ᠪᠦᠭᠦᠳᠡ ᠨᠠᠢᠢᠷᠠᠮᠳᠠᠬᠤ ᠠᠽᠧᠷᠪᠠᠢᠢᠵᠠᠨ ᠤᠯᠤᠰ ᠲᠤ ᠠᠵᠢᠯ ᠤᠨ ᠠᠢᠢᠯᠴᠢᠯᠠᠯ ᠬᠢᠵᠦ ᠪᠠᠢᠢᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠪᠡᠶ᠎ᠡ ᠳᠠᠭᠠᠭᠠᠭᠰᠠᠨ ᠪᠠᠶᠠᠯᠢᠭ ᠤᠨ ᠰᠠᠩ ᠪᠣᠯᠬᠤ ᠤᠯᠤᠰ ᠤᠨ ᠭᠠᠵᠠᠷ ᠤᠨ ᠲᠣᠰᠤᠨ ᠤ ᠰᠠᠩ ᠳᠤ ᠵᠣᠴᠢᠯᠠᠵᠤ᠂ ᠦᠢᠯᠡ ᠠᠵᠢᠯᠯᠠᠭ᠎ᠠ ᠲᠠᠢ ᠨᠢ ᠲᠠᠨᠢᠯᠴᠠᠯ᠎ᠠ᠃
1999 ᠣᠨ ᠳᠤ ᠪᠠᠢᠢᠭᠤᠯᠤᠭᠳᠠᠭᠰᠠᠨ ᠠᠽᠧᠷᠪᠠᠢᠢᠵᠠᠨ ᠤ ᠤᠯᠤᠰ ᠤᠨ ᠭᠠᠵᠠᠷ ᠤᠨ ᠲᠣᠰᠤᠨ ᠤ ᠰᠠᠩ ᠨᠢ ᠨᠧᠹᠲ᠂ ᠪᠠᠢᠢᠭᠠᠯᠢ ᠢᠢᠨ ᠬᠡᠢ ᠢᠢᠨ ᠰᠠᠯᠪᠤᠷᠢ ᠠᠴᠠ ᠣᠯᠤᠭᠰᠠᠨ ᠣᠷᠣᠯᠭ᠎ᠠ ᠢᠢ ᠲᠥᠪᠯᠡᠷᠡᠭᠦᠯᠵᠦ᠂ ᠢᠷᠡᠭᠡᠳᠦᠢ ᠳᠥ ᠦᠷ᠎ᠡ ᠠᠰᠢᠭ ᠲᠠᠢ ᠪᠠᠷ ᠵᠠᠷᠤᠴᠠᠭᠤᠯᠬᠤ ᠵᠣᠬᠢᠴᠠᠭᠤᠯᠤᠯᠲᠠ ᠢᠢ ᠬᠢᠬᠦ ᠦᠨᠳᠦᠰᠦᠨ ᠡᠭᠦᠷᠭᠡ ᠲᠡᠢ ᠶᠤᠮ ᠪᠠᠢᠢᠨ᠎ᠠ᠃
ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠡᠷᠢᠭᠦᠲᠡᠢ ᠲᠥᠯᠥᠭᠡᠯᠡᠭᠴᠢᠳ ᠢ ᠰᠠᠩ ᠤᠨ ᠭᠦᠢᠴᠡᠳᠭᠡᠬᠦ ᠵᠠᠬᠢᠷᠤᠯ ᠱᠠᠬᠮᠠᠷ ᠮᠣᠸᠰᠤᠢᠮᠣᠸ ᠬᠦᠯᠢᠶᠡᠨ ᠠᠪᠴᠤ᠂ ᠦᠢᠯᠡ ᠠᠵᠢᠯᠯᠠᠭ᠎ᠠ ᠢᠢ ᠪᠠᠨ ᠲᠠᠨᠢᠯᠴᠠᠭᠤᠯᠤᠭᠰᠠᠨ ᠶᠤᠮ᠃
