Та "Internet explorer"-ийн сүүлийн хувилбар болох "Microsoft edge"-г ашиглана уу

Хэрэв "Microsoft edge"-г татах бол энд дарж татаж авна уу

ᠬᠠᠤᠯᠢ ᠵᠦᠢ ᠢᠢᠨ ᠰᠠᠯᠪᠤᠷᠢ ᠢᠷᠭᠡᠨ ᠲᠥᠪ ᠲᠡᠶ ᠡᠷᠬᠡ ᠵᠦᠢ ᠢᠢᠨ ᠰᠢᠨᠡᠴᠢᠯᠡᠯ ᠬᠢᠨ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠤᠬᠤᠨ᠎ᠠ ᠢᠢᠨ ᠬᠦᠷᠡᠯᠰᠦ᠋ᠬᠡ ᠬᠠᠤᠯᠢ ᠵᠦᠢ ᠢᠢᠨ ᠰᠠᠯᠪᠤᠷᠢ ᠢᠢᠨ ᠪᠡᠶ᠎ᠡ ᠪᠦᠷᠢᠯᠳᠦᠬᠦᠨ ᠦ ᠲᠥᠯᠦᠭᠡᠯᠡᠯ ᠲᠡᠶ ᠠᠭᠤᠯᠵᠠᠯ᠎ᠠ᠃

ᠠᠭᠤᠯᠵᠠᠯᠲᠠ ᠳᠤ ᠬᠢᠯᠢ ᠬᠠᠮᠠᠭᠠᠯᠠᠬᠤ ᠶᠡᠷᠦᠩᠬᠡᠢ ᠭᠠᠵᠠᠷ᠂ ᠰᠢᠭᠦᠬᠦ ᠢᠢᠨ ᠰᠢᠢᠳᠪᠦᠷᠢ ᠭᠦᠢᠴᠡᠳᠬᠡᠬᠦ ᠶᠡᠷᠦᠩᠬᠡᠢ ᠭᠠᠵᠠᠷ᠂ ᠴᠠᠭᠳᠠᠭ᠎ᠠ ᠢᠢᠨ ᠶᠡᠷᠦᠩᠬᠡᠢ ᠭᠠᠵᠠᠷ᠂ ᠳᠣᠲᠤᠭᠠᠳᠤ ᠢᠢᠨ ᠴᠡᠷᠢᠭ ᠦᠨ ᠱᠲ᠋ᠠᠪ᠂ ᠰᠢᠭᠦᠬᠦ ᠰᠢᠨᠵᠢᠯᠡᠭᠡᠨ ᠦ ᠶᠡᠷᠦᠩᠬᠡᠢ ᠭᠠᠵᠠᠷ ᠤᠨ ᠤᠳᠤᠷᠢᠳᠬᠤ ᠠᠯᠪᠠᠨ ᠲᠤᠰᠢᠶᠠᠯᠲᠠᠨ᠂ ᠠᠵᠢᠯᠲᠠᠨ᠂ ᠠᠯᠪᠠ ᠬᠠᠭᠠᠭᠴᠢᠳ ᠣᠷᠤᠯᠴᠠᠯ᠎ᠠ᠃

ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠤ·ᠬᠦᠷᠡᠯᠰᠦ᠋ᠬᠡ᠂ ᠡᠷᠭᠦᠭ᠍ᠰᠡᠨ ᠲᠠᠩ᠋ᠭᠠᠷᠢᠭ ᠲᠤ ᠪᠠᠨ ᠦᠨᠡᠨᠴᠢ ᠪᠠᠢᠢᠵᠤ᠂ ᠲᠥᠷᠦ᠂ ᠠᠷᠠᠳ ᠲᠦᠮᠡᠨ ᠦ ᠪᠡᠨ ᠠᠮᠤᠷ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ᠂ ᠬᠦᠮᠦᠨ ᠪᠢᠰᠢ᠂ ᠬᠠᠤᠯᠢ ᠵᠠᠰᠠᠭᠯᠠᠳᠠᠭ ᠨᠡᠢᠢᠭᠡᠮ ᠢ ᠲᠥᠯᠦᠪᠰᠢᠭᠦᠯᠬᠦ ᠢᠢᠨ ᠲᠥᠯᠦᠭᠡ ᠬᠦᠴᠦᠨ ᠵᠢᠳᠬᠦᠵᠦ ᠪᠠᠢᠢᠭ᠎ᠠ ᠦᠶ᠎ᠡ ᠦᠶ᠎ᠡ ᠢᠢᠨ ᠠᠵᠢᠯᠲᠠᠨ᠂ ᠠᠯᠪᠠ ᠬᠠᠭᠠᠭᠴᠢᠳ ᠲᠤ ᠲᠠᠯᠠᠷᠬᠠᠯ ᠢᠯᠡᠷᠬᠡᠢᠢᠯᠡᠯ᠎ᠡ᠃

