ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠤᠪᠢ ᠢᠢᠨ ᠬᠡᠪᠰᠢᠯ ᠦᠨ ᠡᠷᠡᠭᠦᠯ ᠮᠡᠨᠳᠦ ᠢᠢᠨ ᠪᠠᠢᠢᠭᠤᠯᠤᠯᠭ᠎ᠠ᠂ ᠡᠷᠦᠬᠡ ᠢᠢᠨ ᠡᠷᠡᠭᠦᠯ ᠮᠡᠨᠳᠦ ᠢᠢᠨ ᠲᠥᠪ ᠦᠨ ᠡᠮᠴᠢ᠂ ᠠᠵᠢᠯᠯᠠᠭᠰᠠᠳ ᠲᠠᠢ ᠠᠭᠤᠯᠵᠠᠯ᠎ᠠ᠃
ᠴᠠᠷ ᠲᠠᠬᠤᠯ ᠤᠨ ᠦᠶ᠎ᠡ ᠳᠥ ᠠᠴᠢᠶᠠᠨ ᠤ ᠬᠦᠨᠳᠦ ᠢᠢ ᠡᠭᠦᠷᠦᠨ᠂ ᠣᠯᠠᠨ ᠮᠢᠩ᠋ᠭᠠᠨ ᠬᠦᠮᠦᠨ ᠢ ᠡᠮᠴᠢᠯᠠᠵᠦ᠂ ᠠᠮᠢ ᠨᠠᠰᠤ ᠢᠢ ᠠᠪᠤᠷᠠᠭᠰᠠᠨ ᠡᠷᠡᠭᠦᠯ ᠮᠡᠨᠳᠦ ᠢᠢᠨ ᠰᠠᠯᠪᠤᠷᠢ ᠢᠢᠨ ᠨᠡᠢᠢᠲᠡ ᠬᠠᠮᠲᠤ ᠣᠯᠠᠨ᠂ ᠭᠡᠷ ᠪᠦᠯᠢ ᠳᠥ ᠨᠢ ᠶᠡᠷᠦᠩᠬᠡᠢᠢᠯᠡᠭᠴᠢ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠲᠠᠯᠠᠷᠬᠠᠯ ᠢᠯᠡᠷᠬᠡᠢᠢᠯᠡᠯ᠎ᠡ᠃
ᠬᠦᠮᠦᠨ ᠠᠮᠠ ᠢᠢᠨ ᠡᠷᠡᠭᠦᠯ ᠮᠡᠨᠳᠦ ᠢᠢ ᠰᠠᠬᠢᠨ ᠬᠠᠮᠠᠭᠠᠯᠠᠬᠤ᠂ ᠲᠤᠰᠠᠯᠠᠮᠵᠢ᠂ ᠦᠢᠯᠡᠴᠢᠯᠡᠭᠡᠨ ᠦ ᠴᠢᠨᠠᠷ᠂ ᠬᠦᠷᠲᠡᠭᠡᠮᠵᠢ ᠢᠢ ᠳᠡᠭᠡᠭ᠍ᠰᠢᠯᠠᠭᠦᠯᠬᠦ᠂ ᠢᠷᠭᠡᠳ ᠦᠨ ᠡᠷᠡᠭᠦᠯ ᠮᠡᠨᠳᠦ ᠢᠢᠨ ᠪᠣᠯᠪᠠᠰᠤᠷᠠᠯ ᠢ ᠳᠡᠭᠡᠭ᠍ᠰᠢᠯᠠᠭᠦᠯᠬᠦ ᠵᠡᠷᠭᠡ ᠳᠥ ᠬᠤᠪᠢ ᠢᠢᠨ ᠬᠡᠪᠰᠢᠯ ᠦᠨ ᠡᠷᠡᠭᠦᠯ ᠮᠡᠨᠳᠦ ᠢᠢᠨ ᠪᠠᠢᠢᠭᠤᠯᠤᠯᠭ᠎ᠠ ᠨᠤᠭᠤᠳ᠂ ᠡᠷᠦᠬᠡ ᠢᠢᠨ ᠡᠷᠡᠭᠦᠯ ᠮᠡᠨᠳᠦ ᠢᠢᠨ ᠲᠥᠪ ᠦᠳ ᠦᠨ᠎ᠡ ᠲᠡᠶ ᠬᠤᠪᠢ ᠨᠡᠮᠡᠷᠢ ᠣᠷᠤᠭᠤᠯᠵᠤ ᠪᠠᠢᠢᠭ᠎ᠠ ᠢᠢ ᠶᠡᠷᠦᠩᠬᠡᠢᠢᠯᠡᠭᠴᠢ ᠲᠡᠮᠳᠡᠭᠯᠡᠯ᠎ᠡ᠃
ᠲᠡᠷᠡ ᠪᠡᠷ ᠥᠩ᠋ᠭᠡᠷᠡᠭᠰᠡᠨ ᠣᠨ ᠵᠢᠯ ᠦᠳ ᠲᠥ ᠬᠢᠭ᠍ᠰᠡᠨ ᠠᠵᠢᠯ᠂ ᠰᠠᠨᠠᠭᠠᠴᠢᠯᠠᠭᠰᠠᠨ ᠬᠥᠳᠡᠯᠭᠡᠭᠡᠨ᠂ ᠬᠥᠲᠦᠯᠪᠦᠷᠢ᠂ ᠭᠠᠳᠠᠭᠠᠳᠤ ᠬᠠᠷᠢᠯᠴᠠᠭ᠎ᠠ᠂ ᠨᠡᠢᠢᠭᠡᠮ᠂ ᠡᠳ᠋ ᠦᠨ ᠵᠠᠰᠠᠭ ᠤᠨ ᠪᠠᠢᠢᠳᠠᠯ ᠵᠡᠷᠭᠡ ᠢᠢᠨ ᠲᠠᠯ᠎ᠠ ᠪᠠᠷ ᠲᠣᠪᠴᠢ ᠲᠠᠨᠢᠯᠴᠠᠭᠤᠯᠤᠯ᠎ᠠ᠃
ᠬᠣᠭᠤᠷᠤᠨᠳᠤ ᠪᠠᠨ ᠬᠠᠷᠢᠯᠴᠠᠨ ᠤᠶᠠᠯᠳᠤᠭ᠎ᠠ ᠲᠠᠢ ᠬᠥᠳᠡᠯᠭᠡᠭᠡᠨ᠂ ᠬᠥᠲᠦᠯᠪᠦᠷᠢ᠂ ᠲᠡᠭᠦᠨ ᠦ ᠳᠣᠲᠤᠷ᠎ᠠ «ᠡᠷᠡᠭᠦᠯ ᠮᠣᠩ᠋ᠭᠤᠯ ᠬᠦᠮᠦᠨ» ᠬᠥᠳᠡᠯᠭᠡᠭᠡᠨ ᠢ ᠦᠷ᠎ᠡ ᠳ᠋ᠦᠩ ᠳᠥ ᠬᠦᠷᠭᠡᠬᠦ ᠳᠥ ᠡᠷᠡᠭᠦᠯ ᠮᠡᠨᠳᠦ ᠢᠢᠨ ᠰᠠᠯᠪᠤᠷᠢ᠂ ᠲᠡᠭᠦᠨ ᠦ ᠳᠣᠲᠤᠷ᠎ᠠ ᠬᠤᠪᠢ ᠢᠢᠨ ᠬᠡᠪᠰᠢᠯ ᠦᠨ ᠡᠷᠡᠭᠦᠯ ᠮᠡᠨᠳᠦ ᠢᠢᠨ ᠪᠠᠢᠢᠭᠤᠯᠤᠯᠭ᠎ᠠ᠂ ᠡᠷᠦᠬᠡ ᠢᠢᠨ ᠡᠮᠨᠡᠯᠭᠡ ᠨᠤᠭᠦᠳ ᠮᠠᠩᠯᠠᠢᠢᠯᠠᠬᠤ ᠡᠭᠦᠷᠭᠡ ᠲᠡᠶ ᠣᠷᠤᠯᠴᠠᠵᠤ ᠪᠠᠢᠢᠭ᠎ᠠ ᠢᠢ ᠣᠨᠴᠠᠯᠠᠯ᠎ᠠ᠃

