ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠤᠯ ᠤᠨ ᠣᠯᠠᠨ ᠨᠡᠢᠢᠲᠡ ᠢᠢᠨ ᠷᠠᠳᠢᠣ᠋ ᠲᠧᠯᠧᠸᠢᠽ ᠤᠨ ᠠᠯᠲᠠᠨ ᠰᠠᠩ ᠬᠥᠮᠦᠷᠭᠡ ᠢᠢ 4К᠂ ᠲᠣᠭᠠᠨ ᠰᠢᠰᠲ᠋ᠧᠮ ᠳᠥ ᠰᠢᠯᠵᠢᠭᠦᠯᠬᠦ ᠲᠥᠰᠦᠯ ᠦᠨ ᠨᠡᠭᠡᠭᠡᠯᠲᠡ ᠳᠥ ᠣᠷᠤᠯᠴᠠᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠥᠩ᠋ᠭᠡᠷᠡᠭᠰᠡᠨ ᠣᠨ ᠳᠤ ᠪᠦᠭᠦᠳᠡ ᠨᠠᠢᠢᠷᠠᠮᠳᠠᠬᠤ ᠲᠦᠷᠻ ᠤᠯᠤᠰ ᠲᠤ ᠲᠥᠷᠦ ᠢᠢᠨ ᠠᠢᠢᠯᠴᠢᠯᠠᠯ ᠬᠢᠬᠦ ᠦᠶ᠎ᠡ ᠪᠡᠷ ᠲᠠᠯ᠎ᠠ ᠨᠤᠭᠤᠳ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠑᠑ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠭᠰᠠᠨ᠃
ᠡᠭᠦᠨ ᠦ ᠨᠢᠭᠡ ᠨᠢ ᠮᠣᠩ᠋ᠭᠤᠯ ᠤᠨ ᠣᠯᠠᠨ ᠨᠡᠢᠢᠲᠡ ᠢᠢᠨ ᠷᠠᠳᠢᠣ᠋ ᠲᠧᠯᠧᠸᠢᠽ ᠤᠨ ᠳᠠᠭᠤᠤ᠂ ᠳᠦᠷᠰᠦ ᠢᠢᠨ ᠰᠠᠩ ᠬᠥᠮᠦᠷᠭᠡ ᠢᠢ ᠠᠨᠠᠯᠣᠭᠢ ᠰᠢᠰᠲ᠋ᠧᠮ ᠡᠴᠡ ᠲᠣᠭᠠᠨ ᠰᠢᠰᠲ᠋ᠧᠮ ᠳᠥ ᠰᠢᠯᠵᠢᠭᠦᠯᠬᠦ ᠲᠤᠬᠠᠢ ᠬᠠᠮᠲᠤ ᠢᠢᠨ ᠠᠵᠢᠯᠯᠠᠭᠠᠨ ᠤ ᠫᠷᠣᠲ᠋ᠤᠻᠤᠯ ᠪᠠᠢᠢᠭᠰᠠᠨ ᠶᠤᠮ᠃
4К᠂ ᠲᠣᠭᠠᠨ ᠰᠢᠰᠲ᠋ᠧᠮ ᠳᠥ ᠰᠢᠯᠵᠢᠭᠰᠡᠨ ᠢᠶᠡᠷ ᠠᠷᠬᠢᠸ ᠤᠨ ᠮᠠᠲ᠋ᠧᠷᠢᠶᠠᠯ ᠤᠳ ᠢ ᠳᠠᠭᠤᠤ᠂ ᠳᠦᠷᠦᠰᠦᠨ ᠦ ᠥᠨᠳᠦᠷ ᠴᠢᠨᠠᠷ ᠲᠠᠢ ᠰᠡᠷᠭᠦᠭᠡᠵᠦ᠂ ᠨᠡᠢᠢᠲᠡ ᠳᠥ ᠦᠵᠡᠭᠦᠯᠬᠦ᠂ ᠲᠦᠭᠡᠭᠡᠬᠦ᠂ ᠬᠤᠪᠢᠶᠠᠯᠴᠠᠬᠤ ᠪᠣᠯᠤᠮᠵᠢ ᠤᠯᠠᠮ ᠥᠷᠭᠡᠵᠢᠵᠦ ᠪᠠᠢᠢᠨ᠎ᠠ᠃
