᠨ ᠡᠷᠬᠡ ᠵᠦᠢ ᠢᠢᠨ ᠪᠠᠢᠢᠳᠠᠯ ᠢ ᠳᠡᠭᠡᠭ᠍ᠰᠢᠯᠠᠭᠦᠯᠬᠦ᠂ ᠠᠵᠢᠯᠯᠠᠬᠤ ᠣᠷᠴᠢᠨ ᠨᠥᠬᠦᠴᠡᠯ ᠢ ᠰᠠᠢᠢᠵᠢᠷᠠᠭᠤᠯᠬᠤ᠂ ᠭᠡᠷ ᠪᠦᠯᠢ᠂ ᠨᠡᠢᠢᠭᠡᠮ ᠦᠨ ᠬᠠᠮᠠᠭᠠᠯᠠᠯ ᠢ ᠳᠡᠮᠵᠢᠬᠦ᠂ ᠮᠡᠳᠡᠯᠭᠡ᠂ ᠴᠢᠳᠠᠪᠤᠷᠢ ᠢᠢ ᠳᠡᠭᠡᠭ᠍ᠰᠢᠯᠠᠭᠦᠯᠬᠦ᠂ ᠠᠯᠪᠠᠨ ᠤ ᠬᠠᠨᠳᠤᠯᠭ᠎ᠠ᠂ ᠢᠲᠡᠭᠡᠯ ᠦᠨᠡᠮᠰᠢᠯ᠂ ᠤᠷᠮ᠎ᠠ ᠵᠣᠷᠢᠭ᠂ ᠮᠠᠩᠯᠠᠢᠢᠯᠠᠯ ᠢ ᠨᠡᠮᠡᠭᠳᠡᠭᠦᠯᠬᠦ ᠳᠥ ᠴᠢᠭᠯᠡᠭᠰᠡᠨ ᠣᠯᠠᠨ ᠠᠵᠢᠯ ᠬᠢᠵᠡᠶ᠃
ᠲᠡᠭᠡᠪᠡᠯ ᠒᠐᠒᠖ ᠣᠨ ᠢ «ᠵᠠᠯᠠᠭᠤ ᠣᠹᠢᠼᠧᠷ ᠤᠳ ᠤᠨ ᠬᠥᠭ᠍ᠵᠢᠯ ᠦᠨ ᠵᠢᠯ» ᠪᠣᠯᠭᠠᠭᠰᠠᠨ ᠤ ᠳᠠᠭᠠᠭᠤ ᠲᠡᠳᠡᠨ ᠦ ᠮᠡᠷᠭᠡᠵᠢᠯ᠂ ᠪᠣᠯᠪᠠᠰᠤᠷᠠᠯ᠂ ᠭᠠᠳᠠᠭᠠᠳᠤ ᠬᠡᠯᠡᠨ ᠦ ᠮᠡᠳᠡᠯᠭᠡ᠂ ᠬᠠᠷᠢᠯᠴᠠᠭᠠᠨ ᠤ ᠴᠢᠳᠠᠪᠤᠷᠢ ᠢᠢ ᠬᠥᠭ᠍ᠵᠢᠭᠦᠯᠦᠨ᠂ ᠪᠦᠲᠦᠭᠡᠯᠴᠢ ᠰᠡᠳᠬᠢᠯᠭᠡ᠂ ᠡᠶᠡᠷᠭᠦ ᠬᠠᠨᠳᠤᠯᠭ᠎ᠠ᠂ ᠬᠠᠷᠢᠭᠤᠴᠠᠯᠭ᠎ᠠ᠂ ᠦᠨᠡᠲᠦ ᠵᠦᠢᠯ᠂ ᠶᠣᠰᠤ ᠵᠦᠢ ᠪᠡᠷ ᠢᠶᠡᠨ ᠮᠠᠩᠯᠠᠢᠢᠯᠠᠭᠴᠢ᠂ ᠬᠡᠦᠬᠡᠳ᠂ ᠵᠠᠯᠠᠭᠤᠴᠤᠳ ᠤᠨ ᠦᠯᠢᠭᠡᠷ ᠳᠠᠭᠤᠷᠢᠶᠠᠯ ᠪᠣᠯᠭᠠᠨ ᠲᠥᠯᠦᠪᠰᠢᠭᠦᠯᠬᠦ ᠶᠤᠮ᠃



ᠲᠥᠷᠦ᠂ ᠵᠠᠰᠠᠭ ᠠᠴᠠ ᠪᠠᠲᠤᠯᠠᠨ ᠬᠠᠮᠠᠭᠠᠯᠠᠬᠤ ᠪᠣᠯᠤᠨ ᠵᠡᠪᠰᠡᠭᠲᠦ ᠬᠦᠴᠦᠨ ᠦ ᠰᠠᠯᠪᠤᠷᠢ ᠳᠤ ᠬᠢᠵᠦ ᠪᠤᠢ ᠰᠢᠨᠡᠴᠢᠯᠡᠯ ᠲᠠᠰᠤᠷᠠᠯᠲᠠ ᠦᠭᠡᠢ ᠦᠷᠭᠦᠯᠵᠢᠯᠡᠵᠦ ᠪᠠᠢᠢᠨ᠎ᠠ᠃