ᠨᠣᠶᠠᠨ ᠱᠠᠬᠮᠠᠷ ᠮᠣᠸᠰᠤᠢᠮᠣᠸ ᠤᠨ ᠲᠠᠨᠢᠯᠴᠠᠭᠤᠯᠤᠭᠰᠠᠨ ᠢᠶᠠᠷ ᠰᠠᠩ ᠨᠢ ᠪᠠᠢᠢᠭᠠᠯᠢ ᠢᠢᠨ ᠪᠠᠶᠠᠯᠢᠭ ᠠᠴᠠ ᠣᠯᠤᠭᠰᠠᠨ ᠣᠷᠣᠯᠭ᠎ᠠ ᠢᠢ ᠤᠭ ᠰᠠᠩ ᠳᠤ ᠲᠥᠪᠯᠡᠷᠡᠭᠦᠯᠵᠦ᠂ ᠵᠠᠷᠤᠴᠠᠭᠤᠯᠤᠯᠲᠠ ᠢᠢ ᠢᠯᠡ ᠲᠣᠳᠣ ᠪᠠᠢᠢᠯᠭᠠᠳᠠᠭ ᠪᠠᠢᠢᠨ᠎ᠠ᠃ ᠮᠥᠨ ᠲᠡᠷᠡᠪᠡᠷ 《…ᠮᠣᠩᠭ᠋ᠣᠯ ᠤᠯᠤᠰ ᠠᠰᠤᠷᠤ ᠶᠡᠬᠡ ᠪᠠᠢᠢᠭᠠᠯᠢ ᠢᠢᠨ ᠪᠠᠶᠠᠯᠢᠭ ᠲᠠᠢ ᠤᠴᠢᠷ ᠠᠴᠠ ᠡᠨᠡ ᠲᠥᠷᠥᠯ ᠦᠨ ᠰᠠᠩ ᠪᠠᠢᠢᠭᠤᠯᠬᠤ ᠵᠠᠢᠢᠯᠠᠰᠢ ᠦᠭᠡᠢ ᠱᠠᠭᠠᠷᠳᠠᠯᠭ᠎ᠠ ᠲᠠᠢ…》 ᠬᠡᠮᠡᠨ ᠵᠥᠪᠯᠡᠭᠡᠳ ᠦᠢᠯᠡ ᠠᠵᠢᠯᠯᠠᠭᠠᠨ ᠤ ᠪᠠᠨ ᠲᠤᠷᠰᠢᠯᠭ᠎ᠠ ᠢᠢ ᠬᠤᠪᠢᠶᠠᠯᠴᠠᠬᠤ ᠪᠦᠷᠢᠨ ᠪᠣᠯᠤᠮᠵᠢ ᠲᠠᠢ ᠭᠡᠰᠡᠨ ᠶᠤᠮ᠃
ᠮᠥᠨ ᠲᠤᠰ ᠤᠯᠤᠰ 《ᠵᠠᠭᠤᠨ ᠤ》 ᠭᠡᠵᠦ ᠨᠡᠷᠡᠯᠡᠭᠳᠡᠬᠦ ᠭᠡᠷ᠎ᠡ ᠢᠢ ᠠᠮᠵᠢᠯᠲᠠᠲᠠᠢ ᠬᠢᠭ᠍ᠰᠡᠨ ᠢᠶᠡᠷ ᠪᠠᠢᠢᠭᠠᠯᠢ ᠢᠢᠨ ᠪᠠᠶᠠᠯᠢᠭ ᠣᠯᠪᠤᠷᠢᠯᠠᠭᠴᠢ ᠪᠣᠯᠤᠭᠠᠳ ᠬᠥᠷᠥᠩᠭᠡ ᠣᠷᠣᠭᠤᠯᠤᠭᠴᠢᠳ ᠬᠥᠷᠥᠩᠭᠡ ᠣᠷᠣᠭᠤᠯᠤᠯᠲᠠ ᠪᠠᠨ ᠨᠥᠬᠦᠭ᠍ᠰᠡᠨ ᠦ ᠳᠠᠷᠠᠭ᠎ᠠ ᠴᠡᠪᠡᠷ ᠠᠰᠢᠭ ᠠᠴᠠ 25 ᠬᠤᠪᠢ ᠢᠢᠨ᠂ ᠵᠠᠰᠠᠭ ᠤᠨ ᠭᠠᠵᠠᠷ 75 ᠬᠤᠪᠢ ᠢᠢᠨ ᠣᠷᠣᠯᠭ᠎ᠠ ᠠᠪᠳᠠᠭ ᠲᠣᠭᠲᠠᠯᠴᠠᠭ᠎ᠠ ᠢᠢ ᠪᠦᠷᠢᠳᠦᠭᠦᠯᠵᠡᠢ᠃