ᠲᠡᠦᠬᠡ᠂ ᠰᠣᠶᠤᠯ ᠤᠨ ᠦᠨᠡᠲᠦ ᠪᠠᠶᠠᠯᠢᠭ ᠤᠨ ᠰᠠᠩ ᠬᠥᠮᠦᠷᠭᠡ᠂ ᠦᠨᠳᠦᠰᠦᠲᠡᠨ ᠦ ᠣᠢ ᠰᠠᠨᠠᠮᠵᠢ ᠢᠢ ᠬᠠᠳᠠᠭᠠᠯᠠᠬᠤ᠂ ᠰᠣᠶᠤᠯ ᠤᠨ ᠪᠡᠶᠡᠲᠦ ᠪᠣᠯᠤᠨ ᠪᠡᠶᠡᠲᠦ ᠪᠤᠰᠤ ᠬᠣᠣᠰ ᠦᠭᠡᠢ ᠦᠨᠡᠲᠦ ᠥᠪ ᠢ ᠬᠠᠮᠠᠭᠠᠯᠠᠬᠤ ᠨᠢᠭᠡᠨ ᠰᠢᠨ᠎ᠡ ᠬᠠᠭᠤᠳᠠᠰᠤ ᠢᠢ ᠨᠡᠭᠡᠭᠡᠵᠦ ᠪᠠᠢᠢᠭᠠᠳ ᠶᠡᠷᠦᠩᠬᠡᠢᠢᠯᠡᠭᠴᠢ ᠪᠠᠶᠠᠷ ᠬᠦᠷᠭᠡᠯ᠎ᠡ᠃


ᠮᠥᠨ ᠡᠬᠡ ᠰᠣᠶᠤᠯ᠂ ᠲᠡᠦᠬᠡᠨ ᠥᠪ ᠢᠶᠡᠨ ᠨᠠᠨᠳᠢᠩᠨᠠᠨ ᠬᠠᠮᠠᠭᠠᠯᠠᠵᠤ᠂ ᠰᠠᠩ ᠬᠥᠮᠦᠷᠭᠡ ᠪᠡᠨ 4К᠂ ᠲᠣᠭᠠᠨ ᠰᠢᠰᠲ᠋ᠧᠮ ᠳᠥ ᠰᠢᠯᠵᠢᠭᠦᠯᠵᠦ ᠪᠤᠢ ᠮᠣᠩ᠋ᠭᠤᠯ ᠤᠨ ᠣᠯᠠᠨ ᠨᠡᠢᠢᠲᠡ ᠢᠢᠨ ᠷᠠᠳᠢᠣ᠋ ᠲᠧᠯᠧᠸᠢᠽ᠂ ᠬᠠᠮᠲᠤᠷᠠᠨ ᠠᠵᠢᠯᠯᠠᠵᠤ ᠪᠠᠢᠢᠭ᠎ᠠ ᠲᠦᠷᠻ ᠤᠨ ᠰᠣᠶᠤᠯ ᠤᠨ ᠶᠠᠮᠤᠨ ᠤ ᠬᠠᠷᠢᠶ᠎ᠠ ᠬᠠᠮᠲᠤ ᠢᠢᠨ ᠠᠵᠢᠯᠯᠠᠭ᠎ᠠ ᠵᠣᠬᠢᠴᠠᠭᠤᠯᠬᠤ ᠠᠭᠧᠨ᠋ᠲ᠋ᠯᠢᠭ᠂ «ᠲᠢ ᠠᠷ ᠲᠢ» ᠦᠨᠳᠦᠰᠦᠨ ᠦ ᠲᠧᠯᠧᠸᠢᠽ ᠦᠨ ᠻᠣᠷᠫᠤᠷᠠᠼᠢ ᠢᠢᠨ ᠬᠠᠮᠲᠤ ᠣᠯᠠᠨ ᠳᠤ ᠠᠮᠵᠢᠯᠲᠠ ᠬᠦᠰᠡᠯ᠎ᠡ᠃
ᠮᠣᠩ᠋ᠭᠤᠯ ᠤᠨ ᠣᠯᠠᠨ ᠨᠡᠢᠢᠲᠡ ᠢᠢᠨ ᠷᠠᠳᠢᠣ᠋ ᠲᠧᠯᠧᠸᠢᠽ ᠤᠨ ᠠᠯᠲᠠᠨ ᠰᠠᠩ ᠳᠤ ᠲᠡᠦᠬᠡ᠂ ᠥᠪ ᠰᠣᠶᠤᠯ᠂ ᠤᠯᠤᠰ ᠲᠥᠷᠦ᠂ ᠨᠡᠢᠢᠭᠡᠮ᠂ ᠡᠳ᠋ ᠦᠨ ᠵᠠᠰᠠᠭ ᠤᠨ ᠦᠢᠯᠡ ᠶᠠᠪᠤᠳᠠᠯ ᠤᠳ ᠤᠨ ᠲᠠᠯᠠᠭᠠᠷᠬᠢ ᠑᠕᠐ ᠮᠢᠩ᠋ᠭ᠎ᠠ ᠭᠠᠷᠤᠢ ᠪᠢᠴᠢᠯᠭᠡ᠂ ᠑᠖ ᠮᠢᠩ᠋ᠭ᠎ᠠ ᠣᠷᠴᠢᠮ ᠰᠣᠷᠢᠨᠵᠢᠨ ᠬᠠᠯᠢᠰᠤ ᠬᠠᠳᠠᠭᠠᠯᠠᠭᠳᠠᠵᠤ ᠪᠠᠢᠢᠨ᠎ᠠ᠃
















