ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠢᠢᠨ ᠡᠷᠳᠡᠮᠲᠡᠨ ᠪᠠᠭᠰᠢ᠂ ᠠᠵᠢᠯᠲᠠᠨ ᠨᠤᠭᠤᠳ ᠲᠠᠢ ᠠᠭᠤᠯᠵᠠᠯ᠎ᠠ᠃
ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠨᠢ ᠪᠦᠷᠢᠯᠳᠦᠬᠦᠨ ᠘᠂ ᠣᠷᠤᠨ ᠨᠤᠲᠤᠭ ᠳ᠋ᠠᠬᠢ ᠬᠠᠷᠢᠶ᠎ᠠ ᠓ ᠰᠤᠷᠭᠠᠭᠤᠯᠢ᠂ ᠰᠤᠳᠤᠯᠭᠠᠨ ᠤ ᠨᠢᠭᠡᠴᠡ ᠲᠡᠶ᠃ ᠘᠐᠐ ᠣᠷᠴᠢᠮ ᠪᠠᠭᠰᠢ᠂ ᠠᠵᠢᠯᠲᠠᠨ᠂ ᠑᠖ ᠮᠢᠩ᠋ᠭ᠎ᠠ ᠭᠠᠷᠤᠢ ᠣᠶᠤᠲᠠᠨ ᠲᠠᠢ᠂ ᠡᠷᠳᠡᠮ ᠣᠶᠤᠨ ᠤ ᠲᠣᠮᠣᠬᠠᠨ ᠲᠥᠪ ᠶᠤᠮ᠃
ᠬᠦᠮᠦᠨ ᠠᠮᠠ ᠢᠢᠨ ᠠᠮᠢ ᠨᠠᠰᠤ᠂ ᠡᠷᠡᠭᠦᠯ ᠮᠡᠨᠳᠦ ᠢᠢᠨ ᠲᠥᠯᠦᠭᠡ ᠡᠷᠳᠡᠮ ᠮᠡᠳᠡᠯᠭᠡ᠂ ᠤᠷ᠎ᠠ ᠴᠢᠳᠠᠪᠤᠷᠢ᠂ ᠵᠢᠷᠦᠬᠡ ᠰᠡᠳᠬᠢᠯ ᠢᠶᠡᠨ ᠵᠣᠷᠢᠭᠤᠯᠤᠨ ᠠᠵᠢᠯᠯᠠᠵᠤ ᠪᠠᠢᠢᠭ᠎ᠠ ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠢᠢᠨ ᠦᠶ᠎ᠡ ᠦᠶ᠎ᠡ ᠢᠢᠨ ᠡᠷᠳᠡᠮᠲᠡᠨ ᠪᠠᠭᠰᠢ᠂ ᠬᠠᠮᠲᠤ ᠣᠯᠠᠨ᠂ ᠲᠡᠭᠦᠰᠦᠭᠴᠢᠳ ᠲᠥ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠵᠦ᠂ ᠠᠮᠵᠢᠯᠲᠠ ᠬᠦᠰᠡᠯ᠎ᠡ᠃
