Та "Internet explorer"-ийн сүүлийн хувилбар болох "Microsoft edge"-г ашиглана уу

Хэрэв "Microsoft edge"-г татах бол энд дарж татаж авна уу

ᠬᠣᠺᠺᠠᠢᠢᠳᠣ‍ ‍-ᠮᠣᠩᠭ᠋ᠣᠯ ᠤᠨ ᠡᠳ᠋ ᠍ ᠦᠨ ᠵᠠᠰᠠᠭ ᠤᠨ ᠬᠠᠷᠢᠯᠴᠠᠭ᠎ᠠ ᠢᠢ ᠳᠡᠮᠵᠢᠬᠦ ᠨᠡᠢᠢᠭᠡᠮᠯᠢᠭ ᠦᠨ ᠲᠡᠷᠢᠭᠦᠨ ᠲᠠᠺᠧᠪᠧ ᠼᠦᠲᠣᠮᠦ ᠲᠡᠢ ᠠᠶᠠᠯᠠᠯ ᠵᠢᠭᠤᠯᠴᠢᠯᠠᠯ ᠤᠨ ᠠᠰᠠᠭᠤᠳᠠᠯ ᠢᠶᠠᠷ ᠶᠠᠷᠢᠯᠴᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠬᠣᠺᠺᠠᠢᠢᠳᠣ‍ ‍-ᠮᠣᠩᠭ᠋ᠣᠯ ᠤᠨ ᠡᠳ᠋ ᠍ ᠦᠨ ᠵᠠᠰᠠᠭ ᠤᠨ ᠬᠠᠷᠢᠯᠴᠠᠭ᠎ᠠ ᠢᠢ ᠳᠡᠮᠵᠢᠬᠦ ᠨᠡᠢᠢᠭᠡᠮᠯᠢᠭ᠌ ᠦᠨ ᠲᠡᠷᠢᠭᠦᠨ ᠲᠠᠺᠧᠪᠧ ᠼᠦᠲᠣᠮᠦ ᠢᠢ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠨᠣᠶᠠᠨ ᠲᠠᠺᠧᠪᠧ ᠼᠦᠲᠣᠮᠦ ᠠᠶᠠᠯᠠᠯ ᠵᠢᠭᠤᠯᠴᠢᠯᠠᠯ ᠢ ᠬᠥᠭ᠍ᠵᠢᠭᠦᠯᠬᠦ ᠠᠰᠠᠭᠤᠳᠠᠯ ᠳᠤ ᠣᠨᠴᠠᠭᠠᠢ ᠠᠩᠬᠠᠷᠴᠤ ᠳᠠᠬᠢᠨ ᠡᠨᠡ ᠰᠡᠳᠦᠪ ᠢᠶᠡᠷ ᠶᠠᠷᠢᠯᠴᠠᠬᠤ ᠪᠠᠷ ᠠᠭᠤᠯᠵᠠᠵᠤ ᠪᠠᠢᠢᠭ᠎ᠠ ᠳᠤ ᠪᠠᠨ ᠪᠠᠶᠠᠷᠲᠠᠢ ᠪᠠᠢᠢᠭ᠎ᠠ ᠪᠠᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠯᠡᠷᠬᠡᠢᠢᠯᠡᠭᠰᠡᠨ ᠶᠤᠮ᠃ ᠨᠣᠶᠠᠨ ᠲᠠᠺᠧᠪᠧ ᠼᠦᠲᠣᠮᠦ ᠮᠥᠨ ᠬᠣᠺᠺᠠᠢᠢᠳᠣ‍ ᠠᠷᠠᠯ ᠳᠤ ᠪᠣᠯᠤᠭᠰᠠᠨ ᠭᠠᠵᠠᠷ ᠬᠥᠳᠡᠯᠦᠯᠲᠡ᠂ ᠪᠠᠢᠢᠭᠠᠯᠢ ᠢᠢᠨ ᠭᠠᠮᠰᠢᠭ ᠲᠤ ᠶᠠᠪᠤᠳᠠᠯ ᠳᠤ ᠰᠠᠨᠠᠭ᠎ᠠ ᠵᠣᠪᠠᠨᠢᠵᠤ ᠪᠠᠢᠢᠭᠰᠠᠨ ᠳᠤ ᠲᠠᠯᠠᠷᠬᠠᠯ ᠢᠯᠡᠷᠬᠡᠢᠢᠯᠡᠵᠦ᠂ ᠬᠣᠺᠺᠠᠢᠢᠳᠣ‍ ᠨᠤᠲᠤᠭ ᠤᠨ ᠠᠷᠠᠳ ᠲᠦᠮᠡᠨ ᠦ ᠡᠮᠦᠨ᠎ᠡ ᠡᠴᠡ ᠮᠣᠩᠭ᠋ᠣᠯ ᠤᠯᠤᠰ ᠤᠨ ᠶᠡᠷᠦᠩᠬᠡᠢᠢᠯᠡᠭᠴᠢ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠯ᠎ᠡ᠃