ᠴᠢᠨᠠᠭᠰᠢᠳᠠ ᠤᠯᠤᠰ ᠣᠷᠤᠨ ᠤ ᠢᠵᠠᠭᠤᠷ ᠡᠷᠬᠡ ᠠᠰᠢᠭ᠂ ᠦᠨᠳᠦᠰᠦᠨ ᠦ ᠠᠶᠤᠯ ᠦᠭᠡᠢ ᠪᠠᠢᠢᠳᠠᠯ᠂ ᠰᠢᠳᠤᠷᠭᠤ ᠶᠣᠰᠤ ᠢᠢ ᠳᠡᠭᠡᠳᠦᠯᠡᠵᠦ᠂ ᠰᠠᠬᠢᠯᠭ᠎ᠠ᠂ ᠬᠠᠷᠢᠭᠤᠴᠠᠯᠭ᠎ᠠ ᠲᠠᠢ᠂ ᠥᠨᠳᠦᠷ ᠶᠣᠰᠤ ᠵᠦᠢ ᠲᠡᠶ᠂ ᠢᠷᠭᠡᠳ ᠲᠥ ᠪᠡᠨ ᠡᠭᠡᠯᠢᠲᠡᠢ᠂ ᠬᠦᠮᠦᠨ ᠦ ᠡᠷᠬᠡ᠂ ᠡᠷᠬᠡ ᠴᠢᠯᠦᠭᠡ ᠢᠢ ᠬᠠᠩ᠋ᠭᠠᠬᠤ ᠢᠢᠨ ᠲᠥᠯᠦᠭᠡ ᠬᠢᠴᠢᠶᠡᠨ ᠠᠵᠢᠯᠯᠠᠬᠤ ᠢᠢ ᠵᠠᠬᠢᠯ᠎ᠠ᠃

ᠲᠡᠷᠡ ᠪᠡᠷ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋᠋ᠯᠠᠭᠴᠢ ᠪᠣᠯᠤᠭᠰᠠᠨ ᠠᠴᠠ ᠬᠣᠢᠢᠰᠢ ᠬᠠᠤᠯᠢ ᠵᠦᠢ ᠢᠢᠨ ᠰᠠᠯᠪᠤᠷᠢ ᠳᠤ ᠬᠢᠭ᠍ᠰᠡᠨ ᠠᠵᠢᠯ᠂ ᠳᠡᠮᠵᠢᠯᠭᠡ᠂ ᠰᠠᠨᠠᠭᠠᠴᠢᠯᠠᠭᠰᠠᠨ ᠬᠠᠤᠯᠢ ᠢᠢᠨ ᠲᠥᠰᠦᠯ᠂ ᠦᠨᠳᠦᠰᠦᠨ ᠦ ᠬᠥᠳᠡᠯᠭᠡᠭᠡᠨ᠂ ᠬᠥᠲᠦᠯᠪᠦᠷᠢ᠂ ᠭᠠᠳᠠᠭᠠᠳᠤ ᠬᠠᠷᠢᠯᠴᠠᠭ᠎ᠠ᠂ ᠨᠡᠢᠢᠭᠡᠮ᠂ ᠡᠳ᠋ ᠦᠨ ᠵᠠᠰᠠᠭ ᠤᠨ ᠪᠠᠢᠢᠳᠠᠯ ᠵᠡᠷᠭᠡ ᠢᠢᠨ ᠲᠠᠯ᠎ᠠ ᠪᠠᠷ ᠲᠣᠪᠴᠢ ᠲᠠᠨᠢᠯᠴᠠᠭᠤᠯᠤᠯ᠎ᠠ᠃

