Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠨᠣᠪᠧᠯ ᠤᠨ ᠱᠠᠩᠨᠠᠯᠲᠠᠨ ᠤ ᠡᠷᠳᠡᠮ ᠰᠢᠨᠵᠢᠯᠡᠭᠡᠨ ᠦ ᠬᠤᠷᠠᠯ ᠢ ᠬᠠᠭᠠᠵᠤ ᠦᠭᠡ ᠬᠡᠯᠡᠪᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠤᠭᠳᠠᠭᠰᠠᠨ 《ᠲᠠᠷᠢᠬᠢ ᠰᠤᠳᠤᠯᠤᠯ-XXI ᠵᠠᠭᠤᠨ》 ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠥᠨᠥᠳᠥᠷ ᠲᠥᠷᠥ ᠢᠢᠨ ᠣᠷᠳᠣᠨ ᠤ ᠶᠡᠬᠡ ᠲᠠᠩᠬᠢᠮ ᠳᠤ ᠪᠣᠯᠵᠤ ᠥᠨᠳᠥᠷᠯᠡᠯ᠎ᠡ᠃

 

ᠡᠷᠳᠡᠮ ᠰᠢᠨᠵᠢᠯᠡᠭᠡᠨ ᠦ ᠬᠤᠷᠠᠯ ᠳᠤ ᠨᠣᠪᠧᠯ ᠤᠨ ᠱᠠᠩᠨᠠᠯᠲᠤ᠂ ᠨᠣᠷᠸᠧᠭᠢ ᠤᠯᠤᠰ ᠤᠨ ᠡᠷᠳᠡᠮᠲᠡᠨ᠂ ᠲᠠᠷᠢᠬᠢ ᠰᠤᠳᠤᠯᠤᠭᠠᠴᠢ᠂ ᠳ᠋ᠣᠺᠲ᠋ᠣᠷ᠂ ᠫᠷᠣᠹᠧᠰᠰᠣᠷ ᠡᠧᠳ᠋ᠤᠢᠠᠷᠳ᠋ ᠮᠣᠽᠧᠷ᠂ ᠳᠡᠯᠡᠬᠡᠢ ᠢᠢᠨ ᠲᠠᠷᠢᠬᠢ ᠰᠤᠳᠤᠯᠤᠯ ᠤᠨ ᠪᠠᠢᠢᠭᠤᠯᠤᠯᠭ᠎ᠠ ᠢᠢᠨ ᠶᠡᠷᠦᠩᠬᠡᠢᠢᠯᠡᠭᠴᠢ ᠫᠢᠶᠧᠷ ᠮᠠᠭᠢᠰᠲ᠋ᠷᠧᠲ᠋ᠲ᠋ᠢ᠂ 《ᠨᠧᠢᠷᠣᠰᠠᠢᠢᠨ᠋ᠰ》 ᠣᠯᠠᠨ ᠤᠯᠤᠰ ᠤᠨ ᠡᠷᠳᠡᠮ ᠰᠢᠨᠵᠢᠯᠡᠭᠡᠨ ᠦ ᠰᠡᠳᠬᠦᠯ ᠦᠨ ᠶᠡᠷᠦᠩᠬᠡᠢ ᠷᠧᠳᠠᠺᠲ᠋ᠣᠷ ᠬᠤᠢᠸᠠᠨ ᠯᠧᠷᠮᠠ ᠪᠣᠯᠤᠨ ᠳᠡᠯᠡᠬᠡᠢ ᠢᠢᠨ 11 ᠣᠷᠣᠨ ᠤ 30 ᠭᠠᠷᠤᠢ ᠰᠢᠯᠢᠳᠡᠭ ᠲᠠᠷᠢᠬᠢ ᠰᠤᠳᠤᠯᠤᠭᠠᠴᠢ ᠡᠷᠳᠡᠮᠲᠡᠨ ᠣᠷᠣᠯᠴᠠᠵᠤ᠂ ᠯᠧᠺᠼᠢ ᠤᠩᠰᠢᠭᠰᠠᠨ ᠶᠤᠮ᠃

 

ᠡᠷᠳᠡᠮ ᠰᠢᠨᠵᠢᠯᠡᠭᠡᠨ ᠦ ᠬᠤᠷᠠᠯ ᠤᠨ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠮᠣᠩᠭ᠋ᠣᠯ ᠤᠯᠤᠰ ᠲᠤ ᠲᠠᠷᠢᠬᠢ ᠰᠤᠳᠤᠯᠤᠯ ᠤᠨ ᠰᠢᠨᠵᠢᠯᠡᠬᠦ ᠤᠬᠠᠭᠠᠨ ᠢ ᠬᠥᠭ᠍ᠵᠢᠭᠦᠯᠬᠦ ᠳᠥ ᠦᠨᠡᠲᠡᠢ ᠬᠤᠪᠢ ᠨᠡᠮᠡᠷᠢ ᠣᠷᠣᠭᠤᠯᠤᠭᠰᠠᠨ᠂ ᠬᠦᠷᠦᠯᠴᠡᠨ ᠢᠷᠡᠭᠰᠡᠨ ᠬᠦᠨᠳᠦᠳ ᠵᠣᠴᠢᠳ᠂ ᠢᠯᠡᠳᠬᠡᠭ᠍ᠴᠢᠳ ᠲᠥ ᠲᠠᠯᠠᠷᠬᠠᠯ ᠢᠯᠡᠷᠬᠡᠢᠢᠯᠡᠵᠦ᠂ ᠦᠭᠡ ᠬᠡᠯᠡᠭᠰᠡᠨ ᠶᠤᠮ᠃