ᠮᠣᠩᠭ᠋ᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠶᠢᠨ ᠬᠦᠷᠡᠯᠰᠦ᠋ᠬᠡ ᠪᠣᠯᠪᠠᠰᠤᠷᠠᠯ ᠤᠨ ᠶᠡᠬᠡ ᠰᠤᠷᠭᠠᠭᠤᠯᠢ᠂ ᠬᠥᠳᠡᠭᠡ ᠠᠵᠤ ᠠᠬᠤᠢ ᠶᠢᠨ ᠶᠡᠬᠡ ᠰᠤᠷᠭᠠᠭᠤᠯᠢ ᠢᠢᠨ ᠡᠷᠳᠡᠮᠲᠡᠨ ᠪᠠᠭᠰᠢ᠂ ᠬᠠᠮᠲᠤ ᠣᠯᠠᠨ ᠲᠠᠶ ᠠᠭᠤᠯᠵᠠᠯ᠎ᠠ᠃
ᠶᠡᠷᠦᠩᠬᠡᠢᠢᠯᠡᠭᠴᠢ᠂ ᠤᠯᠤᠰ ᠣᠷᠤᠨ ᠤ ᠬᠥᠭ᠍ᠵᠢᠯ ᠳᠡᠪᠰᠢᠯ ᠦᠨ ᠦᠨᠳᠦᠰᠦ᠂ ᠬᠤᠪᠢ ᠬᠦᠮᠦᠨ ᠦ ᠬᠥᠭ᠍ᠵᠢᠯ᠂ ᠰᠠᠶᠢᠨ ᠰᠠᠶᠢᠬᠠᠨ ᠠᠮᠢᠳᠤᠷᠠᠯ ᠤᠨ ᠰᠠᠭᠤᠷᠢ ᠪᠣᠯᠬᠤ ᠪᠣᠯᠪᠠᠰᠤᠷᠠᠯ ᠤᠨ ᠰᠠᠯᠪᠤᠷᠢ ᠢᠢᠨ ᠦᠶ᠎ᠡ ᠦᠶ᠎ᠡ ᠢᠢᠨ ᠡᠷᠳᠡᠮᠲᠡᠨ ᠪᠠᠭᠰᠢ᠂ ᠠᠵᠢᠯᠲᠠᠨ ᠨᠤᠭᠤᠳ ᠲᠤ ᠲᠠᠯᠠᠷᠬᠠᠯ ᠢᠯᠡᠷᠬᠡᠢᠢᠯᠡᠵᠦ᠂ ᠰᠤᠷᠭᠠᠨ ᠬᠦᠮᠦᠵᠢᠭᠦᠯᠬᠦ᠂ ᠰᠣᠶᠣᠨ ᠭᠡᠭᠡᠷᠡᠭᠦᠯᠬᠦ ᠦᠢᠯᠡᠰ ᠲᠥ ᠨᠢ ᠠᠮᠵᠢᠯᠲᠠ ᠬᠦᠰᠡᠨ ᠢᠷᠦᠭᠡᠯ᠎ᠡ᠃
ᠲᠡᠷᠡ ᠪᠡᠷ ᠲᠥᠷᠦ ᠢᠢᠨ ᠲᠡᠷᠢᠭᠦᠨ ᠢᠢᠡᠷ ᠰᠣᠩᠭ᠋ᠤᠭᠳᠠᠭᠰᠠᠨ ᠠᠴᠠ ᠬᠣᠶᠢᠰᠢ ᠬᠢᠭ᠍ᠰᠡᠨ ᠠᠵᠢᠯ᠂ ᠲᠡᠷᠡ ᠳᠤᠮᠳᠠ ᠪᠠᠨ ᠪᠣᠯᠪᠠᠰᠤᠷᠠᠯ ᠤᠨ ᠰᠠᠯᠪᠤᠷᠢ ᠳᠤ ᠭᠠᠷᠭᠠᠭᠰᠠᠨ ᠰᠠᠨᠠᠭᠠᠴᠢᠯᠠᠭ᠎ᠠ᠂ ᠦᠵᠡᠭᠦᠯᠦᠭᠰᠡᠨ ᠳᠡᠮᠵᠢᠯᠭᠡ ᠪᠣᠯᠤᠨ ᠦᠨᠳᠦᠰᠦᠨ ᠦ ᠬᠥᠳᠡᠯᠭᠡᠭᠡᠨ᠂ ᠬᠥᠲᠦᠯᠪᠦᠷᠢ ᠨᠤᠭᠦᠳ ᠦᠨ ᠬᠡᠷᠡᠭᠵᠢᠯᠲᠡ᠂ ᠭᠠᠳᠠᠭᠠᠳᠤ ᠬᠠᠷᠢᠯᠴᠠᠭᠠᠨ ᠤ ᠰᠡᠷᠭᠦᠯᠲᠡ᠂ ᠨᠡᠢᠢᠭᠡᠮ᠂ ᠡᠳ᠋ ᠦᠨ ᠵᠠᠰᠠᠭ ᠤᠨ ᠪᠠᠶᠢᠳᠠᠯ ᠵᠡᠷᠭᠡ ᠢᠢᠨ ᠲᠠᠯ᠎ᠠ ᠪᠠᠷ ᠲᠣᠪᠴᠢ ᠲᠠᠨᠢᠯᠴᠠᠭᠤᠯᠤᠯ᠎ᠠ᠃

ᠣᠷᠴᠢᠨ ᠴᠠᠭ ᠤᠨ ᠪᠣᠯᠪᠠᠰᠤᠷᠠᠯ ᠤᠨ ᠰᠠᠯᠪᠤᠷᠢ ᠢᠢᠨ ᠬᠥᠭ᠍ᠵᠢᠯ ᠳᠥ ᠦᠨ᠎ᠡ ᠲᠡᠶ ᠬᠤᠪᠢ ᠨᠡᠮᠡᠷᠢ ᠣᠷᠤᠭᠤᠯᠤᠭᠰᠠᠨ ᠮᠣᠩ᠋ᠭ᠋ᠤᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ ᠨᠢ ᠤᠯᠤᠰ ᠣᠷᠤᠨ ᠤ ᠥᠷᠢᠰᠦᠯᠳᠦᠬᠦ ᠴᠢᠳᠠᠪᠤᠷᠢ᠂ ᠬᠥᠭ᠍ᠵᠢᠯ ᠳᠡᠪᠰᠢᠯ ᠢ ᠪᠦᠲᠦᠭᠡᠭ᠍ᠴᠢ ᠰᠢᠨ᠎ᠡ ᠦᠶ᠎ᠡ ᠢᠢᠨ ᠪᠠᠭᠰᠢ᠂ ᠢᠨ᠋᠊᠊ᠨᠣᠸᠠᠼ ᠬᠥᠭ᠍ᠵᠢᠭᠦᠯᠦᠭᠴᠢ᠂ ᠧᠨ᠋ᠲ᠋ᠷᠧᠫᠷᠧᠨᠧᠷ ᠰᠡᠳᠬᠢᠭ᠍ᠴᠢᠳ ᠢ ᠪᠡᠯᠡᠳᠬᠡᠬᠦ ᠵᠣᠷᠢᠯᠲᠠ ᠲᠠᠯᠪᠢᠭᠰᠠᠨ᠃
ᠬᠥᠳᠡᠭᠡ ᠠᠵᠤ ᠠᠬᠤᠶ ᠢᠢᠨ ᠶᠡᠬᠡ ᠰᠤᠷᠭᠠᠭᠤᠯᠢ ᠳᠡᠭᠡᠳᠦ ᠪᠣᠯᠪᠠᠰᠤᠷᠠᠯ ᠤᠨ ᠡᠷᠢᠯᠲᠡ ᠲᠡᠶ ᠪᠣᠯᠤᠨ ᠲᠡᠷᠢᠭᠦᠯᠡᠬᠦ ᠑᠒᠐ ᠭᠠᠷᠤᠢ ᠮᠡᠷᠭᠡᠵᠢᠯ ᠦᠨ ᠗᠐ ᠭᠠᠷᠤᠢ ᠬᠤᠪᠢ ᠶᠢ ᠪᠡᠯᠡᠳᠬᠡᠳᠡᠭ ᠪᠥᠭᠡᠳ ᠲᠡᠭᠦᠰᠦᠭᠴᠢᠳ ᠨᠢ «ᠬᠦᠨᠡᠰᠦᠨ ᠦ ᠬᠤᠪᠢᠰᠬᠠᠯ»᠂ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠳᠥ ᠬᠤᠪᠢ ᠨᠡᠮᠡᠷᠢ ᠪᠡᠨ ᠣᠷᠤᠭᠤᠯᠵᠤ ᠪᠠᠶᠢᠨ᠎ᠠ᠃
ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ ᠦᠨᠳᠦᠰᠦᠨ ᠦ ᠬᠥᠳᠡᠯᠭᠡᠭᠡᠨ᠂ ᠬᠥᠲᠦᠯᠪᠦᠷᠢ ᠢᠢ ᠶᠡᠬᠡ ᠰᠤᠷᠭᠠᠭᠤᠯᠢ ᠠᠩᠬᠠᠨ ᠠᠴᠠ ᠨᠢ ᠳᠡᠮᠵᠢᠨ᠂ ᠵᠥᠪᠬᠡᠨ ᠣᠷᠤᠯᠴᠠᠭᠴᠢ ᠪᠤᠰᠤ᠂ ᠪᠣᠳᠤᠯᠭ᠎ᠠ᠂ ᠰᠤᠳᠤᠯᠭ᠎ᠠ᠂ ᠢᠨ᠋᠊᠊ᠨᠣᠸᠠᠼ ᠤᠨ ᠮᠠᠩᠯᠠᠢᠢᠯᠠᠭᠴᠢ ᠪᠣᠯᠤᠨ ᠠᠵᠢᠯᠯᠠᠵᠤ ᠪᠠᠢᠢᠨ᠎ᠠ᠃
ᠬᠥᠳᠡᠭᠡ ᠠᠵᠤ ᠠᠬᠤᠶ ᠢᠢᠨ ᠶᠡᠬᠡ ᠰᠤᠷᠭᠠᠭᠤᠯᠢ ᠭᠡᠬᠦ ᠳᠥ ᠯᠠ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠡᠷᠳᠡᠮ ᠰᠢᠨᠵᠢᠯᠡᠭᠡ᠂ ᠰᠤᠳᠤᠯᠭᠠᠨ ᠤ ᠠᠵᠢᠯ ᠤᠳ ᠢᠢᠠᠨ ᠥᠷᠭᠡᠵᠢᠭᠦᠯᠵᠦ᠂ ᠣᠢᠢᠵᠢᠭᠤᠯᠤᠯᠲᠠ ᠢᠢᠨ ᠰᠢᠨ᠎ᠡ ᠲᠧᠺᠨᠣᠯᠤᠭᠢ᠂ ᠲᠠᠷᠢᠴᠠ ᠦᠷᠡᠵᠢᠭᠦᠯᠭᠡ ᠨᠤᠭᠦᠳ ᠢ ᠨᠤᠲᠤᠭᠰᠢᠭᠤᠯᠵᠠᠶ᠃
ᠶᠡᠷᠦᠩᠬᠡᠢᠢᠯᠡᠭᠴᠢ «ᠬᠦᠨᠡᠰᠦᠨ ᠦ ᠬᠤᠪᠢᠰᠬᠠᠯ» ᠦᠨᠳᠦᠰᠦᠨ ᠦ ᠬᠥᠳᠡᠯᠭᠡᠭᠡᠨ ᠢ ᠰᠢᠨᠵᠢᠯᠡᠬᠦ ᠤᠬᠠᠭᠠᠨ ᠳᠤ ᠲᠤᠯᠭᠠᠭᠤᠷᠢᠯᠠᠨ ᠦᠷ᠎ᠡ ᠳ᠋ᠦᠩ ᠲᠡᠶ ᠬᠡᠷᠡᠭᠵᠢᠭᠦᠯᠬᠦ᠂ ᠪᠣᠳᠤᠯᠭ᠎ᠠ ᠪᠣᠯᠪᠠᠰᠤᠷᠠᠭᠤᠯᠬᠤ᠂ ᠰᠠᠯᠪᠤᠷᠢ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ᠂ ᠡᠷᠳᠡᠮ ᠰᠢᠨᠵᠢᠯᠡᠭᠡ᠂ ᠰᠤᠳᠤᠯᠭ᠎ᠠ᠂ ᠢᠨ᠋᠊᠊ᠨᠣᠸᠠᠼ ᠢ ᠳᠡᠮᠵᠢᠬᠦ ᠵᠣᠷᠢᠯᠭ᠎ᠠ ᠪᠠᠷ «ᠬᠦᠨᠡᠰᠦ᠂ ᠬᠥᠳᠡᠭᠡ ᠠᠵᠤ ᠠᠬᠤᠢ ᠢᠢᠨ ᠰᠠᠯᠪᠤᠷᠢ ᠢᠢᠨ ᠡᠷᠳᠡᠮᠲᠡᠳ ᠦᠨ ᠵᠥᠪᠯᠡᠯ» ᠠᠵᠢᠯᠯᠠᠭᠤᠯᠵᠤ ᠪᠠᠢᠢᠨ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠢᠢᠨ ᠒᠐᠒᠒ ᠣᠨ ᠳᠤ ᠶᠠᠫᠣᠨ ᠤᠯᠤᠰ ᠲᠤ ᠬᠢᠭ᠍ᠰᠡᠨ ᠲᠥᠷᠦ ᠢᠢᠨ ᠠᠶᠢᠯᠴᠢᠯᠠᠯ ᠤᠨ ᠦᠶ᠎ᠡ ᠪᠡᠷ ᠶᠠᠷᠢᠯᠴᠠᠵᠤ ᠲᠣᠬᠢᠷᠠᠯᠴᠠᠭᠰᠠᠨ ᠤ ᠳᠠᠭᠠᠭᠤ «ᠶᠠᠫᠣᠨ-ᠮᠣᠩᠭ᠋ᠣᠯ ᠤᠨ ᠰᠠᠰᠠᠻᠠᠸᠠ ᠲᠡᠳᠬᠦᠯᠭᠡᠲᠦ ᠬᠥᠲᠦᠯᠪᠦᠷᠢ» ᠊ᠳᠥ ᠬᠠᠮᠤᠷᠤᠭᠳᠠᠬᠤ ᠣᠷᠤᠨ ᠨᠤᠲᠤᠭ ᠤᠨ ᠑᠂᠐᠐᠐ ᠣᠶᠤᠲᠠᠨ ᠤ ᠡᠬᠢᠨ ᠦ ᠑᠐᠐ ᠨᠢ ᠠᠮᠵᠢᠯᠲᠠᠲᠠᠢ ᠰᠤᠷᠤᠯᠴᠠᠵᠤ ᠪᠠᠢᠢᠨ᠎ᠠ᠃