ᠰᠠᠯᠪᠤᠷᠢ ᠢᠢᠨ ᠶᠠᠮᠤᠨ ᠬᠠᠤᠯᠢ᠂ ᠡᠷᠬᠡ ᠵᠦᠢ ᠢᠢᠨ ᠣᠷᠴᠢᠨ ᠢ ᠢᠯᠡᠭᠦᠦ ᠲᠣᠳᠤᠷᠬᠠᠢ᠂ ᠬᠡᠷᠡᠭᠵᠢᠬᠦᠢᠢᠴᠡ ᠪᠣᠯᠭᠠᠨ ᠰᠠᠢᠢᠵᠢᠷᠠᠭᠤᠯᠬᠤ ᠳᠤ ᠠᠩᠬᠠᠷᠴᠤ᠂ ᠢᠷᠭᠡᠨ ᠲᠥᠪ ᠲᠡᠶ ᠡᠷᠬᠡ ᠵᠦᠢ ᠢᠢᠨ ᠰᠢᠨᠡᠴᠢᠯᠡᠯ ᠬᠢᠨ᠎ᠡ᠃

ᠬᠠᠤᠯᠢ ᠨᠤᠭᠤᠳ ᠤᠨ ᠬᠡᠷᠡᠭᠵᠢᠯᠲᠡ ᠬᠠᠩ᠋ᠭᠠᠯᠲᠠ ᠦᠭᠡᠢ ᠪᠠᠢᠢᠭ᠎ᠠ ᠠᠴᠠ ᠢᠷᠭᠡᠨ ᠦ ᠡᠷᠬᠡ ᠵᠥᠷᠢᠴᠡᠭᠳᠡᠬᠦ᠂ ᠬᠠᠤᠯᠢ᠂ ᠰᠢᠭᠦᠬᠦ᠂ ᠴᠠᠭᠳᠠᠭ᠎ᠠ ᠢᠢᠨ ᠪᠠᠢᠢᠭᠤᠯᠤᠯᠭ᠎ᠠ ᠳᠤ ᠢᠲᠡᠭᠡᠬᠦ ᠢᠷᠭᠡᠳ ᠦᠨ ᠢᠲᠡᠭᠡᠯ ᠪᠠᠭᠠᠰᠬᠤ᠂ ᠬᠠᠤᠯᠢ ᠢᠢᠨ ᠵᠥᠷᠢᠴᠡᠯ ᠨᠡᠮᠡᠭᠳᠡᠬᠦ᠂ ᠬᠠᠤᠯᠢ ᠢᠢ ᠣᠷᠤᠯᠠᠭᠰᠠᠨ ᠵᠣᠬᠢᠴᠠᠭᠤᠯᠤᠯᠲᠠ᠂ ᠲᠡᠷᠡ ᠳᠤᠮᠳᠠ ᠪᠠᠨ ᠠᠪᠯᠢᠭ᠎ᠠ᠂ ᠬᠦᠨᠳᠦ ᠰᠤᠷᠲᠠᠯ ᠪᠤᠢ ᠪᠣᠯᠬᠤ ᠰᠠᠭᠤᠷᠢ ᠪᠣᠯᠵᠤ ᠪᠠᠢᠢᠭ᠎ᠠ ᠢᠢ ᠰᠠᠢᠢᠳ ᠰᠠ᠊·ᠠᠮᠤᠷᠰᠠᠢᠢᠬᠠᠨ ᠬᠡᠯᠡᠯ᠎ᠡ᠃

ᠴᠢᠨᠠᠭᠰᠢᠳᠠ ᠬᠠᠤᠯᠢ ᠲᠣᠭᠲᠠᠭᠠᠮᠵᠢ ᠪᠣᠯᠪᠠᠰᠤᠷᠠᠭᠤᠯᠬᠤ ᠳᠤ ᠪᠠᠨ ᠡᠷᠳᠡᠮᠲᠡᠨ ᠰᠤᠳᠤᠯᠤᠭᠠᠴᠢᠳ ᠤᠨ ᠵᠥᠪᠯᠡᠮᠵᠢ᠂ ᠢᠷᠭᠡᠳ ᠦᠨ ᠰᠠᠨᠠᠭ᠎ᠠ ᠪᠣᠳᠤᠯ ᠢ ᠲᠤᠰᠬᠠᠬᠤ᠂ ᠣᠯᠠᠨ ᠨᠡᠢᠢᠲᠡ ᠢᠢᠨ ᠬᠡᠯᠡᠯᠴᠡᠭᠦᠯᠭᠡ ᠥᠷᠨᠢᠭᠦᠯᠬᠦ᠂ ᠭᠠᠳᠠᠨ᠎ᠠ ᠢᠢᠨ ᠰᠠᠢᠢᠨ ᠲᠤᠷᠰᠢᠯᠭ᠎ᠠ ᠢᠢ ᠨᠡᠪᠲᠡᠷᠡᠭᠦᠯᠬᠦ ᠨᠢ ᠵᠦᠢ ᠲᠡᠶ ᠭᠡᠵᠦ ᠦᠵᠡᠭᠰᠡᠨ ᠪᠠᠢᠢᠨ᠎ᠠ᠃