 

ᠲᠡᠭᠦᠨᠴᠢᠯᠡᠨ ᠬᠣᠺᠺᠠᠢᠢᠳᠣ‍ ᠠᠷᠠᠯ ᠳᠤ ᠭᠠᠵᠠᠷ ᠬᠥᠳᠡᠯᠬᠦ ᠳᠥ ᠴᠠᠬᠢᠯᠭᠠᠨ ᠲᠠᠰᠤᠷᠠᠵᠤ᠂ ᠰᠥᠨᠢ ᠢᠢᠨ ᠲᠩᠷᠢ ᠳᠥ ᠮᠠᠰᠢ ᠣᠯᠠᠨ ᠣᠳᠣᠳ ᠲᠣᠳᠣ ᠬᠠᠷᠠᠭᠳᠠᠭᠰᠠᠨ ᠨᠢ ᠬᠣᠵᠢᠮ ᠮᠣᠩᠭ᠋ᠣᠯ ᠤᠨ ᠴᠡᠯᠮᠡᠭ ᠲᠩᠷᠢ ᠳᠥ ᠲᠦᠭᠡᠬᠦ ᠣᠳᠣᠳ ᠰᠢᠭ ᠰᠠᠨᠠᠭᠳᠠᠭᠰᠠᠨ ᠲᠠᠯ᠎ᠠ ᠪᠠᠷ ᠶᠠᠷᠢᠶ᠎ᠠ ᠳᠡᠯᠭᠡᠵᠦ᠂ ᠡᠨᠡ ᠨᠢ ᠬᠥᠳᠡᠭᠡ ᠠᠵᠤ ᠠᠬᠤᠢ᠂ ᠪᠠᠢᠢᠭᠠᠯᠢ ᠢᠢᠨ ᠦᠵᠡᠰᠬᠦᠯᠡᠩ ᠵᠡᠷᠭᠡ ᠲᠡᠢ ᠠᠳᠠᠯᠢ ᠮᠣᠩᠭ᠋ᠣᠯ ᠤᠨ ᠠᠶᠠᠯᠠᠯ ᠵᠢᠭᠤᠯᠴᠢᠯᠠᠯ ᠤᠨ ᠨᠢᠭᠡ ᠲᠣᠮᠣ ᠨᠥᠭᠡᠴᠡ ᠪᠠᠢᠢᠬᠤ ᠪᠣᠯᠤᠮᠵᠢ ᠲᠠᠢ ᠭᠡᠵᠦ ᠦᠵᠡᠵᠦ ᠪᠤᠢ ᠢᠢ ᠪᠠᠨ ᠢᠯᠡᠷᠬᠡᠢᠢᠯᠡᠭᠰᠡᠨ ᠶᠤᠮ᠃ ᠮᠥᠨ ᠮᠣᠩᠭ᠋ᠣᠯ ᠨᠢ ᠳᠡᠯᠡᠬᠡᠢ ᠳᠥ ᠬᠣᠪᠣᠷᠬᠠᠨ ᠠᠶᠠᠯᠠᠯ ᠵᠢᠭᠤᠯᠴᠢᠯᠠᠯ ᠤᠨ ᠨᠥᠭᠡᠴᠡ ᠲᠡᠢ ᠲᠤᠯᠠ ᠠᠶᠠᠯᠠᠯ᠂ ᠵᠢᠭᠤᠯᠴᠢᠯᠠᠯ ᠤᠨ ᠪᠣᠳᠣᠯᠭ᠎ᠠ ᠪᠠᠨ ᠬᠥᠭ᠍ᠵᠢᠭᠦᠯᠬᠦ᠂ ᠰᠢᠨ᠎ᠡ ᠨᠢᠰᠬᠦ ᠣᠩᠭ᠋ᠣᠴᠠᠨ ᠤ ᠪᠠᠭᠤᠳᠠᠯ ᠢᠶᠠᠨ ᠠᠯᠢ ᠪᠣᠯᠬᠤ ᠪᠣᠭᠣᠨᠢ ᠬᠤᠭᠤᠴᠠᠭᠠᠨ ᠳᠤ ᠠᠰᠢᠭᠯᠠᠯᠲᠠ ᠳᠤ ᠤᠷᠤᠭᠤᠯᠬᠤ ᠨᠢ ᠵᠢᠭᠤᠯᠴᠢᠨ ᠤ ᠲᠣᠭ᠎ᠠ ᠢᠢ ᠨᠡᠮᠡᠭᠳᠡᠭᠦᠯᠬᠦ ᠳᠥ ᠪᠣᠳᠠᠲᠤ ᠠᠯᠬᠤᠮ ᠪᠣᠯᠬᠤ ᠲᠠᠯ᠎ᠠ ᠪᠠᠷ ᠶᠠᠷᠢᠯᠴᠠᠪᠠ᠃