ᠵᠠᠷᠢᠮ ᠲᠣᠮᠣᠬᠠᠨ ᠬᠤᠪᠢ ᠢᠢᠨ ᠡᠮᠨᠡᠯᠭᠡ ᠬᠠᠮᠤᠭ ᠤᠨ ᠰᠡᠭᠦᠯ ᠦᠨ ᠦᠶ᠎ᠡ ᠢᠢᠨ ᠳᠦᠷᠰᠦ ᠣᠨᠤᠰᠢᠯᠠᠭᠠᠨ ᠤ ᠳᠡᠪᠰᠢᠯᠲᠡᠲᠦ ᠲᠥᠬᠦᠭᠡᠷᠦᠮᠵᠢ ᠨᠡᠪᠲᠡᠷᠡᠭᠦᠯᠦᠨ᠂ ᠬᠠᠪᠤᠳᠠᠷ᠂ ᠵᠢᠷᠦᠬᠡ᠂ ᠰᠤᠳᠠᠰᠤ᠂ ᠮᠡᠳᠡᠷᠡᠯ ᠦᠨ ᠡᠪᠡᠳᠴᠢᠨ ᠢ ᠡᠷᠲᠡ ᠦᠶ᠎ᠡ ᠳᠥ ᠨᠢ ᠣᠨᠣᠰᠢᠯᠠᠵᠤ ᠪᠠᠢᠢᠨ᠎ᠠ᠃
ᠮᠥᠨ ᠳᠤᠷᠠᠨ ᠤ ᠪᠣᠯᠤᠨ ᠷᠣᠪᠤᠲ ᠤᠨ ᠲᠤᠰᠠᠯᠠᠮᠵᠢ ᠲᠠᠢ ᠮᠡᠰᠡ ᠵᠠᠰᠠᠯ ᠤᠨ ᠲᠧᠺᠨᠣᠯᠤᠭᠢ᠂ ᠬᠢᠮᠡᠯ ᠣᠶᠤᠨ ᠤᠬᠠᠭᠠᠨ ᠳᠤ ᠰᠠᠭᠤᠷᠢᠯᠠᠭᠰᠠᠨ ᠣᠨᠤᠰᠢᠯᠠᠭᠠᠨ ᠤ ᠰᠢᠰᠲ᠋ᠧᠮ᠂ ᠴᠠᠬᠢᠮ ᠡᠷᠡᠭᠦᠯ ᠮᠡᠨᠳᠦ ᠢᠢᠨ ᠨᠢᠭᠡᠳᠦᠭᠰᠡᠨ ᠫᠯᠠᠲ᠋ᠹᠣᠷᠮ ᠠᠰᠢᠭᠯᠠᠵᠤ ᠡᠬᠢᠯᠡᠵᠡᠶ᠃
ᠡᠮᠴᠢ᠂ ᠠᠵᠢᠯᠲᠠᠨ ᠤ ᠮᠡᠷᠭᠡᠵᠢᠯ ᠦᠨ ᠦᠨ᠎ᠡ ᠴᠡᠨ᠎ᠡ ᠢᠢ ᠨᠡᠮᠡᠭᠳᠡᠭᠦᠯᠬᠦ᠂ ᠨᠡᠢᠢᠭᠡᠮ ᠦᠨ ᠪᠠᠲᠤᠯᠠᠭ᠎ᠠ ᠢᠢ ᠰᠠᠢᠢᠵᠢᠷᠠᠭᠤᠯᠬᠤ᠂ ᠴᠠᠯᠢᠩ ᠬᠥᠯᠦᠰᠦ ᠢᠢ ᠨᠡᠮᠡᠬᠦ ᠴᠢᠭᠯᠡᠯ ᠢᠶᠡᠷ ᠶᠡᠷᠦᠩᠬᠡᠢᠢᠯᠡᠭᠴᠢ ᠪᠣᠳᠤᠯᠭ᠎ᠠ ᠢᠢᠨ ᠳᠡᠮᠵᠢᠯᠭᠡ ᠦᠵᠡᠭᠦᠯᠵᠦ ᠪᠠᠢᠢᠭ᠎ᠠ ᠢᠢ ᠡᠷᠡᠭᠦᠯ ᠮᠡᠨᠳᠦ ᠢᠢᠨ ᠰᠠᠢᠢᠳ ᠡ᠊·ᠪᠠᠲᠤᠱᠤᠭᠠᠷ ᠠ ᠬᠡᠯᠡᠯ᠎ᠡ᠃
ᠴᠢᠨᠠᠭᠰᠢᠳᠠ ᠮᠣᠩ᠋ᠭᠤᠯ ᠬᠦᠮᠦᠨ ᠡᠬᠡ ᠣᠷᠤᠨ ᠳᠤ ᠪᠠᠨ ᠳᠡᠯᠡᠬᠡᠢ ᠢᠢᠨ ᠲᠥᠪᠰᠢᠨ ᠦ ᠲᠤᠰᠠᠯᠠᠮᠵᠢ᠂ ᠦᠢᠯᠡᠴᠢᠯᠡᠭᠡ ᠠᠪᠳᠠᠭ ᠪᠣᠯᠬᠤ ᠢᠢᠨ ᠲᠥᠯᠦᠭᠡ ᠡᠷᠲᠡ ᠢᠯᠡᠷᠡᠭᠦᠯᠭᠡ᠂ ᠣᠨᠤᠰᠢᠯᠠᠭᠠᠨ ᠤ ᠬᠠᠮᠤᠷᠬᠤ ᠬᠦᠷᠢᠶ᠎ᠡ ᠢᠢ ᠲᠡᠯᠡᠵᠦ᠂ ᠳᠤᠮᠳᠠᠵᠢ ᠨᠠᠰᠤᠯᠠᠯᠲᠠ ᠢᠢ ᠤᠷᠲᠤᠰᠬᠠᠬᠤ ᠢᠢᠨ ᠲᠥᠯᠦᠭᠡ ᠬᠢᠴᠢᠶᠡᠨ ᠠᠵᠢᠯᠯᠠᠬᠤ ᠪᠠᠨ ᠢᠯᠡᠷᠬᠡᠢᠢᠯᠡᠯ᠎ᠡ᠃
ᠤᠯᠤᠰ ᠤᠨ ᠬᠡᠮᠵᠢᠶᠡᠨ ᠳᠥ ᠒᠒᠐ ᠭᠠᠷᠤᠢ ᠡᠷᠦᠬᠡ ᠢᠢᠨ ᠡᠷᠡᠭᠦᠯ ᠮᠡᠨᠳᠦ ᠢᠢᠨ ᠲᠥᠪ ᠨᠡᠢᠢᠲᠡ ᠬᠦᠮᠦᠨ ᠠᠮᠠ ᠢᠢᠨ ᠗᠐ ᠣᠷᠴᠢᠮ ᠬᠤᠪᠢ ᠪᠤᠶᠤ ᠒·᠒ ᠰᠠᠶ᠎ᠠ ᠭᠠᠷᠤᠢ ᠢᠷᠭᠡᠨ ᠳᠥ ᠡᠷᠡᠭᠦᠯ ᠮᠡᠨᠳᠦ ᠢᠢᠨ ᠠᠩᠬᠠᠨ ᠱᠠᠲᠤᠨ ᠤ ᠲᠤᠰᠠᠯᠠᠮᠵᠢ᠂ ᠦᠢᠯᠡᠴᠢᠯᠡᠭᠡ ᠬᠦᠷᠭᠡᠳᠡᠭ᠃