ᠲᠡᠷᠡ ᠪᠡᠷ᠂ ᠡᠷᠡᠭᠦᠯ ᠮᠡᠨᠳᠦ ᠢᠢᠨ ᠰᠠᠯᠪᠤᠷᠢ ᠢᠢᠨ ᠭᠣᠣᠯ ᠲᠤᠯᠭᠠᠭᠤᠷᠢ ᠪᠣᠯᠤᠭᠰᠠᠨ ᠲᠤᠰ ᠰᠤᠷᠭᠠᠭᠤᠯᠢ ᠳᠡᠯᠡᠬᠡᠢ ᠢᠢᠨ ᠰᠢᠯᠢᠳᠡᠭ ᠶᠡᠬᠡ ᠰᠤᠷᠭᠠᠭᠤᠯᠢ ᠪᠣᠯᠬᠤ ᠠᠯᠤᠰ ᠤᠨ ᠬᠠᠷᠠᠭ᠎ᠠ᠂ ᠰᠢᠨᠵᠢᠯᠡᠬᠦ ᠤᠬᠠᠭᠠᠨ᠂ ᠪᠣᠯᠪᠠᠰᠤᠷᠠᠯ᠂ ᠡᠷᠡᠭᠦᠯ ᠮᠡᠨᠳᠦ ᠢᠢᠨ ᠰᠠᠯᠪᠤᠷᠢ ᠳᠤ ᠮᠠᠩᠯᠠᠢᠢᠯᠠᠬᠤ ᠵᠣᠷᠢᠯᠭ᠎ᠠ ᠪᠠᠨ ᠪᠡᠶᠡᠯᠡᠭᠦᠯᠦᠨ᠎ᠡ ᠭᠡᠳᠡᠭ ᠲᠥ ᠢᠲᠡᠭᠡᠯ ᠲᠡᠭᠦᠰ ᠪᠠᠢᠢᠭ᠎ᠠ ᠪᠠᠨ ᠣᠨᠴᠠᠯᠠᠯ᠎ᠠ᠃
ᠶᠡᠷᠦᠩᠬᠡᠢᠢᠯᠡᠭᠴᠢ ᠥᠩ᠋ᠭᠡᠷᠡᠭᠰᠡᠨ ᠣᠨ ᠵᠢᠯ ᠦᠳ ᠲᠥ ᠬᠢᠭ᠍ᠰᠡᠨ ᠠᠵᠢᠯ᠂ ᠰᠠᠨᠠᠭᠠᠴᠢᠯᠠᠭᠰᠠᠨ ᠦᠨᠳᠦᠰᠦᠨ ᠦ ᠬᠥᠳᠡᠯᠭᠡᠭᠡᠨ᠂ ᠬᠥᠲᠦᠯᠪᠦᠷᠢ ᠢᠢᠨ ᠬᠡᠷᠡᠭᠵᠢᠯᠲᠡ᠂ ᠭᠠᠳᠠᠭᠠᠳᠤ ᠬᠠᠷᠢᠯᠴᠠᠭ᠎ᠠ ᠪᠣᠯᠤᠨ ᠨᠡᠢᠢᠭᠡᠮ᠂ ᠡᠳ᠋ ᠦᠨ ᠵᠠᠰᠠᠭ ᠤᠨ ᠪᠠᠢᠢᠳᠠᠯ ᠵᠡᠷᠭᠡ ᠢᠢᠨ ᠲᠠᠯ᠎ᠠ ᠪᠠᠷ ᠲᠣᠪᠴᠢ ᠲᠠᠨᠢᠯᠴᠠᠭᠤᠯᠤᠯ᠎ᠠ᠃



ᠶᠡᠷᠦᠩᠬᠡᠢᠢᠯᠡᠭᠴᠢ ᠢᠢᠨ ᠪᠣᠳᠤᠯᠭ᠎ᠠ᠂ ᠦᠢᠯᠡ ᠠᠵᠢᠯᠯᠠᠭ᠎ᠠ᠂ ᠰᠠᠨᠠᠭᠠᠴᠢᠯᠠᠭ᠎ᠠ᠂ ᠳᠡᠮᠵᠢᠯᠭᠡ᠂ ᠦᠨᠳᠦᠰᠦᠨ ᠦ ᠬᠡᠮᠵᠢᠶᠡᠨ ᠦ ᠬᠥᠳᠡᠯᠭᠡᠭᠡᠨ᠂ ᠬᠥᠲᠦᠯᠪᠦᠷᠢ ᠨᠢ ᠪᠣᠯᠪᠠᠰᠤᠷᠠᠯ ᠤᠨ ᠰᠠᠯᠪᠤᠷᠢ ᠢᠢᠨ ᠬᠥᠭ᠍ᠵᠢᠯ ᠳᠥ ᠦᠷ᠎ᠡ ᠳ᠋ᠦᠩ ᠠᠪᠴᠢᠷᠠᠵᠤ ᠪᠠᠢᠢᠭ᠎ᠠ ᠢᠢ ᠰᠠᠢᠢᠳ ᠯᠤ᠊·ᠡᠩᠬᠡ-ᠠᠮᠤᠭᠤᠯᠠᠩ ᠬᠡᠯᠡᠯ᠎ᠡ᠃