ᠴᠢᠨᠠᠭᠰᠢᠳᠠ ᠡᠷᠡᠭᠦᠦ ᠢᠢᠨ ᠬᠠᠤᠯᠢ᠂ ᠵᠥᠷᠢᠴᠡᠯ ᠦᠨ ᠲᠤᠬᠠᠢ ᠵᠡᠷᠭᠡ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠤᠭᠤᠯᠬᠤ ᠪᠥᠭᠡᠳ ᠵᠠᠷᠢᠮ ᠲᠥᠷᠦᠯ ᠦᠨ ᠡᠷᠡᠭᠦᠦ ᠢᠢᠨ ᠪᠣᠯᠤᠨ ᠵᠥᠷᠢᠴᠡᠯ ᠰᠢᠯᠭᠠᠬᠤ᠂ ᠰᠢᠢᠳᠪᠦᠷᠢᠯᠡᠬᠦ ᠬᠢᠯᠪᠠᠷᠰᠢᠭᠤᠯᠤᠭᠰᠠᠨ ᠠᠵᠢᠯᠯᠠᠭ᠎ᠠ ᠢᠢ ᠴᠠᠬᠢᠮ ᠬᠡᠯᠪᠡᠷᠢ ᠪᠡᠷ ᠶᠠᠪᠤᠭᠤᠯᠬᠤ᠂ ᠴᠠᠬᠢᠮ ᠭᠠᠷ ᠤᠨ ᠦᠰᠦᠭ ᠠᠰᠢᠭᠯᠠᠨ ᠵᠠᠢ ᠠᠴᠠ ᠠᠰᠠᠭᠤᠳᠠᠯ ᠢᠶᠠᠨ ᠰᠢᠢᠳᠪᠦᠷᠢᠯᠡᠭᠦᠯᠬᠦ᠂ ᠣᠷᠤᠯᠴᠠᠬᠤ ᠪᠣᠯᠤᠮᠵᠢ ᠢᠢ ᠰᠤᠳᠤᠯᠵᠤ ᠡᠬᠢᠯᠡᠵᠡᠶ᠃

ᠮᠥᠨ ᠮᠠᠩᠰᠢᠭᠤᠷᠠᠭᠤᠯᠬᠤ ᠡᠮ᠂ ᠰᠡᠳᠬᠢᠴᠡ ᠳᠥ ᠨᠥᠯᠦᠭᠡᠲᠦ ᠪᠣᠳᠠᠰ ᠤᠨ ᠡᠷᠭᠢᠯᠲᠡ ᠳᠥ ᠬᠢᠨᠠᠯᠲᠠ ᠲᠠᠯᠪᠢᠬᠤ ᠬᠠᠤᠯᠢ ᠢᠢᠨ ᠲᠥᠰᠦᠯ ᠢ ᠪᠠᠲᠤᠯᠠᠭᠤᠯᠤᠨ ᠮᠥᠷᠳᠡᠭᠦᠯᠦᠨ᠎ᠡ᠃

ᠰᠠᠯᠪᠤᠷᠢ ᠢᠢᠨ ᠬᠡᠮᠵᠢᠶᠡᠨ ᠳᠥ ᠢᠷᠭᠡᠳ ᠲᠥ ᠲᠥᠷᠦ ᠢᠢᠨ ᠦᠢᠯᠡᠴᠢᠯᠡᠭᠡ ᠢᠢ ᠬᠦᠨᠳᠦ ᠰᠤᠷᠲᠠᠯ᠂ ᠳᠠᠷᠤᠮᠲᠠ ᠰᠢᠬᠠᠯᠲᠠ ᠦᠭᠡᠢ᠂ ᠲᠦᠷᠭᠡᠨ ᠰᠢᠭᠤᠷᠬᠠᠢ ᠬᠦᠷᠭᠡᠬᠦ ᠪᠣᠯᠤᠮᠵᠢ ᠢᠢ ᠪᠦᠷᠢᠳᠦᠭᠦᠯᠬᠦ ᠢᠢᠨ ᠲᠤᠯᠠᠳᠠ ᠬᠦᠮᠦᠨ ᠦ ᠡᠷᠬᠡ ᠢᠢ ᠬᠢᠵᠠᠭᠠᠷᠯᠠᠭᠰᠠᠨ᠂ ᠠᠯᠪᠠᠨ ᠲᠤᠰᠢᠶᠠᠯᠲᠠᠨ ᠳᠤ ᠡᠷᠬᠡ ᠮᠡᠳᠡᠯ᠂ ᠳᠠᠪᠠᠭᠤ ᠪᠠᠢᠢᠳᠠᠯ ᠪᠤᠢ ᠪᠣᠯᠭᠠᠭᠰᠠᠨ ᠰᠢᠨᠵᠢ ᠲᠡᠶ ᠳᠦᠷᠢᠮ᠂ ᠵᠢᠷᠤᠮ ᠤᠳ ᠢᠶᠠᠨ ᠬᠦᠴᠦᠨ ᠦᠭᠡᠢ ᠪᠣᠯᠭᠠᠬᠤ ᠶᠤᠮ ᠪᠠᠢᠢᠨ᠎ᠠ᠃