ᠲᠤᠬᠠᠢᠢᠯᠠᠪᠠᠯ᠂ ᠒᠐᠒᠗ ᠣᠨ ᠤ ᠐᠑ ᠊ᠳ᠋ᠦᠭᠡᠷ ᠰᠠᠷ᠎ᠠ ᠢᠢᠨ ᠐᠑ ᠤ ᠡᠳᠦᠷ ᠡᠴᠡ ᠠᠯᠤᠰᠯᠠᠭᠳᠠᠭᠰᠠᠨ ᠴᠡᠷᠢᠭ ᠦᠨ ᠠᠩ᠋ᠭᠢ ᠢᠢᠨ ᠬᠡᠦᠬᠡᠳ ᠲᠡᠶ ᠭᠡᠷ ᠪᠦᠯᠢ᠂ ᠠᠯᠪᠠ ᠬᠠᠭᠠᠭᠴᠢᠳ «ᠬᠡᠦᠬᠡᠳ ᠲᠡᠶ ᠭᠡᠷ ᠪᠦᠯᠢ ᠳᠥ ᠤᠯᠠᠷᠢᠯ ᠪᠦᠷᠢ ᠬᠥᠳᠡᠯᠮᠦᠷᠢ ᠢᠢᠨ ᠬᠥᠯᠦᠰᠦᠨ ᠦ ᠳᠣᠣᠷᠠᠳᠤ ᠬᠡᠮᠵᠢᠶ᠎ᠡ ᠪᠡᠷ ᠣᠯᠭᠤᠳᠠᠭ ᠤᠷᠮᠠᠰᠢᠭᠤᠯᠤᠯ» ᠳ᠋ᠤ ᠬᠠᠮᠤᠷᠤᠭᠳᠠᠨ᠎ᠠ᠃ ᠮᠥᠨ ᠣᠨ ᠠᠴᠠ ᠡᠬᠢᠯᠡᠨ ᠕ ᠵᠢᠯ ᠲᠣᠭᠲᠠᠪᠤᠷᠢ ᠰᠠᠭᠤᠷᠢᠰᠢᠯ ᠲᠠᠢ ᠠᠵᠢᠯᠯᠠᠭᠰᠠᠨ ᠴᠡᠷᠢᠭ ᠦᠨ ᠠᠯᠪᠠ ᠬᠠᠭᠠᠭᠴᠢ ᠮᠥᠩ᠋ᠭᠦᠨ ᠤᠷᠮᠠᠰᠢᠭᠤᠯᠤᠯ ᠠᠪᠴᠤ ᠪᠠᠢᠢᠬᠤ ᠶᠤᠮ᠃
ᠳᠡᠮᠵᠢᠯᠭᠡ ᠨᠡᠩ ᠱᠠᠭᠠᠷᠳᠠᠯᠭ᠎ᠠ ᠲᠠᠢ ᠪᠣᠯ ᠣᠷᠤᠨ ᠰᠠᠭᠤᠴᠠ᠂ ᠬᠠᠰᠢᠶ᠎ᠠ ᠪᠠᠢᠢᠰᠢᠩ ᠬᠤᠳᠠᠯᠳᠤᠵᠤ ᠠᠪᠬᠤ ᠤᠷᠢᠳᠴᠢᠯᠠᠭ᠎ᠠ ᠲᠥᠯᠦᠪᠦᠷᠢ ᠳᠥ ᠵᠣᠷᠢᠭᠤᠯᠵᠤ ᠨᠢᠭᠡ ᠠᠯᠪᠠ ᠬᠠᠭᠠᠭᠴᠢᠳ ᠒᠐ ᠰᠠᠶ᠎ᠠ ᠲᠥᠭᠦᠷᠢᠭ᠌ ᠣᠯᠭᠤᠨ᠎ᠠ᠃
ᠡᠨᠡ ᠬᠦᠷᠢᠶᠡᠨ ᠳᠥ ᠒᠐᠐ ᠭᠠᠷᠤᠢ ᠠᠯᠪᠠ ᠬᠠᠭᠠᠭᠴᠢ ᠔·᠑ ᠲᠡᠷᠪᠤᠮ ᠲᠥᠭᠦᠷᠢᠭ᠌ ᠦᠨ ᠪᠤᠴᠠᠯᠲᠠ ᠦᠭᠡᠢ ᠲᠤᠰᠠᠯᠠᠮᠵᠢ ᠠᠪᠬᠤ ᠪᠣᠯ ᠑᠕᠐ ᠭᠠᠷᠤᠢ ᠬᠦᠮᠦᠨ ᠳᠠᠷᠠᠭᠠᠯᠠᠯ ᠬᠠᠷᠠᠭᠠᠯᠵᠠᠬᠤ ᠦᠭᠡᠢ ᠢᠫᠣᠲ᠋ᠧᠻ ᠦᠨ ᠵᠢᠭᠡᠯᠡ ᠳᠥ ᠬᠠᠮᠤᠷᠤᠭᠳᠠᠬᠤ ᠪᠠᠷ ᠪᠠᠢᠢᠨ᠎ᠠ᠃
ᠮᠥᠨ ᠵᠢᠵᠢᠭ᠂ ᠳᠤᠮᠳᠠ ᠦᠢᠯᠡᠳᠪᠦᠷᠢᠯᠡᠯ᠂ ᠬᠥᠳᠡᠭᠡ ᠠᠵᠤ ᠠᠬᠤᠢ ᠢᠢᠨ ᠪᠢᠴᠢᠯ ᠪᠢᠽᠢᠨᠧᠰ ᠡᠷᠬᠢᠯᠡᠳᠡᠭ ᠭᠡᠷ ᠪᠦᠯᠢ ᠳᠥ ᠨᠢ ᠬᠥᠩ᠋ᠭᠡᠯᠡᠯᠲᠡᠲᠡᠶ ᠵᠢᠭᠡᠯᠡ᠂ ᠲᠤᠰᠠᠯᠠᠮᠵᠢ ᠦᠵᠡᠭᠦᠯᠬᠦ ᠪᠡᠷ ᠲᠥᠯᠦᠪᠯᠡᠵᠡᠶ᠃