ᠲᠤᠬᠠᠢᠢᠯᠠᠪᠠᠯ᠂ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ᠂ ᠳᠡᠮᠵᠢᠯᠭᠡ ᠪᠡᠷ ᠡᠬᠢᠯᠡᠭᠦᠯᠦᠭᠰᠡᠨ ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠢᠢᠨ «ᠰᠤᠪᠢᠯᠠᠬᠤᠢ ᠢᠢᠨ ᠰᠤᠷᠭᠠᠯᠲᠠ᠂ ᠰᠤᠳᠤᠯᠭᠠᠨ ᠤ ᠲᠥᠪ» ᠤᠨ ᠪᠦᠲᠦᠭᠡᠨ ᠪᠠᠢᠢᠭᠤᠯᠤᠯᠲᠠ ᠣᠢᠢᠷ᠎ᠠ ᠢᠢᠨ ᠬᠤᠭᠤᠴᠠᠭᠠᠨ ᠳᠤ ᠳᠠᠭᠤᠰᠴᠤ᠂ ᠠᠰᠢᠭᠯᠠᠯᠲᠠ ᠳᠤ ᠣᠷᠤᠨ᠎ᠠ᠃
ᠡᠨᠡ ᠲᠥᠪ ᠣᠯᠠᠨ ᠤᠯᠤᠰ ᠤᠨ ᠰᠲ᠋ᠠᠨ᠋ᠳᠠᠷᠲ ᠳᠤ ᠨᠡᠢᠢᠴᠡᠭᠰᠡᠨ ᠰᠤᠷᠭᠠᠯᠲᠠ᠂ ᠰᠤᠳᠤᠯᠭᠠᠨ ᠤ ᠣᠷᠴᠢᠨ᠂ ᠰᠤᠪᠢᠯᠠᠬᠤᠢ ᠢᠢᠨ ᠲᠠᠰᠤᠷᠠᠯᠲᠠ ᠦᠭᠡᠢ ᠰᠤᠷᠭᠠᠯᠲᠠ᠂ ᠮᠡᠷᠭᠡᠵᠢᠯ ᠦᠨ ᠬᠥᠭ᠍ᠵᠢᠯ ᠦᠨ ᠲᠣᠭᠲᠠᠯᠴᠠᠭ᠎ᠠ᠂ ᠡᠮᠨᠡᠯ ᠵᠦᠢ ᠢᠢᠨ ᠤᠷ᠎ᠠ ᠴᠢᠳᠠᠪᠤᠷᠢ ᠢᠢᠨ ᠳᠠᠭᠤᠷᠢᠶᠠᠮᠠᠯ ᠣᠷᠴᠢᠨ ᠪᠦᠬᠦᠢ ᠦᠨᠡᠯᠡᠭᠡᠨ ᠦ ᠲᠥᠪ᠂ ᠮᠡᠷᠭᠡᠰᠢᠭᠦᠯᠬᠦ ᠴᠠᠬᠢᠮ ᠰᠤᠷᠭᠠᠯᠲᠠ ᠢᠢᠨ ᠲᠥᠪ ᠲᠡᠶ ᠪᠠᠢᠢᠬᠤ ᠶᠤᠮ᠃



ᠶᠡᠷᠦᠩᠬᠡᠢᠢᠯᠡᠭᠴᠢ ᠢᠢᠨ ᠵᠠᠷᠯᠢᠭ ᠤᠨ ᠳᠠᠭᠠᠭᠤ ᠤᠯᠠᠮᠵᠢᠯᠠᠯᠲᠤ ᠠᠨᠠᠭᠠᠬᠤ ᠤᠬᠠᠭᠠᠨ ᠤ ᠬᠥᠭ᠍ᠵᠢᠯ ᠦᠨ ᠠᠰᠠᠭᠤᠳᠠᠯ ᠢᠶᠠᠷ ᠲᠥᠷᠦ ᠢᠢᠨ ᠪᠣᠳᠤᠯᠭ᠎ᠠ ᠢᠢᠨ ᠤᠶᠠᠯᠳᠤᠭ᠎ᠠ ᠢᠢ ᠬᠠᠩ᠋ᠭᠠᠬᠤ ᠵᠣᠷᠢᠯᠭ᠎ᠠ ᠪᠠᠷ ᠶᠡᠷᠦᠩᠬᠡᠢ ᠰᠠᠢᠢᠳ ᠤᠨ ᠳᠡᠷᠭᠡᠳᠡ ᠦᠨᠳᠦᠰᠦᠨ ᠦ ᠵᠥᠪᠯᠡᠯ ᠪᠠᠢᠢᠭᠤᠯᠵᠤ᠂ ᠤᠯᠠᠮᠵᠢᠯᠠᠯᠲᠤ ᠠᠨᠠᠭᠠᠬᠤ ᠤᠬᠠᠭᠠᠨ ᠤ ᠠᠩᠬᠠᠳᠠᠭᠴᠢ ᠬᠠᠤᠯᠢ ᠢᠢᠨ ᠲᠥᠰᠦᠯ ᠪᠣᠯᠪᠠᠰᠤᠷᠠᠭᠤᠯᠵᠤ ᠪᠠᠢᠢᠨ᠎ᠠ᠃
ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠢᠢᠨ ᠬᠠᠷᠢᠶ᠎ᠠ «ᠡᠷᠬᠡᠰ» ᠤᠯᠠᠮᠵᠢᠯᠠᠯᠲᠤ ᠠᠨᠠᠭᠠᠬᠤ ᠢᠢᠨ ᠑᠐᠐ ᠣᠷᠤ ᠲᠠᠶ ᠰᠤᠪᠢᠯᠠᠯ ᠨᠢ ᠰᠤᠪᠢᠯᠠᠭᠴᠢ᠂ ᠡᠮᠨᠡᠯᠭᠡ ᠢᠢᠨ ᠮᠡᠷᠭᠡᠵᠢᠯᠲᠡᠨ ᠦ ᠳᠠᠳᠤᠯᠭ᠎ᠠ ᠢᠢᠨ ᠰᠠᠭᠤᠷᠢ ᠪᠠᠭᠠᠵᠠ ᠪᠣᠯᠬᠤ ᠲᠡᠳᠦᠢ ᠦᠭᠡᠢ ᠤᠯᠠᠮᠵᠢᠯᠠᠯᠲᠤ ᠠᠨᠠᠭᠠᠬᠤ ᠤᠬᠠᠭᠠᠨ ᠤ ᠲᠤᠰᠠᠯᠠᠮᠵᠢ᠂ ᠦᠢᠯᠡᠴᠢᠯᠡᠭᠡ ᠦᠵᠡᠭᠦᠯᠦᠨ᠎ᠡ᠃
ᠰᠢᠨ᠎ᠡ ᠬᠢᠴᠢᠶᠡᠯ ᠦᠨ ᠵᠢᠯ ᠡᠴᠡ ᠤᠯᠠᠮᠵᠢᠯᠠᠯᠲᠤ ᠠᠨᠠᠭᠠᠬᠤ ᠤᠬᠠᠭᠠᠨ ᠤ ᠱᠠᠪᠢ ᠰᠤᠷᠭᠠᠯᠲᠠ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠪᠠᠢᠢᠭᠤᠯᠬᠤ ᠪᠣᠯᠵᠠᠶ᠃
ᠶᠡᠷᠦᠩᠬᠡᠢᠢᠯᠡᠭᠴᠢ ᠵᠠᠬᠢᠷᠤᠮᠵᠢ ᠭᠠᠷᠭᠠᠨ ᠬᠠᠪᠤᠳᠠᠷ ᠤᠨ ᠤᠷᠢᠳᠴᠢᠯᠠᠨ ᠰᠡᠷᠭᠡᠢᠢᠯᠡᠯᠲᠡ᠂ ᠣᠨᠤᠰᠢᠯᠠᠭ᠎ᠠ᠂ ᠡᠮᠴᠢᠯᠡᠭᠡ᠂ ᠡᠷᠳᠡᠮ ᠰᠢᠨᠵᠢᠯᠡᠭᠡ ᠰᠤᠷᠭᠠᠯᠲᠠ ᠢᠢᠨ ᠴᠣᠭᠴᠠᠯᠠᠪᠤᠷᠢ ᠪᠦᠬᠦᠢ «ᠬᠠᠪᠤᠳᠠᠷ ᠰᠤᠳᠤᠯᠤᠯ ᠤᠨ ᠦᠨᠳᠦᠰᠦᠨ ᠦ ᠬᠣᠶᠠᠳ᠋ᠤᠭᠠᠷ ᠲᠥᠪ» ᠢ ᠪᠠᠢᠢᠭᠤᠯᠬᠤ ᠳᠤ ᠳᠡᠮᠵᠢᠯᠭᠡ ᠦᠵᠡᠭᠦᠯᠬᠦ ᠠᠵᠢᠯ ᠤᠨ ᠬᠡᠰᠡᠭ ᠠᠵᠢᠯᠯᠠᠭᠤᠯᠵᠤ ᠪᠠᠢᠢᠨ᠎ᠠ᠃