ᠬᠥᠳᠡᠭᠡ ᠠᠵᠤ ᠠᠬᠤᠶ ᠶᠢᠨ ᠶᠡᠬᠡ ᠰᠤᠷᠭᠠᠭᠤᠯᠢ ᠡᠨᠡ ᠬᠥᠲᠦᠯᠪᠦᠷᠢ ᠢᠢᠨ ᠬᠦᠷᠢᠶᠡᠨ ᠳᠥ ᠮᠠᠯ ᠠᠵᠤ ᠠᠬᠤᠢ᠂ ᠠᠭᠷᠣᠨᠣᠮᠢ᠂ ᠤᠷᠭᠤᠮᠠᠯ ᠬᠠᠮᠠᠭᠠᠯᠠᠯ ᠤᠨ ᠴᠢᠭᠯᠡᠯ ᠢᠶᠡᠷ ᠳᠡᠭᠡᠳᠦ ᠪᠣᠯᠪᠠᠰᠤᠷᠠᠯ ᠲᠠᠶ ᠮᠡᠷᠭᠡᠵᠢᠯᠲᠡᠨ ᠪᠡᠯᠡᠳᠬᠡᠨ᠎ᠡ᠃
ᠨᠡᠶᠢᠲᠡ ᠲᠡᠭᠦᠰᠦᠭᠴᠢᠳ ᠭᠡᠷ᠎ᠡ ᠢᠢᠨ ᠳᠠᠭᠠᠭᠤ ᠣᠷᠤᠨ ᠨᠤᠲᠤᠭ ᠲᠤ ᠪᠠᠨ ᠭᠤᠷᠪᠠᠨ ᠵᠢᠯ ᠠᠵᠢᠯᠯᠠᠵᠤ᠂ ᠪᠣᠯᠪᠠᠰᠤᠷᠠᠯ ᠤᠨ ᠰᠠᠯᠪᠤᠷᠢ ᠳᠤ ᠪᠣᠯᠤᠨ «ᠲᠡᠷᠪᠤᠮ ᠮᠣᠳᠤ»᠂ «ᠬᠦᠨᠡᠰᠦᠨ ᠦ ᠬᠤᠪᠢᠰᠬᠠᠯ»᠂ «ᠴᠠᠭᠠᠨ ᠠᠯᠲᠠ»᠂ «ᠡᠷᠡᠭᠦᠯ ᠮᠣᠩᠭ᠋᠋ᠤᠯ ᠬᠦᠮᠦᠨ» ᠬᠥᠳᠡᠯᠭᠡᠭᠡᠨ᠂ ᠬᠥᠲᠦᠯᠪᠦᠷᠢ ᠳᠥ ᠬᠤᠪᠢ ᠨᠡᠮᠡᠷᠢ ᠪᠡᠨ ᠣᠷᠤᠭᠤᠯᠬᠤ ᠶᠤᠮ᠃

ᠥᠩᠭᠡᠷᠡᠭᠰᠡᠨ ᠬᠤᠭᠤᠴᠠᠭᠠᠨ ᠳᠤ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ᠂ ᠢᠪᠡᠭᠡᠯ ᠳᠣᠣᠷ᠎ᠠ ᠪᠣᠯᠪᠠᠰᠤᠷᠠᠯ ᠤᠨ ᠰᠠᠯᠪᠤᠷᠢ ᠢᠢᠨ ᠬᠢᠨ᠂ ᠲᠡᠭᠦᠨ ᠦ ᠳᠣᠲᠤᠷ᠎ᠠ ᠰᠢᠨᠵᠢᠯᠡᠬᠦ ᠤᠬᠠᠭᠠᠨ ᠤ ᠠᠵᠢᠯᠲᠠᠨ ᠨᠤᠭᠤᠳ᠂ ᠨᠡᠢᠢᠲᠡ ᠪᠠᠭᠰᠢ᠂ ᠲᠡᠦᠬᠡ ᠢᠢᠨ ᠪᠠᠭᠰᠢ ᠨᠠᠷ ᠶᠡᠬᠡ ᠬᠤᠷᠠᠯ᠂ ᠤᠯᠤᠰ ᠤᠨ ᠵᠥᠪᠯᠡᠭᠡᠨ ᠢᠶᠡᠨ ᠬᠢᠨ᠂ ᠣᠯᠤᠯᠲᠠ ᠠᠮᠵᠢᠯᠲᠠ᠂ ᠲᠤᠯᠭᠠᠮᠳᠠᠭᠰᠠᠨ ᠠᠰᠠᠭᠤᠳᠠᠯ ᠤᠳ ᠢᠶᠠᠨ ᠬᠡᠯᠡᠯᠴᠡᠨ᠂ ᠴᠢᠨᠠᠭᠰᠢᠳᠠ ᠢᠢᠨ ᠪᠣᠳᠤᠯᠭ᠎ᠠ᠂ ᠵᠣᠷᠢᠯᠲᠠ ᠪᠠᠨ ᠲᠣᠳᠤᠷᠬᠠᠢᠢᠯᠠᠨ ᠠᠵᠢᠯᠯᠠᠵᠤ ᠪᠠᠢᠢᠨ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠮᠥᠨ ᠡᠳᠦᠷ ᠮᠣᠩ᠋ᠭ᠋᠋᠋ᠤᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ ᠢᠢᠨ ᠳᠦᠷᠰᠦᠯᠡᠬᠦ ᠤᠷᠠᠯᠢᠭ᠂ ᠲᠧᠺᠨᠣᠯᠤᠭᠢ ᠢᠢᠨ ᠰᠤᠷᠭᠠᠭᠤᠯᠢ ᠢᠢᠨ ᠵᠥᠪᠯᠡᠬᠦ ᠪᠠᠭᠰᠢ᠂ ᠰᠢᠨᠵᠢᠯᠡᠬᠦ ᠤᠬᠠᠭᠠᠨ ᠤ ᠳ᠋ᠣᠻᠲ᠋ᠤᠷ᠂ ᠫᠷᠣᠹᠧᠰᠰᠤᠷ ᠴᠡᠭᠮᠢᠳ ᠦᠨ ᠴᠡᠸᠡᠩ ᠳᠥ ᠭᠠᠪᠢᠶᠠᠲᠤ ᠪᠠᠭᠰᠢ᠂ ᠬᠥᠳᠡᠭᠡ ᠠᠵᠤ ᠠᠬᠤᠶ ᠢᠢᠨ ᠶᠡᠬᠡ ᠰᠤᠷᠭᠠᠭᠤᠯᠢ ᠢᠢᠨ ᠢᠨ᠋ᠵᠧᠨᠧᠷ ᠦᠨ ᠰᠤᠷᠭᠠᠭᠤᠯᠢ ᠢᠢᠨ ᠵᠥᠪᠯᠡᠬᠦ ᠫᠷᠣᠹᠧᠰᠰᠤᠷ᠂ ᠵᠥᠪᠯᠡᠬᠦ ᠢᠨ᠋ᠵᠧᠨᠧᠷ᠂ ᠲᠧᠺᠨᠢᠭ ᠦᠨ ᠰᠢᠨᠵᠢᠯᠡᠬᠦ ᠤᠬᠠᠭᠠᠨ ᠤ ᠳ᠋ᠣᠻᠲ᠋ᠤᠷ ᠴᠠᠭᠨᠠ ᠶᠢᠨ ᠪᠢᠮᠪᠠᠳᠣᠷᠵᠢ ᠳᠤ ᠭᠠᠪᠢᠶᠠᠲᠤ ᠮᠧᠬᠠᠨᠢᠭᠵᠢᠭᠤᠯᠤᠭᠴᠢ ᠴᠣᠯᠠ ᠬᠦᠷᠲᠡᠭᠡᠵᠦ᠂ ᠨᠡᠷ᠎ᠡ ᠪᠦᠬᠦᠢ ᠡᠷᠬᠢᠮ ᠦᠳ ᠢ ᠲᠥᠷᠦ ᠶᠢᠨ ᠳᠡᠭᠡᠳᠦ ᠣᠳᠤᠨ᠂ ᠮᠧᠳᠠᠯᠢ ᠪᠠᠷ ᠱᠠᠩᠨᠠᠯ᠎ᠠ᠃






















