ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠠᠴᠠ ᠭᠠᠳᠠᠭᠠᠳᠤ ᠢᠢᠨ ᠤᠯᠤᠰ ᠤᠳ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠᠷ ᠲᠤ ᠢᠲᠡᠬᠡᠮᠵᠢᠯᠡᠬᠦ ᠵᠢᠭᠤᠬᠤ ᠪᠢᠴᠢᠭ᠌ ᠢ ᠨᠢ ᠭᠠᠷᠳᠠᠭᠤᠯᠤᠯ᠎ᠠ᠃
ᠡᠯᠴᠢᠨ ᠰᠠᠢᠢᠳ ᠤᠳ ᠦᠨᠳᠦᠰᠦᠨ ᠦ ᠢᠵᠠᠭᠤᠷ ᠡᠷᠬᠡ ᠠᠰᠢᠭ ᠢᠶᠠᠨ ᠢᠮᠠᠭᠲᠠ ᠳᠡᠭᠡᠳᠦᠯᠡᠵᠦ᠂ ᠶᠣᠰᠤ ᠵᠦᠢ ᠲᠡᠶ᠂ ᠰᠠᠬᠢᠯᠭ᠎ᠠ᠂ ᠬᠠᠷᠢᠭᠤᠴᠠᠯᠭ᠎ᠠ ᠲᠠᠢ ᠪᠠᠢᠢᠬᠤ᠂ ᠰᠠᠭᠤᠭ᠎ᠠ ᠪᠣᠯᠤᠨ ᠲᠤᠬᠠᠢ ᠢᠢᠨ ᠪᠦᠰᠡ ᠨᠤᠲᠤᠭ ᠤᠨ ᠣᠷᠤᠨ ᠨᠤᠭᠤᠳ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ᠂ ᠬᠥᠷᠦᠩ᠋ᠭᠡ ᠣᠷᠤᠭᠤᠯᠤᠯᠲᠠ ᠲᠠᠲᠠᠬᠤ᠂ ᠡᠬᠡ ᠬᠡᠯᠡ᠂ ᠲᠡᠦᠬᠡ᠂ ᠰᠣᠶᠤᠯ᠂ ᠵᠠᠩ ᠵᠠᠩᠰᠢᠯ᠂ ᠤᠯᠠᠮᠵᠢᠯᠠᠯ ᠢᠶᠠᠨ ᠥᠪᠯᠡᠭᠦᠯᠬᠦ᠂ ᠲᠦᠭᠡᠭᠡᠨ ᠳᠡᠯᠭᠡᠷᠡᠭᠦᠯᠬᠦ᠂ ᠡᠬᠡ ᠣᠷᠤᠨ ᠢᠶᠠᠨ ᠰᠤᠷᠲᠠᠯᠴᠢᠯᠠᠨ ᠲᠠᠨᠢᠭᠤᠯᠬᠤ ᠵᠡᠷᠭᠡ ᠳᠥ ᠠᠩᠬᠠᠷᠴᠤ ᠠᠵᠢᠯᠯᠠᠬᠤ ᠢᠢ ᠡᠭᠦᠷᠭᠡ ᠪᠣᠯᠭᠠᠯ᠎ᠠ᠃
ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠᠷ:
- ᠮᠣᠩ᠋ᠭᠣᠯ ᠤᠯᠤᠰ ᠠᠴᠠ ᠶᠡᠬᠡ ᠪᠷᠢᠲ᠋ᠠᠨᠢ᠂ ᠤᠮᠠᠷᠠᠳᠤ ᠢᠷᠧᠯᠠᠨ᠋ᠳ᠋ ᠤᠨ ᠨᠢᠭᠡᠳᠦᠭᠰᠡᠨ ᠬᠠᠭᠠᠨᠲᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠪᠠᠲᠤᠰᠦ᠋ᠮᠪᠦᠷ ᠦᠨ ᠮᠥᠩᠬᠡᠵᠢᠨ᠂
- ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠯᠤᠪᠰᠠᠩᠵᠠᠪ ᠤᠨ ᠥᠯᠵᠡᠢᠢᠲᠦ᠂
- ᠮᠣᠩ᠋ᠭᠣᠯ ᠤᠯᠤᠰ ᠠᠴᠠ ᠲᠠᠢᠢᠯᠠᠨ᠋ᠳ᠋ ᠤᠨ ᠬᠠᠭᠠᠨᠲᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠸᠠᠱᠠ ᠢᠢᠨ ᠣᠭ᠍ᠶᠤ᠂
- ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠪᠧᠯᠠᠷᠦ᠋ᠰ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠤᠨᠠᠵᠠᠪ ᠤᠨ ᠪᠠᠢᠢᠭᠠᠯᠮᠠ







