ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 2018 ᠣᠨ ᠤ ᠶᠢᠰᠦᠳᠦᠭᠡᠷ ᠰᠠᠷ᠎ᠠ ᠢᠢᠨ 23᠂ 24 ᠍ ᠦ ᠡᠳᠦᠷ ᠦᠳ ᠲᠥ 《ᠲᠠᠷᠢᠬᠢ ᠰᠤᠳᠤᠯᠤᠯ-XXI ᠵᠠᠭᠤᠨ》 ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠢ ᠤᠯᠠᠭᠠᠨᠪᠠᠭᠠᠲᠤᠷ ᠬᠣᠲᠠ ᠳᠤ ᠵᠣᠬᠢᠶᠠᠨ ᠪᠠᠢᠢᠭᠤᠯᠬᠤ ᠭᠡᠵᠦ ᠪᠠᠢᠢᠨ᠎ᠠ᠃ ᠡᠨᠡ ᠠᠭᠤᠯᠵᠠᠯᠲᠠ ᠳᠤ ᠣᠷᠣᠯᠴᠠᠬᠤ ᠪᠠᠷ ᠮᠣᠩᠭ᠋ᠣᠯ ᠤᠯᠤᠰ ᠲᠤ ᠢᠷᠡᠭᠰᠡᠨ ᠣᠯᠠᠨ ᠤᠯᠤᠰ ᠤᠨ ᠲᠠᠷᠢᠬᠢ ᠰᠤᠳᠤᠯᠤᠯ ᠤᠨ ᠡᠷᠳᠡᠮᠲᠡᠳ ᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠥᠨᠥᠳᠥᠷ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠳᠤ ᠳᠡᠯᠡᠬᠡᠢ ᠢᠢᠨ ᠲᠠᠷᠢᠬᠢ ᠰᠤᠳᠤᠯᠤᠯ ᠤᠨ ᠪᠠᠢᠢᠭᠤᠯᠤᠯᠭ᠎ᠠ ᠢᠢᠨ (IBRO) ᠶᠡᠷᠦᠩᠬᠡᠢᠢᠯᠡᠭᠴᠢ ᠫᠢᠶᠧᠷ ᠮᠠᠭᠢᠰᠲ᠋ᠷᠧᠲ᠋ᠲ᠋ᠢ᠂ ᠭᠦᠢᠴᠡᠳᠭᠡᠬᠦ ᠵᠠᠬᠢᠷᠤᠯ ᠰᠲ᠋ᠧᠹᠠᠨᠢ ᠳ᠋ᠧ ᠯᠠ ᠷᠣᠱᠧᠹᠦᠺᠣᠦ᠂ 《ᠨᠧᠢᠷᠣᠰᠠᠢᠢᠨ᠋ᠰ》 ᠣᠯᠠᠨ ᠤᠯᠤᠰ ᠤᠨ ᠡᠷᠳᠡᠮ ᠰᠢᠨᠵᠢᠯᠡᠭᠡᠨ ᠦ ᠰᠡᠳᠬᠦᠯ ᠦᠨ ᠶᠡᠷᠦᠩᠬᠡᠢ ᠷᠧᠳᠠᠺᠲ᠋ᠣᠷ ᠬᠤᠢᠸᠠᠨ ᠯᠧᠷᠮᠠ᠂ ᠶᠠᠫᠣᠨ ᠤ ᠲᠠᠷᠢᠬᠢ ᠰᠤᠳᠤᠯᠤᠯ ᠤᠨ ᠬᠦᠷᠢᠶᠡᠯᠡᠩ ᠦᠨ ᠡᠷᠳᠡᠮᠲᠡᠨ ᠲᠣᠮᠣᠮᠢ ᠰᠢᠮᠣᠭᠣᠷᠢ ᠨᠠᠷ ᠤᠨ ᠬᠦᠨᠳᠦᠲᠦ ᠵᠣᠴᠢᠳ᠂ ᠮᠣᠩᠭ᠋ᠣᠯ ᠤᠨ ᠲᠠᠯ᠎ᠠ ᠠᠴᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠣᠷᠣᠨ ᠲᠣᠭᠠᠨ ᠤ ᠪᠤᠰᠤ ᠵᠦᠪᠯᠡᠬᠦ ᠵ ∙ ᠠᠮᠤᠷᠰᠠᠨᠠᠭ᠎ᠠ᠂ ᠮᠣᠩᠭ᠋ᠣᠯ ᠤᠨ ᠨᠧᠢᠷᠣᠰᠠᠢᠢᠨᠰ ᠤᠨ ᠨᠡᠢᠢᠭᠡᠮᠯᠢᠭ᠌ ᠦᠨ ᠲᠡᠷᠢᠭᠦᠨ ᠯ ∙ ᠪᠠᠲᠤᠲᠦᠪᠰᠢᠨ ᠵᠡᠷᠭᠡ ᠬᠦᠮᠦᠰ ᠤᠷᠤᠯᠴᠠᠪᠠ᠃
ᠠᠭᠤᠯᠵᠠᠯᠲᠠ ᠢᠢᠨ ᠦᠶ᠎ᠡ ᠪᠡᠷ ᠮᠣᠩᠭ᠋ᠣᠯ ᠳᠤ ᠲᠠᠷᠢᠬᠢ ᠰᠤᠳᠤᠯᠤᠯ ᠤᠨ ᠴᠢᠭᠯᠡᠯ ᠢᠶᠡᠷ ᠣᠯᠠᠨ ᠤᠯᠤᠰ ᠤᠨ ᠡᠷᠳᠡᠮᠲᠡᠳ ᠲᠡᠢ ᠬᠠᠮᠲᠤᠷᠠᠨ ᠠᠵᠢᠯᠯᠠᠬᠤ ᠪᠣᠯᠤᠮᠵᠢ ᠨᠤᠭᠤᠳ᠂ ᠬᠡᠷᠡᠭᠵᠢᠭᠦᠯᠵᠦ ᠪᠣᠯᠬᠤ ᠵᠠᠷᠢᠮ ᠰᠤᠳᠤᠯᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠬᠤᠷᠠᠯ ᠤᠨ ᠦᠢᠯᠡ ᠠᠵᠢᠯᠯᠠᠭᠠᠨ ᠳᠤ ᠠᠮᠵᠢᠯᠲᠠ ᠬᠦᠰᠡᠭᠡᠳ᠂ ᠮᠣᠩᠭ᠋ᠣᠯ ᠤᠯᠤᠰ ᠴᠢᠨᠠᠭᠰᠢᠳᠠ ᠲᠠᠷᠢᠬᠢ ᠰᠤᠳᠤᠯᠤᠯ ᠤᠨ ᠴᠢᠭᠯᠡᠯ ᠢᠶᠡᠷ ᠢᠳᠡᠪᠬᠢᠲᠡᠢ ᠠᠵᠢᠯᠯᠠᠬᠤ ᠬᠡᠷᠡᠭᠲᠡᠢ ᠢᠢ ᠲᠡᠮᠳᠡᠭᠯᠡᠪᠡ᠃