ᠬᠠᠤᠯᠢ ᠵᠦᠢ ᠢᠢᠨ ᠰᠠᠯᠪᠤᠷᠢ ᠢᠢᠨ ᠬᠠᠮᠲᠤ ᠣᠯᠠᠨ ᠬᠠᠤᠯᠢ ᠪᠠᠷ ᠬᠦᠯᠢᠶᠡᠭᠰᠡᠨ ᠡᠭᠦᠷᠭᠡ ᠪᠡᠨ ᠨᠡᠷ᠎ᠡ ᠲᠥᠷᠦ ᠲᠡᠶ᠂ ᠴᠢᠩ ᠰᠢᠳᠤᠷᠭᠤ ᠪᠠᠷ ᠪᠡᠶᠡᠯᠡᠭᠦᠯᠬᠦ ᠢᠢᠨ ᠵᠡᠷᠭᠡᠴᠡᠭᠡ ᠶᠡᠷᠦᠩᠬᠡᠢᠢᠯᠡᠭᠴᠢ ᠢᠢᠨ ᠪᠣᠳᠤᠯᠭ᠎ᠠ᠂ ᠦᠢᠯᠡ ᠠᠵᠢᠯᠯᠠᠭ᠎ᠠ ᠢᠢ ᠲᠤᠭᠤᠰᠢᠲᠠᠢ ᠳᠡᠮᠵᠢᠵᠦ᠂ ᠰᠠᠨᠠᠭᠠᠴᠢᠯᠠᠭᠰᠠᠨ ᠬᠥᠳᠡᠯᠭᠡᠭᠡᠨ᠂ ᠬᠥᠲᠦᠯᠪᠦᠷᠢ ᠢᠢᠨ ᠬᠡᠷᠡᠭᠵᠢᠯᠲᠡ ᠳᠥ ᠤᠷᠢᠳᠤ ᠢᠢᠨ ᠠᠳᠠᠯᠢ ᠬᠤᠪᠢ ᠨᠡᠮᠡᠷᠢ ᠪᠡᠨ ᠣᠷᠤᠭᠤᠯᠬᠤ ᠪᠠᠨ ᠢᠯᠡᠷᠬᠡᠢᠢᠯᠡᠯ᠎ᠡ᠃