ᠲᠥᠷᠦ ᠢᠢᠨ ᠲᠡᠷᠢᠭᠦᠨ ᠦ ᠰᠠᠨᠠᠭᠠᠴᠢᠯᠠᠭ᠎ᠠ᠂ ᠳᠡᠮᠵᠢᠯᠭᠡ ᠪᠡᠷ ᠤᠯᠤᠰ ᠤᠨ ᠬᠣᠶᠠᠳ᠋ᠤᠭᠠᠷ ᠲᠥᠪ ᠡᠮᠨᠡᠯᠭᠡ ᠢᠢᠨ ᠡᠷᠬᠡᠲᠡᠨ ᠰᠢᠯᠵᠢᠭᠦᠯᠦᠨ ᠰᠠᠭᠤᠯᠭᠠᠬᠤ ᠲᠥᠪ ᠠᠰᠢᠭᠯᠠᠯᠲᠠ ᠳᠤ ᠣᠷᠤᠭᠰᠠᠨ ᠪᠣᠯ ᠤᠯᠠᠮᠵᠢᠯᠠᠯᠲᠤ ᠠᠨᠠᠭᠠᠬᠤ ᠤᠬᠠᠭᠠᠨ ᠤ ᠦᠨᠳᠦᠰᠦᠨ ᠦ ᠲᠥᠪ ᠦᠨ ᠪᠦᠲᠦᠭᠡᠨ ᠪᠠᠢᠢᠭᠤᠯᠤᠯᠲᠠ ᠢᠳᠡ ᠥᠷᠨᠢᠵᠦ ᠪᠠᠢᠢᠭ᠎ᠠ᠃
ᠬᠠᠩ᠋ᠭᠠᠢ ᠢᠢᠨ ᠪᠦᠰᠡ ᠢᠢᠨ ᠠᠢᠢᠮᠠᠭ ᠤᠳ ᠲᠤ ᠰᠤᠪᠢᠯᠠᠭᠴᠢ᠂ ᠡᠮᠨᠡᠯᠭᠡ ᠢᠢᠨ ᠮᠡᠷᠭᠡᠵᠢᠯᠲᠡᠨ ᠦ ᠳᠤᠲᠠᠭᠳᠠᠯ ᠢ ᠠᠷᠢᠯᠭᠠᠬᠤ ᠵᠣᠷᠢᠯᠭ᠎ᠠ ᠪᠠᠷ ᠶᠡᠷᠦᠩᠬᠡᠢᠢᠯᠡᠭᠴᠢ ᠢᠢᠨ ᠳᠡᠮᠵᠢᠯᠭᠡ ᠪᠡᠷ ᠠᠷᠤᠬᠠᠩ᠋ᠭᠠᠶ ᠠᠢᠢᠮᠠᠭ ᠲᠤ ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠢᠢᠨ «ᠰᠤᠪᠢᠯᠠᠬᠤᠢ ᠢᠢᠨ ᠰᠤᠷᠭᠠᠯᠲᠠ᠂ ᠡᠷᠳᠡᠮ ᠰᠢᠨᠵᠢᠯᠡᠭᠡ᠂ ᠡᠷᠡᠭᠦᠯ ᠮᠡᠨᠳᠦ ᠢᠢᠨ ᠲᠤᠰᠠᠯᠠᠮᠵᠢ᠂ ᠦᠢᠯᠡᠴᠢᠯᠡᠭᠡᠨ ᠦ ᠴᠣᠭᠴᠠᠯᠠᠪᠤᠷᠢ» ᠪᠠᠢᠢᠭᠤᠯᠤᠭᠰᠠᠨ᠃
ᠡᠨᠡ ᠴᠣᠭᠴᠠᠯᠠᠪᠤᠷᠢ ᠰᠤᠪᠢᠯᠠᠭᠴᠢ᠂ ᠤᠯᠠᠮᠵᠢᠯᠠᠯᠲᠤ ᠠᠨᠠᠭᠠᠬᠤ ᠢᠢᠨ ᠰᠤᠪᠢᠯᠠᠭᠴᠢ᠂ ᠡᠮ ᠨᠠᠢᠢᠷᠠᠭᠤᠯᠤᠭᠴᠢ᠂ ᠨᠢᠭᠤᠷ ᠠᠮᠠᠨ ᠤ ᠲᠧᠺᠨᠢᠭᠴᠢ᠂ ᠨᠢᠭᠤᠷ᠂ ᠠᠮᠠᠨ ᠤ ᠡᠷᠡᠭᠦᠯ ᠠᠬᠤᠢᠢᠴᠢ᠂ ᠡᠮᠨᠡᠯ ᠵᠦᠢ ᠢᠢᠨ ᠯᠠᠪᠣᠷᠠᠲ᠋ᠣᠷᠢ ᠢᠢᠨ ᠲᠧᠺᠨᠣᠯᠤᠭᠢᠴᠢ᠂ ᠳᠦᠷᠰᠦ ᠣᠨᠤᠰᠢᠯᠠᠭᠠᠨ ᠤ ᠲᠧᠺᠨᠢᠭᠴᠢ ᠪᠡᠯᠡᠳᠬᠡᠳᠡᠭ ᠶᠤᠮ᠃


ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠢᠢᠨ ᠨᠢᠭᠤᠷ᠂ ᠠᠮᠠ ᠰᠤᠳᠤᠯᠤᠯ ᠤᠨ ᠲᠥᠪ ᠡᠮᠨᠡᠯᠭᠡ ᠢᠢᠨ ᠰᠠᠯᠪᠤᠷᠢ ᠰᠢᠳᠦᠨ ᠦ ᠡᠮᠨᠡᠯᠭᠡ᠂ ᠮᠣᠩ᠋ᠭᠣᠯ ᠠᠨᠠᠭᠠᠬᠤ ᠤᠬᠠᠭᠠᠨ ᠤ ᠲᠥᠪ ᠡᠮᠨᠡᠯᠭᠡ ᠢᠢᠨ ᠰᠠᠯᠪᠤᠷᠢ᠂ ᠤᠯᠠᠮᠵᠢᠯᠠᠯᠲᠤ ᠠᠨᠠᠭᠠᠬᠤ ᠤᠬᠠᠭᠠᠨ ᠤ ᠻᠯᠢᠨᠢᠻ ᠬᠠᠩ᠋ᠭᠠᠢ ᠢᠢᠨ ᠪᠦᠰᠡ ᠢᠢᠨ ᠢᠷᠭᠡᠳ ᠲᠥ ᠲᠤᠰᠠᠯᠠᠮᠵᠢ᠂ ᠦᠢᠯᠡᠴᠢᠯᠡᠭᠡ ᠦᠵᠡᠭᠦᠯᠵᠦ ᠪᠠᠢᠢᠨ᠎ᠠ᠃
ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ ᠪᠠᠷ ᠑᠔᠐ ᠲᠡᠷᠪᠤᠮ ᠲᠥᠭᠦᠷᠢᠭ᠌ ᠦᠨ ᠬᠥᠷᠦᠩ᠋ᠭᠡ ᠣᠷᠤᠭᠤᠯᠤᠯᠲᠠ ᠪᠦᠬᠦᠢ ᠰᠢᠨᠵᠢᠯᠡᠬᠦ ᠤᠬᠠᠭᠠᠨ ᠤ ᠬᠦᠷᠢᠶᠡᠯᠡᠩ ᠦᠳ ᠦᠨ ᠴᠣᠭᠴᠠᠯᠠᠪᠤᠷᠢ ᠢᠢᠨ ᠪᠠᠷᠢᠯᠭ᠎ᠠ ᠢᠢ ᠤᠳᠠᠬᠤ ᠦᠭᠡᠢ ᠠᠰᠢᠭᠯᠠᠯᠲᠠ ᠳᠤ ᠬᠦᠯᠢᠶᠡᠨ ᠠᠪᠤᠨ᠎ᠠ᠃
᠒᠐᠒᠒ ᠣᠨ ᠳᠤ ᠶᠠᠫᠣᠨ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠦᠶ᠎ᠡ ᠪᠡᠷ ᠶᠠᠷᠢᠯᠴᠠᠵᠤ ᠲᠣᠬᠢᠷᠠᠯᠴᠠᠭᠰᠠᠨ ᠤ ᠳᠠᠭᠠᠭᠤ «ᠶᠠᠫᠣᠨ-ᠮᠣᠩ᠋ᠭᠣᠯ ᠤᠨ ᠰᠠᠰᠠᠻᠠᠸᠠ ᠲᠡᠳᠬᠦᠯᠭᠡᠲᠦ ᠬᠥᠲᠦᠯᠪᠦᠷᠢ» ᠊ᠳᠥ ᠬᠠᠮᠤᠷᠤᠭᠳᠠᠬᠤ ᠣᠷᠤᠨ ᠨᠤᠲᠤᠭ ᠤᠨ ᠑᠂᠐᠐᠐ ᠣᠶᠤᠲᠠᠨ ᠤ ᠡᠬᠢᠨ ᠦ ᠑᠐᠐ ᠨᠢ ᠠᠮᠵᠢᠯᠲᠠᠲᠠᠢ ᠰᠤᠷᠤᠯᠴᠠᠵᠤ ᠪᠠᠢᠢᠨ᠎ᠠ᠃ ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠡᠨᠡ ᠬᠥᠲᠦᠯᠪᠦᠷᠢ ᠢᠢᠨ ᠬᠦᠷᠢᠶᠡᠨ ᠳᠥ ᠡᠮᠨᠡᠯ ᠵᠦᠢ᠂ ᠨᠡᠢᠢᠲᠡ ᠢᠢᠨ ᠡᠷᠡᠭᠦᠯ ᠮᠡᠨᠳᠦ᠂ ᠬᠣᠭᠤᠯᠠ ᠵᠦᠢ ᠢᠢᠨ ᠴᠢᠭᠯᠡᠯ ᠢᠶᠡᠷ ᠳᠡᠭᠡᠳᠦ ᠪᠣᠯᠪᠠᠰᠤᠷᠠᠯ ᠲᠠᠶ ᠮᠡᠷᠭᠡᠵᠢᠯᠲᠡᠨ ᠪᠡᠯᠡᠳᠬᠡᠬᠦ ᠶᠤᠮ᠃
ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠡᠷᠡᠭᠦᠯ ᠮᠡᠨᠳᠦ ᠢᠢᠨ ᠰᠠᠯᠪᠤᠷᠢ ᠳᠤ ᠠᠵᠢᠯᠯᠠᠵᠤ ᠪᠤᠢ ᠨᠡᠢᠢᠲᠡ ᠡᠮᠴᠢ᠂ ᠰᠤᠪᠢᠯᠠᠭᠴᠢ᠂ ᠮᠡᠷᠭᠡᠵᠢᠯᠲᠡᠨ ᠦ ᠙᠓ ᠬᠤᠪᠢ ᠢᠢ ᠳᠠᠩ ᠢᠶᠠᠷ ᠢᠶᠠᠨ ᠪᠡᠯᠡᠳᠬᠡᠳᠡᠭ᠃
ᠪᠣᠯᠪᠠᠰᠤᠷᠠᠯ ᠤᠨ ᠶᠠᠮᠤᠨ᠂ ᠡᠷᠡᠭᠦᠯ ᠮᠡᠨᠳᠦ ᠢᠢᠨ ᠶᠠᠮᠤᠨ᠂ ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠤᠯᠠᠮᠵᠢᠯᠠᠯᠲᠤ ᠠᠨᠠᠭᠠᠬᠤ ᠤᠬᠠᠭᠠᠨ ᠢ ᠬᠥᠭ᠍ᠵᠢᠭᠦᠯᠬᠦ ᠡᠷᠬᠡ ᠵᠦᠢ ᠢᠢᠨ ᠣᠷᠴᠢᠨ ᠢ ᠪᠦᠷᠢᠳᠦᠭᠦᠯᠬᠦ᠂ ᠰᠤᠳᠤᠯᠭ᠎ᠠ᠂ ᠢᠨ᠋᠊᠊ᠨᠣᠸᠠᠼ ᠢ ᠡᠷᠴᠢᠮᠵᠢᠭᠦᠯᠬᠦ᠂ ᠰᠤᠷᠭᠠᠯᠲᠠ᠂ ᠬᠦᠮᠦᠨ ᠦ ᠨᠥᠭᠡᠴᠡ ᠪᠡᠯᠡᠳᠬᠡᠬᠦ᠂ ᠡᠮ ᠦᠨ ᠦᠢᠯᠡᠳᠪᠦᠷᠢᠯᠡᠯ᠂ ᠬᠠᠩ᠋ᠭᠠᠨ ᠨᠡᠢᠢᠯᠡᠭᠦᠯᠦᠯᠲᠡ ᠢᠢᠨ ᠲᠣᠭᠲᠠᠯᠴᠠᠭ᠎ᠠ ᠢᠢ ᠪᠦᠷᠢᠳᠦᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠲᠥᠯᠦᠪᠯᠡᠭᠰᠡᠨ ᠪᠠᠢᠢᠨ᠎ᠠ᠃



ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠮᠥᠨ ᠡᠳᠦᠷ ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠢᠢᠨ ᠬᠠᠷᠢᠶ᠎ᠠ ᠶᠡᠷᠦᠩᠬᠡᠢ ᠪᠣᠯᠪᠠᠰᠤᠷᠠᠯ ᠤᠨ ᠠᠬᠠᠯᠬᠤ ᠰᠤᠷᠭᠠᠭᠤᠯᠢ ᠢᠢᠨ ᠵᠥᠪᠯᠡᠬᠦ ᠪᠠᠭᠰᠢ᠂ ᠳ᠋ᠣᠻᠲ᠋ᠤᠷ᠂ ᠫᠷᠣᠹᠧᠰᠰᠤᠷ ᠨᠢᠩᠵᠠᠭᠠᠳᠠᠷ ᠤᠨ ᠳᠠᠸᠠᠰᠦ᠋ᠷᠦᠩ᠂ ᠮᠢᠻᠷᠣᠪᠢᠤᠯᠤᠭᠢ ᠢᠢᠨ ᠲᠢᠩᠬᠢᠮ ᠦᠨ ᠠᠬᠠᠮᠠᠳ ᠪᠠᠭᠰᠢ᠂ ᠫᠷᠣᠹᠧᠰᠰᠤᠷ ᠴᠡᠷᠢᠩᠳᠣᠷᠵᠢ ᠢᠢᠨ ᠳᠠᠭᠪᠠᠳᠣᠷᠵᠢ ᠨᠠᠷ ᠲᠤ ᠭᠠᠪᠢᠶᠠᠲᠤ ᠡᠮᠴᠢ᠂ ᠳᠣᠲᠤᠭᠠᠳᠤ ᠰᠢᠭᠦᠷᠡᠯ ᠰᠤᠳᠤᠯᠤᠯ ᠤᠨ ᠲᠢᠩᠬᠢᠮ ᠦᠨ ᠪᠠᠭᠰᠢ᠂ ᠮᠣᠩ᠋ᠭᠣᠯ-ᠶᠠᠫᠣᠨ ᠤ ᠡᠮᠨᠡᠯᠭᠡ ᠢᠢᠨ ᠵᠥᠪᠯᠡᠬᠦ ᠡᠮᠴᠢ᠂ ᠠᠨᠠᠭᠠᠬᠤ ᠤᠬᠠᠭᠠᠨ ᠤ ᠳ᠋ᠣᠻᠲ᠋ᠤᠷ᠂ ᠫᠷᠣᠹᠧᠰᠰᠤᠷ ᠬᠠᠰᠠᠭ ᠤᠨ ᠠᠯᠲᠠᠢᠢᠰᠠᠢᠢᠬᠠᠨ ᠳᠤ ᠬᠦᠮᠦᠨ ᠦ ᠭᠠᠪᠢᠶᠠᠲᠤ ᠡᠮᠴᠢ ᠴᠣᠯᠠ ᠬᠦᠷᠲᠡᠭᠡᠵᠦ᠂ ᠨᠡᠷ᠎ᠡ ᠪᠦᠬᠦᠢ ᠡᠷᠬᠢᠮ ᠦᠳ ᠢ ᠲᠥᠷᠦ ᠢᠢᠨ ᠳᠡᠭᠡᠳᠦ ᠣᠳᠤᠨ᠂ ᠮᠧᠳᠠᠯᠢ ᠪᠠᠷ ᠱᠠᠩᠨᠠᠯ᠎ᠠ᠃