 

ᠮᠥᠨ ᠥᠨᠥ ᠢᠢᠨ ᠪᠠᠢᠢᠳᠠᠯ ᠢᠶᠠᠷ ᠬᠣᠺᠺᠠᠢᠢᠳᠣ‍ ᠨᠢ ᠣᠯᠠᠨ ᠮᠡᠷᠭᠡᠵᠢᠯ ᠢᠶᠡᠷ ᠤᠷ᠎ᠠ ᠴᠢᠳᠠᠪᠤᠷᠢ ᠢᠢᠨ ᠳᠠᠳᠤᠯᠭᠠᠵᠢᠭᠴᠢ ᠰᠤᠷᠭᠠᠳᠠᠭ ᠴᠤ ᠠᠶᠠᠯᠠᠯ ᠵᠢᠭᠤᠯᠴᠢᠯᠠᠯ ᠤᠨ ᠴᠢᠭᠯᠡᠯ ᠢᠶᠡᠷ ᠤᠷ᠎ᠠ ᠴᠢᠳᠠᠪᠤᠷᠢ ᠢᠢᠨ ᠳᠠᠳᠤᠯᠭ᠎ᠠ ᠣᠯᠭᠤᠳᠠᠭ ᠦᠭᠡᠢ ᠲᠤᠯᠠ ᠡᠨᠡ ᠴᠢᠭᠯᠡᠯ ᠢᠶᠡᠷ ᠬᠥᠲᠥᠯᠪᠦᠷᠢ ᠡᠬᠢᠯᠡᠭᠦᠯᠬᠦ ᠠᠵᠢᠯ ᠢ ᠬᠣᠶᠠᠷ ᠲᠠᠯ᠎ᠠ ᠡᠷᠴᠢᠮᠲᠡᠢ ᠠᠵᠢᠯ ᠬᠡᠷᠡᠭ ᠪᠣᠯᠭᠠᠬᠤ ᠠᠰᠠᠭᠤᠳᠠᠯ ᠢᠶᠠᠷ ᠶᠠᠷᠢᠯᠴᠠᠭᠰᠠᠨ ᠶᠤᠮ᠃ ᠮᠥᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠶᠠᠯᠠᠯ ᠵᠢᠭᠤᠯᠴᠢᠯᠠᠯ ᠤᠨ ᠰᠠᠯᠪᠤᠷᠢ ᠳᠤ ᠪᠠᠷᠢᠮᠲᠠᠯᠠᠵᠤ ᠪᠤᠢ ᠪᠣᠳᠣᠯᠭ᠎ᠠ ᠪᠠᠨ ᠲᠠᠨᠢᠯᠴᠠᠭᠤᠯᠵᠤ᠂ ᠠᠶᠠᠯᠠᠯ ᠵᠢᠭᠤᠯᠴᠢᠯᠠᠯ ᠥᠨᠳᠦᠷ ᠬᠥᠭ᠍ᠵᠢᠭᠰᠡᠨ ᠬᠣᠺᠺᠠᠢᠢᠳᠣ‍ ᠮᠤᠵᠢ ᠲᠠᠢ ᠬᠠᠮᠲᠤᠷᠠᠨ ᠬᠡᠷᠡᠭᠵᠢᠭᠦᠯᠬᠦ ᠪᠣᠯᠤᠮᠵᠢ ᠲᠠᠢ ᠠᠶᠠᠯᠠᠯ ᠵᠢᠭᠤᠯᠴᠢᠯᠠᠯ ᠤᠨ ᠲᠥᠰᠦᠯ᠂ ᠬᠥᠲᠦᠯᠪᠦᠷᠢ ᠨᠦᠭᠦᠳ ᠦᠨ ᠲᠠᠯ᠎ᠠ ᠪᠠᠷ ᠳᠡᠯᠭᠡᠷᠡᠩᠭᠦᠢ ᠶᠠᠷᠢᠯᠴᠠᠵᠤ᠂ ᠰᠠᠨᠠᠯ ᠰᠣᠯᠢᠯᠴᠠᠯ᠎ᠠ᠃