ᠶᠡᠷᠦᠩᠬᠡᠢᠢᠯᠡᠭᠴᠢ ᠮᠥᠨ ᠡᠳᠦᠷ ᠰᠢᠭᠦᠬᠦ ᠰᠢᠨᠵᠢᠯᠡᠭᠡᠨ ᠦ ᠶᠡᠷᠦᠩᠬᠡᠢ ᠭᠠᠵᠠᠷ ᠤᠨ ᠠᠬᠠᠮᠠᠳ ᠤᠨ ᠬᠣᠷᠢᠶᠠᠨ ᠤ ᠳᠠᠷᠤᠭ᠎ᠠ᠂ ᠴᠠᠭᠳᠠᠭ᠎ᠠ ᠢᠢᠨ ᠪᠡᠯᠡᠳᠬᠡᠯ ᠬᠤᠷᠠᠩᠳᠠ ᠷᠠᠸᠠ ᠢᠢᠨ ᠫᠦᠷᠪᠦᠵᠠᠪ᠂ ᠴᠠᠭᠳᠠᠭ᠎ᠠ ᠢᠢᠨ ᠶᠡᠷᠦᠩᠬᠡᠢ ᠭᠠᠵᠠᠷ ᠤᠨ ᠰᠠᠩᠬᠦᠦ᠂ ᠠᠷᠤ ᠲᠠᠯ᠎ᠠ ᠢᠢᠨ ᠠᠯᠪᠠᠨ ᠤ ᠳᠠᠷᠤᠭ᠎ᠠ᠂ ᠴᠠᠭᠳᠠᠭ᠎ᠠ ᠢᠢᠨ ᠬᠤᠷᠠᠩᠳᠠ ᠳᠡᠮᠴᠤᠭ ᠦᠨ ᠪᠠᠲᠤᠴᠢᠯᠠᠭᠤᠨ ᠨᠠᠷ ᠲᠤ ᠭᠠᠪᠢᠶᠠᠲᠤ ᠬᠠᠤᠯᠢᠴᠢ᠂ ᠬᠢᠯᠢ ᠢᠢᠨ ᠴᠡᠷᠢᠭ ᠦᠨ ᠐᠑᠖᠔ ᠊ᠳ᠋ᠦᠭᠡᠷ ᠠᠩ᠋ᠭᠢ ᠢᠢᠨ ᠠᠬᠠᠮᠠᠳ ᠵᠢᠯᠤᠭᠤᠴᠢ᠂ ᠪᠡᠯᠡᠳᠬᠡᠯ ᠠᠬᠠᠯᠠᠭᠴᠢ ᠦᠷᠵᠠᠨ ᠦ ᠰᠡᠷᠬᠦᠯᠡᠩ ᠳᠥ ᠭᠠᠪᠢᠶᠠᠲᠤ ᠲᠡᠭᠡᠭᠡᠪᠦᠷᠢᠴᠢᠨ᠂ ᠳᠣᠲᠤᠭᠠᠳᠤ ᠢᠢᠨ ᠴᠡᠷᠢᠭ ᠦᠨ ᠘᠐᠕ ᠳ᠋ᠤᠭᠠᠷ ᠠᠩ᠋ᠭᠢ ᠢᠢᠨ ᠵᠠᠬᠢᠷᠤᠭᠴᠢ᠂ ᠬᠤᠷᠠᠩᠳᠠ ᠵᠠᠮᠴᠣ ᠢᠢᠨ ᠲᠦᠮᠡᠨᠲᠤᠯᠭ᠎ᠠ ᠳᠤ ᠦᠢᠯᠡᠴᠢᠯᠡᠭᠡᠨ ᠦ ᠭᠠᠪᠢᠶᠠᠲᠤ ᠠᠵᠢᠯᠲᠠᠨ᠂ ᠰᠢᠭᠦᠬᠦ ᠢᠢᠨ ᠰᠢᠢᠳᠪᠦᠷᠢ ᠭᠦᠢᠴᠡᠳᠬᠡᠬᠦ ᠶᠡᠷᠦᠩᠬᠡᠢ ᠭᠠᠵᠠᠷ ᠤᠨ ᠬᠠᠷᠢᠶ᠎ᠠ ᠬᠣᠷᠢᠬᠤ ᠶᠠᠯ᠎ᠠ ᠡᠳ᠋ᠯᠠᠭᠦᠯᠬᠦ ᠠᠯᠪᠠᠨ ᠤ ᠰᠣᠶᠣᠨ ᠭᠡᠭᠡᠷᠡᠭᠦᠯᠬᠦ ᠬᠡᠯᠲᠡᠰ ᠦᠨ ᠳᠠᠷᠤᠭ᠎ᠠ᠂ ᠳᠡᠳ᠋ ᠬᠤᠷᠠᠩᠳᠠ ᠡᠩᠬᠡᠲᠠᠢᠢᠪᠤᠩ ᠤᠨ ᠪᠣᠯᠤᠷᠮ᠎ᠠ ᠳᠤ ᠭᠠᠪᠢᠶᠠᠲᠤ ᠵᠦᠵᠦᠭᠡᠴᠢᠨ ᠴᠣᠯᠠ ᠬᠦᠷᠲᠡᠭᠡᠯ᠎ᠡ᠃

ᠮᠥᠨ ᠨᠡᠷ᠎ᠡ ᠪᠦᠬᠦᠢ ᠡᠷᠬᠢᠮ ᠦᠳ ᠢ ᠲᠥᠷᠦ ᠢᠢᠨ ᠳᠡᠭᠡᠳᠦ ᠣᠳᠤᠨ᠂ ᠮᠧᠳᠠᠯᠢ ᠪᠠᠷ ᠱᠠᠩᠨᠠᠯ᠎ᠠ᠃