ᠲᠥᠪ ᠦᠳ ᠗ ᠰᠠᠶ᠎ᠠ ᠭᠠᠷᠤᠢ ᠦᠵᠡᠯᠭᠡ ᠬᠢᠵᠦ᠂ ᠨᠢᠭᠡ ᠢᠷᠭᠡᠨ ᠵᠢᠯ ᠳᠥ ᠳᠤᠮᠳᠠᠵᠢ ᠪᠠᠷ ᠓ ᠤᠳᠠᠭ᠎ᠠ ᠡᠷᠦᠬᠡ ᠢᠢᠨ ᠡᠮᠨᠡᠯᠭᠡ ᠡᠴᠡ ᠲᠤᠰᠠᠯᠠᠮᠵᠢ᠂ ᠦᠢᠯᠡᠴᠢᠯᠡᠭᠡ ᠠᠪᠳᠠᠭ ᠭᠡᠭ᠍ᠰᠡᠨ ᠰᠲ᠋ᠠᠲ᠋ᠢᠰᠲ᠋ᠢᠭ᠋ ᠭᠠᠷᠤᠭᠰᠠᠨ ᠪᠠᠢᠢᠨ᠎ᠠ᠃
ᠡᠨᠡ ᠨᠢ ᠡᠷᠦᠬᠡ ᠢᠢᠨ ᠡᠮᠨᠡᠯᠭᠡ ᠨᠤᠭᠦᠳ ᠢᠷᠭᠡᠳ ᠲᠡᠶ ᠬᠠᠮᠤᠭ ᠤᠨ ᠣᠢᠢᠷ᠎ᠠ ᠪᠠᠢᠢᠵᠤ᠂ ᠡᠷᠡᠭᠦᠯ ᠮᠡᠨᠳᠦ ᠢᠢ ᠨᠢ ᠬᠠᠮᠠᠭᠠᠯᠠᠬᠤ᠂ ᠡᠪᠡᠳᠴᠢᠨ ᠡᠴᠡ ᠤᠷᠢᠳᠴᠢᠯᠠᠨ ᠰᠡᠷᠭᠡᠢᠢᠯᠡᠬᠦ᠂ ᠡᠷᠲᠡ ᠢᠯᠡᠷᠡᠭᠦᠯᠭᠡ᠂ ᠬᠢᠨᠠᠯᠲᠠ᠂ ᠭᠡᠷ ᠦᠨ ᠲᠤᠰᠠᠯᠠᠮᠵᠢ᠂ ᠦᠢᠯᠡᠴᠢᠯᠡᠭᠡ ᠦᠵᠡᠭᠦᠯᠬᠦ ᠵᠡᠷᠭᠡ ᠪᠡᠷ ᠡᠳᠦᠷ ᠲᠤᠲᠤᠮ ᠤᠨ ᠠᠴᠢᠶᠠᠯᠠᠯ ᠢ ᠦᠷᠳᠡᠭ ᠭᠡᠭ᠍ᠰᠡᠨ ᠦᠭᠡ ᠶᠤᠮ᠃
ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠡᠮᠴᠢ᠂ ᠰᠤᠪᠢᠯᠠᠭᠴᠢ ᠨᠠᠷ ᠤᠯᠤᠰ ᠤᠨ ᠵᠥᠪᠯᠡᠭᠡᠨ ᠢᠶᠡᠨ ᠲᠣᠭᠲᠠᠮᠠᠯ ᠬᠢᠳᠡᠭ ᠪᠣᠯᠤᠭᠰᠠᠨ᠃
ᠲᠥᠷᠦ ᠢᠢᠨ ᠲᠡᠷᠢᠭᠦᠨ ᠰᠠᠨᠠᠭᠠᠴᠢᠯᠠᠭ᠎ᠠ ᠭᠠᠷᠭᠠᠨ᠂ ᠳᠡᠮᠵᠢᠯᠭᠡ ᠦᠵᠡᠭᠦᠯᠦᠭᠰᠡᠨ ᠢᠶᠡᠷ ᠤᠯᠤᠰ ᠤᠨ ᠬᠣᠶᠠᠳ᠋ᠤᠭᠠᠷ ᠲᠥᠪ ᠡᠮᠨᠡᠯᠭᠡ ᠢᠢᠨ ᠡᠷᠬᠡᠲᠡᠨ ᠰᠢᠯᠵᠢᠭᠦᠯᠦᠨ ᠰᠠᠭᠤᠯᠭᠠᠬᠤ ᠲᠥᠪ ᠠᠰᠢᠭᠯᠠᠯᠲᠠ ᠳᠤ ᠣᠷᠤᠭᠰᠠᠨ ᠪᠣᠯ ᠤᠳᠠᠬᠤ ᠦᠭᠡᠢ «ᠰᠤᠪᠢᠯᠠᠬᠤᠢ ᠢᠢᠨ ᠰᠤᠷᠭᠠᠯᠲᠠ᠂ ᠰᠤᠳᠤᠯᠭᠠᠨ ᠤ ᠲᠥᠪ»᠂ «ᠤᠯᠠᠮᠵᠢᠯᠠᠯᠲᠠ ᠠᠨᠠᠭᠠᠬᠤ ᠤᠬᠠᠭᠠᠨ ᠤ ᠦᠨᠳᠦᠰᠦᠨ ᠦ ᠲᠥᠪ» ᠤᠨ ᠪᠦᠲᠦᠭᠡᠨ ᠪᠠᠢᠢᠭᠤᠯᠤᠯᠲᠠ ᠳᠠᠭᠤᠰᠤᠨ᠎ᠠ᠃
ᠶᠡᠷᠦᠩᠬᠡᠢᠢᠯᠡᠭᠴᠢ ᠮᠥᠨ «ᠬᠠᠪᠤᠳᠠᠷ ᠰᠤᠳᠤᠯᠤᠯ ᠤᠨ ᠦᠨᠳᠦᠰᠦᠨ ᠦ ᠬᠣᠶᠠᠳ᠋ᠤᠭᠠᠷ ᠲᠥᠪ» ᠊ᠢ ᠪᠠᠢᠢᠭᠤᠯᠬᠤ ᠳᠤ ᠳᠡᠮᠵᠢᠯᠭᠡ ᠦᠵᠡᠭᠦᠯᠬᠦ ᠠᠵᠢᠯ ᠤᠨ ᠬᠡᠰᠡᠭ ᠠᠵᠢᠯᠯᠠᠭᠤᠯᠵᠤ᠂ ᠤᠯᠠᠮᠵᠢᠯᠠᠯᠲᠤ ᠠᠨᠠᠭᠠᠬᠤ ᠤᠬᠠᠭᠠᠨ ᠢ ᠬᠥᠭ᠍ᠵᠢᠭᠦᠯᠬᠦ ᠵᠠᠷᠯᠢᠭ ᠭᠠᠷᠭᠠᠨ ᠬᠡᠷᠡᠭᠵᠢᠭᠦᠯᠵᠦ ᠪᠠᠢᠢᠨ᠎ᠠ᠃
ᠤᠯᠤᠰ ᠤᠨ ᠬᠡᠮᠵᠢᠶᠡᠨ ᠳᠥ ᠡᠷᠡᠭᠦᠯ ᠮᠡᠨᠳᠦ ᠢᠢᠨ ᠔᠂᠙᠐᠐ ᠭᠠᠷᠤᠢ ᠪᠠᠢᠢᠭᠤᠯᠤᠯᠭ᠎ᠠ ᠳᠤ ᠖᠗ ᠮᠢᠩ᠋ᠭ᠎ᠠ ᠭᠠᠷᠤᠢ ᠬᠦᠮᠦᠨ ᠠᠵᠢᠯᠯᠠᠵᠤ᠂ ᠢᠷᠭᠡᠳ ᠲᠥ ᠡᠷᠡᠭᠦᠯ ᠮᠡᠨᠳᠦ ᠢᠢᠨ ᠲᠤᠰᠠᠯᠠᠮᠵᠢ᠂ ᠦᠢᠯᠡᠴᠢᠯᠡᠭᠡ ᠦᠵᠡᠭᠦᠯᠳᠡᠭ᠃ ᠨᠡᠢᠢᠲᠡ ᠠᠵᠢᠯᠯᠠᠭᠰᠠᠳ ᠤᠨ ᠔᠓ ᠬᠤᠪᠢ ᠨᠢ ᠬᠤᠪᠢ ᠢᠢᠨ ᠬᠡᠪᠰᠢᠯ ᠦᠨ ᠬᠢ ᠶᠤᠮ᠃
ᠶᠡᠷᠦᠩᠬᠡᠢᠢᠯᠡᠭᠴᠢ «ᠤᠯᠠᠭᠠᠨᠪᠠᠭᠠᠲᠤᠷ ᠰᠣᠩᠳᠤ᠋» ᠡᠮᠨᠡᠯᠭᠡ ᠢᠢᠨ ᠤᠷᠢᠳᠴᠢᠯᠠᠨ ᠰᠡᠷᠭᠡᠢᠢᠯᠡᠬᠦ ᠪᠠᠭᠴᠠ ᠰᠢᠨᠵᠢᠯᠡᠭᠡᠨ ᠦ ᠲᠠᠰᠤᠭ ᠤᠨ ᠡᠷᠬᠢᠯᠡᠭᠴᠢ᠂ ᠵᠥᠪᠯᠡᠬᠦ ᠵᠡᠷᠭᠡ ᠢᠢᠨ ᠡᠮᠴᠢ ᠨᠠᠮᠨᠠᠩ ᠤᠨ ᠨᠠᠷᠢᠶ ᠠ᠂ ᠬᠥᠪᠰᠦᠭᠦᠯ ᠠᠢᠢᠮᠠᠭ ᠤᠨ «ᠬᠥᠪᠰᠦᠭᠦᠯ ᠭᠤᠷᠪᠠᠨ ᠭᠠᠯ» ᠡᠷᠦᠬᠡ ᠢᠢᠨ ᠡᠷᠡᠭᠦᠯ ᠮᠡᠨᠳᠦ ᠢᠢᠨ ᠲᠥᠪ ᠦᠨ ᠳᠠᠷᠤᠭ᠎ᠠ᠂ ᠻᠯᠢᠨᠢᠻ ᠦᠨ ᠫᠷᠣᠹᠧᠰᠰᠤᠷ ᠵᠦᠭᠳᠣᠷ ᠦᠨ ᠰᠦᠩᠵᠢᠳᠮ᠎ᠠ ᠨᠠᠷ ᠲᠤ ᠬᠦᠮᠦᠨ ᠦ ᠭᠠᠪᠢᠶᠠᠲᠤ ᠡᠮᠴᠢ᠂ «ᠥᠨᠦᠯᠠᠪ» ᠯᠠᠪᠣᠷᠠᠲ᠋ᠣᠷᠢ ᠢᠢᠨ ᠵᠥᠪᠯᠡᠬᠦ ᠡᠮᠴᠢ᠂ ᠠᠨᠠᠭᠠᠬᠤ ᠤᠬᠠᠭᠠᠨ ᠤ ᠳ᠋ᠣᠻᠲ᠋ᠤᠷ᠂ ᠳᠡᠳ᠋ ᠫᠷᠣᠹᠧᠰᠰᠤᠷ ᠸᠠᠩᠴᠤᠭ ᠤᠨ ᠬᠠᠳᠠᠬᠦ᠋ᠦ ᠳᠥ ᠡᠷᠡᠭᠦᠯ ᠢ ᠬᠠᠮᠠᠭᠠᠯᠠᠬᠤ ᠢᠢᠨ ᠭᠠᠪᠢᠶᠠᠲᠤ ᠠᠵᠢᠯᠲᠠᠨ ᠴᠣᠯᠠ ᠬᠦᠷᠲᠡᠭᠡᠯ᠎ᠡ᠃
ᠮᠥᠨ ᠨᠡᠷ᠎ᠡ ᠪᠦᠬᠦᠢ ᠡᠷᠬᠢᠮ ᠦᠳ ᠢ ᠲᠥᠷᠦ ᠢᠢᠨ ᠳᠡᠭᠡᠳᠦ ᠣᠳᠤᠨ᠂ ᠮᠧᠳᠠᠯᠢ ᠪᠠᠷ ᠱᠠᠩᠨᠠᠯ᠎ᠠ᠃








